ᠴᠢᠬᠤᠯᠠ ᠮᠡᠳᠡᠭᠳᠡᠯ ! 9 ᠰᠠᠷ᠎ᠠ ᠶᠢᠨ 1 ᠤ ᠡᠳᠦᠷ ᠠᠴᠠ ᠡᠬᠢᠯᠡᠨ᠂ ᠤᠷᠠᠳ ᠤᠨ ᠳᠤᠮᠳᠠᠳᠤ ᠬᠤᠰᠢᠭᠤᠨ ᠤ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2024/9/20
    ︽2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠪᠠᠶᠠᠨᠨᠠᠭᠤᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠲᠣᠪᠴᠢᠶ᠎ᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠪᠠᠶᠠᠨᠨᠠᠭᠤᠷ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ︵ᠪᠠᠶᠠᠨᠨᠠᠭᠤᠷ ᠬᠤᠲᠠ ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2024﹈ 14 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ᠂ ᠤᠷᠠᠳ ᠤᠨ ᠳᠤᠮᠳᠠᠳᠤ ᠬᠤᠰᠢᠭᠤ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠵᠢᠩᠬᠢᠨᠢ ᠪᠠᠷ ᠡᠬᠢᠯᠡᠭᠦᠯᠪᠡ᠃    ᠨᠢᠭᠡ᠂ ᠳᠠᠭᠠᠳᠬᠠᠯ ᠳᠤ ᠤᠷᠤᠯᠴᠠᠬᠤ ᠬᠦᠮᠦᠰ    ᠮᠠᠨ ᠤ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠪᠠᠭᠲᠠᠬᠤ ᠦᠭᠡᠢ ᠬᠤᠲᠠ ᠬᠥᠳᠡᠭᠡ ᠶᠢᠨ ᠰᠠᠭᠤᠭᠠᠯᠢ ᠠᠷᠠᠳ᠂ ᠬᠤᠲᠠ ᠪᠠᠯᠭᠠᠰᠤᠨ ᠤ ᠠᠵᠢᠯ ᠦᠭᠡᠢ ᠰᠠᠭᠤᠭᠠᠯᠢ ᠠᠷᠠᠳ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ᠂ ᠡᠯ᠎ᠡ ᠲᠥᠷᠥᠯ ᠤᠨ ᠰᠤᠷᠭᠠᠭᠤᠯᠢ ᠳᠤ ᠪᠠᠶᠢᠭ᠎ᠠ ᠰᠣᠷᠣᠭᠴᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ᠂ ᠨᠢᠷᠠᠢ ᠬᠡᠦᠬᠡᠳ ᠵᠢᠴᠢ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠪᠤᠰᠤᠳ ᠬᠥᠮᠥᠰ ᠢ ᠪᠠᠭᠲᠠᠭᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ᠂ ᠡᠷᠦᠬᠡ ᠠᠮᠠ ᠶᠢᠨ ᠬᠠᠷᠢᠶ᠎ᠠ ᠪᠠᠷ ᠬᠢᠵᠠᠭᠠᠷᠯᠠᠬᠤ ᠦᠭᠡᠢ᠃    ᠬᠤᠶᠠᠷ᠂ ᠰᠦᠢᠳᠬᠡᠯ ᠲᠤᠰᠢᠶᠠᠬᠤ ᠪᠠᠷᠢᠮᠵᠢᠶ᠎ᠠ   2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠥᠮᠥᠨ ᠨᠢᠭᠡᠪᠦᠷᠢ  400 ᠲᠥᠭᠦᠷᠢᠭ ᠪᠤᠯᠤᠨ᠎ᠠ  ᠃ ᠬᠦᠴᠢᠷᠳᠡᠯ ᠲᠠᠢ ᠬᠥᠮᠥᠰ ᠤᠨ ᠳᠠᠭᠠᠳᠬᠠᠯ ᠳᠤ ᠣᠷᠣᠯᠴᠠᠬᠤ ᠰᠦᠢᠳᠬᠡᠯ ᠢ ᠲᠡᠳᠬᠦᠨ ᠲᠤᠰᠠᠯᠠᠬᠤ ᠪᠠᠷᠢᠮᠵᠢᠶ᠎ᠠ ᠄ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ  ᠤᠨ ᠲᠤᠰᠢᠶᠠᠬᠤ ᠰᠦᠢᠳᠭᠡᠯ ᠢ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠪᠠᠷ ᠪᠥᠬᠦ ᠲᠤᠭ᠎ᠠ ᠪᠠᠷ ᠨᠢ ᠲᠤᠰᠠᠯᠠᠨ᠎ᠠ︔ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠦᠬᠦᠪᠦᠷᠢ ᠬᠦᠷᠳᠡᠵᠤ ᠪᠠᠶᠢᠭ᠎ᠠ   ᠪᠠᠶᠢᠭ᠎ᠠ ᠬᠦᠮᠦᠰ᠂ ᠳᠠᠬᠢᠨ ᠶᠠᠳᠠᠭᠤᠷᠠᠭᠰᠠᠨ ᠬᠥᠮᠥᠰ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠰᠠᠨ ᠳᠠᠬᠢᠨ ᠶᠠᠳᠠᠭᠤᠷᠠᠬᠤ ᠪᠤᠯᠤᠮᠵᠢᠳᠠᠢ ᠬᠥᠮᠥᠰ  ᠤᠨ ᠲᠤᠰᠢᠶᠠᠬᠤ ᠰᠦᠢᠳᠭᠡᠯ ᠢ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 50% ᠪᠠᠷ ᠪᠡᠯᠡ ᠮᠥᠩᠭᠦ ᠶᠢᠨ ᠲᠤᠰᠠᠯᠠᠮᠵᠢ ᠣᠯᠭᠤᠨ᠎ᠠ᠃ ᠲᠡᠭᠡᠷ᠎ᠡ ᠲᠤᠷᠠᠳᠤᠭᠰᠠᠨ ᠣᠯᠠᠨ ᠵᠦᠢᠯ ᠤᠨ ᠰᠢᠨᠵᠢ ᠴᠢᠨᠠᠷ ᠲᠠᠪᠬᠤᠴᠠᠭᠰᠠᠨ  ᠬᠦᠴᠢᠷᠳᠡᠯᠲᠡᠢ ᠣᠯᠠᠨ ᠲᠦᠮᠡᠨ ᠳᠤ᠂ ᠥᠨᠳᠥᠷ ᠪᠠᠶᠢᠯᠭᠠᠬᠤ ᠠᠴᠠ ᠪᠢᠰᠢ ᠳᠣᠣᠷ᠎ᠠ ᠪᠠᠶᠢᠯᠭᠠᠬᠤ ᠦᠭᠡᠢ ᠪᠠᠶᠢᠬᠤ ᠵᠠᠷᠴᠢᠮ ᠶᠣᠰᠣᠭᠠᠷ ᠬᠦᠷᠳᠡᠪᠡᠰᠤ ᠵᠤᠬᠢᠬᠤ ᠲᠤᠰᠠᠯᠠᠮᠵᠢ ᠶᠢᠨ ᠲᠤᠳᠤᠷᠠᠬᠢ ᠦᠨᠳᠦᠷ ᠪᠠᠷᠢᠮᠵᠢᠶ᠎ᠠ ᠪᠠᠷ ᠨᠢ ᠲᠤᠰᠠᠯᠠᠬᠤ ᠲᠥᠷᠥ ᠶᠢᠨ ᠪᠣᠳᠣᠯᠭ᠎ᠠ ᠶᠢ ᠡᠳ᠋ᠯᠡᠭᠦᠯᠦᠨ᠎ᠡ  ᠂ ᠵᠣᠭᠤᠰ ᠢᠶᠠᠷ ᠲᠤᠰᠠᠯᠠᠬᠤ ᠶᠢ ᠳᠠᠪᠬᠤᠷᠳᠠᠭᠤᠯᠤᠨ ᠡᠳ᠋ᠯᠡᠬᠦᠯᠬᠦ ᠦᠭᠡᠢ᠃    ᠭᠤᠷᠪᠠ᠂ ᠰᠦᠢᠳᠬᠡᠯ ᠲᠤᠰᠢᠶᠠᠬᠤ ᠬᠤᠭᠤᠴᠠᠭ᠎ᠠ ᠵᠢᠴᠢ ᠣᠯᠭᠤᠮᠵᠢ ᠭᠥᠷᠳᠡᠬᠦ ᠬᠤᠭᠤᠴᠠᠭ᠎ᠠ    2025 ᠣᠨ ᠤ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ᠄ 2024 ᠣᠨ ᠤ 9 ᠰᠠᠷ᠎ᠠ ᠶᠢᠨ 1 ᠤ ᠡᠳᠦᠷ ᠠᠴᠠ 2025 ᠣᠨ ᠤ 2 ᠰᠠᠷ᠎ᠠ ᠶᠢᠨ 28 ᠤ ᠡᠳᠦᠷ ᠪᠣᠯᠲᠠᠯ᠎ᠠ᠃ ᠣᠯᠭᠤᠮᠵᠢ ᠭᠥᠷᠳᠡᠬᠦ ᠬᠤᠭᠤᠴᠠᠭ᠎ᠠ᠄ 2025 ᠣᠨ ᠤ 1 ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ᠃    ᠳᠥᠷᠪᠡ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠷᠭ᠎ᠠ ᠮᠠᠶ᠋ᠢᠭ    ︵ᠨᠢᠭᠡ︶ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ1. ᠸᠢᠴᠠᠲ ᠤᠨ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ︵ 内蒙古税务社保缴费 ︶  ᠵᠢᠵᠢᠭ ᠫᠷᠦᠭᠷᠠᠮ ᠢᠶᠠᠷ ᠳᠠᠮᠵᠢᠭᠤᠯᠤᠨ ᠦᠪᠡᠰᠦᠪᠡᠨ ᠰᠦᠢᠳᠬᠡᠯ ᠲᠤᠰᠢᠶᠠᠨ᠎ᠠ︔2. ᠸᠢᠴᠠᠲ ᠤᠨ ︽ᠬᠤᠲᠠ ᠶᠢᠨ ᠦᠢᠯᠡᠴᠢᠯᠡᠭᠡ︾ (城市服务) ᠶᠢᠨ ᠵᠠᠭᠪᠤᠷ ᠲᠤ ᠣᠷᠣᠵᠤ᠂ ᠬᠡᠷᠡᠭ ᠡᠷᠭᠢᠯᠡᠬᠦ ᠲᠢᠩᠬᠢᠮ ᠤᠨ ︽ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ︵ 内蒙古社保缴费 ︶  ᠪᠠᠷ ᠳᠠᠮᠵᠢᠭᠤᠯᠤᠨ ᠦᠪᠡᠰᠦᠪᠡᠨ ᠰᠦᠢᠳᠬᠡᠯ ᠲᠤᠰᠢᠶᠠᠬᠤ ᠶᠢ ᠪᠡᠶᠡᠯᠡᠭᠦᠯᠦᠨ᠎ᠡ︔3. ︽ ᠮᠦᠩᠭᠡ ᠰᠤᠪᠠᠭ  ︾ (蒙速办) ᠤᠨ ᠭᠠᠷ ᠤᠲᠠᠰᠤᠨ ᠤ ᠬᠡᠷᠡᠭᠯᠡᠭᠴᠢ ᠶᠢᠨ ᠦᠵᠦᠭᠦᠷ ᠲᠠᠬᠢ ︽ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ (社保缴费 )  ᠦᠢᠯᠡᠴᠢᠯᠡᠭᠡ ᠪᠠᠷ ᠳᠠᠮᠵᠢᠭᠤᠯᠤᠨ ᠦᠪᠡᠰᠦᠪᠡᠨ ᠰᠦᠢᠳᠬᠡᠯ ᠲᠤᠰᠢᠶᠠᠨ᠎ᠠ︔4. ︽ᠲᠣᠭᠠᠴᠠᠭ᠎ᠠ ᠡᠷᠳᠡᠨᠢ︾ (支付宝) ᠶᠢᠨ ᠬᠤᠲᠠ ᠶᠢᠨ ᠠᠷᠠᠳ ᠤᠨ ᠲᠥᠪ ᠤᠨ ︽ᠨᠡᠶᠢᠭᠡᠮ ᠤᠨ ᠳᠠᠭᠠᠳᠬᠠᠯ︾(社保 )  ᠳᠤ ᠤᠷᠤᠵᠤ ᠦᠪᠡᠰᠦᠪᠡᠨ ᠰᠦᠢᠳᠭᠡᠯ ᠲᠤᠰᠢᠶᠠᠨ᠎ᠠ᠃ᠰᠦᠯᠵᠢᠶᠡᠨ ᠳᠡᠭᠡᠷ᠎ᠡ ᠰᠦᠢᠳᠬᠡᠯ ᠲᠤᠰᠢᠶᠠᠵᠤ ᠳᠠᠭᠠᠳᠬᠠᠯ ᠳᠤ ᠣᠷᠣᠯᠴᠠᠭᠰᠠᠳ 2 — 3 ᠠᠵᠢᠯᠯᠠᠬᠤ ᠡᠳᠦᠷ ᠤᠨ ᠳᠠᠷᠠᠭ᠎ᠠ ᠸᠢᠴᠠᠲ ᠤᠨ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ︵ 内蒙古税务社保缴费 ︶ ᠵᠢᠵᠢᠭ ᠫᠷᠣᠭ᠍ᠷᠠᠮ ᠢᠶᠠᠷ ᠰᠦᠢᠳᠬᠡᠯ ᠲᠤᠰᠢᠶᠠᠭᠰᠠᠨ ᠡᠯᠧᠺᠲᠷᠣᠨ ᠭᠡᠷᠡᠴᠢ ᠪᠠᠷᠢᠮᠲᠠ ᠶᠢ ᠪᠠᠶᠢᠴᠠᠭᠠᠨ ᠯᠠᠪᠯᠠᠬᠤ ᠪᠤᠶᠤ ᠪᠠᠭᠤᠯᠭᠠᠨ ᠠᠪᠴᠤ ᠪᠣᠯᠣᠨ᠎ᠠ᠃    ︵ᠬᠤᠶᠠᠷ︶ ᠰᠦᠯᠵᠢᠶᠡᠨ ᠠᠴᠠ ᠭᠠᠳᠠᠨ᠎ᠠ ᠰᠦᠢᠳᠬᠡᠯ ᠲᠤᠰᠢᠶᠠᠬᠤ1. ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠣᠶᠢᠷ᠎ᠠ ᠬᠠᠪᠢ  ᠶᠢᠨ  ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ︵ᠨᠡᠶᠢᠭᠡᠮ ᠲᠣᠭᠤᠷᠢᠭ︶ ᠶᠢᠨ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ ᠴᠡᠭ  ︶ ᠪᠤᠶᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠲᠣᠣᠷ ᠴᠡᠭ  ᠲᠤ ᠬᠦᠷᠴᠦ ᠰᠦᠢᠳᠬᠡᠯ ᠲᠤᠰᠢᠶᠠᠵᠤ ᠪᠣᠯᠣᠨ᠎ᠠ᠃2. ᠰᠦᠢᠳᠬᠡᠯ ᠲᠤᠰᠢᠶᠠᠬᠤ ᠬᠤᠶᠠᠷ ᠬᠡᠮᠵᠢᠯᠲᠦ ᠺᠣᠳ᠋ ᠢ ᠰᠢᠷᠪᠢᠬᠦ ᠪᠠᠷ ᠳᠠᠮᠵᠢᠭᠤᠯᠤᠨ᠂ ᠭᠠᠷ ᠤᠲᠠᠰᠤ ᠪᠠᠷ ᠢᠶᠠᠨ ᠳᠠᠭᠠᠳᠬᠠᠯ ᠳᠤ ᠣᠷᠣᠵᠤ ᠰᠦᠢᠳᠬᠡᠯ ᠲᠤᠰᠢᠶᠠᠨ᠎ᠠ᠃3. ᠲᠣᠰ ᠬᠥᠮᠥᠨ ᠤ ᠪᠡᠶ᠎ᠡ ᠶᠢᠨ ᠦᠨᠡᠮᠯᠡᠯ ᠢᠶᠠᠨ ᠠᠪᠴᠤ ᠵᠠᠰᠠᠭ ᠤᠨ ᠶᠠᠪᠤᠳᠠᠯ ᠤᠨ ᠦᠢᠯᠡᠴᠢᠯᠡᠭᠡᠨ  ᠤ  ᠶᠡᠭᠡ ᠲᠢᠩᠬᠢᠮ ᠤᠨ ᠬᠤᠶᠠᠳᠤᠭᠠᠷ ᠳᠠᠪᠬᠤᠷᠯᠢᠭ ᠤᠨ ᠭᠠᠶᠢᠯᠢ ᠶᠢᠨ ᠶᠠᠪᠤᠳᠠᠯ ᠤᠨ ᠴᠤᠩᠬᠤᠪᠴᠢ ᠳᠤ ᠬᠦᠷᠴᠦ ᠠᠵᠢᠯᠳᠠᠨ ᠢᠶᠠᠷ ᠦᠢᠯᠡᠴᠢᠯᠡᠬᠦᠯᠵᠤ ᠰᠦᠢᠳᠬᠡᠯ ᠲᠤᠰᠢᠶᠠᠵᠤ ᠪᠤᠯᠤᠨ᠎ᠠ᠃      ᠤᠷᠠᠳ ᠤᠨ ᠳᠤᠮᠳᠠᠳᠤ ᠬᠤᠰᠢᠭᠤᠨ ᠤ ᠡᠮᠴᠢᠯᠡᠭᠡᠨ  ᠤ ᠪᠠᠲᠤᠯᠠᠭ᠎ᠠ ᠶᠢᠨ ᠲᠣᠪᠴᠢᠶ᠎ᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ ᠄ 0478 — 5917399            0478 — 5915615    ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠤᠷᠠᠳ ᠤᠨ ᠳᠤᠮᠳᠠᠳᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠤᠪᠴᠢᠶ᠎ᠠ ᠶᠢᠨ ᠠᠰᠠᠭᠤᠨ ᠯᠠᠪᠯᠠᠬᠤ ᠤᠲᠠᠰᠤ ᠄    0478 — 2641630     ᠳᠣᠣᠷᠠᠬᠢ ᠵᠢᠷᠤᠭ ᠤᠨ ᠬᠤᠶᠠᠷ ᠬᠡᠮᠵᠢᠯᠲᠦ ᠺᠣᠳ᠋ ᠢ ᠰᠢᠷᠪᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠵᠤ ᠪᠤᠯᠤᠨ᠎ᠠ 
微信图片_20240913102906.png
  
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ