ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ᠂ ᠴᠢᠨᠠᠷ ᠰᠠᠶᠢᠲᠠᠶ ᠬᠥᠭᠵᠢᠯᠲᠡ ᠪᠣᠯ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ ᠭᠡᠵᠦ ᠵᠢᠭᠠᠵᠤ ᠭᠠᠷᠭᠠᠪᠠ᠃ | ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠪᠠᠷ ᠦᠵᠡᠯ ᠰᠠᠨᠠᠭ᠎ᠠ ᠶᠢ ᠬᠦᠲᠦᠯᠦᠨ ᠳᠠᠭᠠᠭᠤᠯᠵᠤ᠂ ᠰᠢᠨ᠎ᠡ ᠶᠢ | ᠡᠭᠦᠳᠦᠨ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠪᠠᠷ ᠰᠢᠪᠳᠤᠯᠤᠯᠳᠠ ᠭᠠᠷᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠳᠤᠮᠳᠠ ᠰᠢᠯᠢᠳᠡᠭ ᠪᠣᠯᠬᠤ ᠪᠠᠷ ᠴᠢᠷᠮᠠᠶᠢᠵᠤ᠂ ᠲᠡᠷᠢᠭᠦᠨ ᠢ ᠲᠡᠮᠡᠴᠡᠨ᠂ ᠦᠷ᠎ᠡ ᠪᠦᠳᠦᠮᠵᠢ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢ ᠠᠳᠬᠤᠨ | ᠬᠥᠭᠵᠢᠯᠲᠡ ᠶᠢ ᠠᠬᠢᠭᠤᠯᠬᠤ ︽ᠦᠢᠯᠡᠳᠦᠯᠭᠡ ᠶᠢᠨ ᠦᠷᠭᠦᠯᠵᠢᠯᠡᠯ︾ ᠪᠠ ︽ᠴᠠᠭ ᠦᠶ᠎ᠡ ᠶᠢᠨ ᠰᠢᠨ᠎ᠡ ᠬᠠᠭᠤᠳᠠᠰᠤ︾ ᠶᠢ ᠴᠢᠷᠮᠠᠶᠢᠨ ᠪᠢᠴᠢᠭᠯᠡᠵᠦ ᠪᠠᠶᠢᠨ᠎ᠠ᠂ | ᠤᠢᠢᠷ᠎ᠠ ᠳᠤ᠂ ᠰᠤᠷᠪᠤᠯᠵᠢᠯᠠᠭᠴᠢ ᠤᠷᠠᠳ ᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠵᠢᠩ ᠰᠢᠶᠠᠩ ᠢ ᠰᠤᠷᠪᠤᠯᠵᠢᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠬᠡᠷᠬᠢᠨ ᠥᠭᠡᠷᠡᠴᠢᠯᠡᠯᠲᠡ ᠶᠢᠨ ᠪᠥᠬᠦ ᠶᠠᠪᠤᠴᠠ᠂ ᠡᠯ᠎ᠡ | ᠲᠠᠯ᠎ᠠ ᠳᠤ ᠲᠤᠭᠤᠰᠢᠯᠠᠭᠤᠯᠤᠭᠰᠠᠨ ᠪᠣᠶ︖ | ᠼᠦᠢ ᠵᠢᠩ ᠰᠢᠶᠠᠩ᠄ ᠨᠠᠮ ᠤᠨ ᠤᠳᠤᠷᠢᠳᠤᠯᠭ᠎ᠠ ᠶᠢ ᠢᠮᠠᠭᠲᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠦᠬᠦ ᠶᠠᠪᠤᠴᠠ ᠳᠤ | ᠲᠤᠭᠤᠰᠢᠯᠠᠭᠤᠯᠵᠤ᠂ ᠥᠭᠡᠷᠡᠴᠢᠯᠡᠯᠲᠡ ᠶᠢᠨ ᠢᠮᠠᠭᠲᠠ ᠵᠥᠪ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨᠬᠦ ᠪᠠᠲᠤᠯᠠᠪᠠ᠃ ᠤᠯᠤᠰ ᠲᠥᠷᠥ ᠪᠠᠷ | ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ︽ᠨᠢᠭᠡᠳᠦᠭᠡᠷ ᠵᠥᠪᠯᠡᠬᠦ ᠰᠡᠳᠦᠪ︾ ᠪᠠ ᠬᠤᠰᠢᠭᠤᠨ ᠤ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠲᠡᠷᠢᠭᠦᠨ ᠴᠢᠬᠤᠯᠠ ᠠᠭᠤᠯᠭ᠎ᠠ ᠳᠤ ᠣᠷᠣᠭᠤᠯᠵᠤ᠂ ᠴᠠᠭ ᠲᠤᠬᠠᠢ ᠳᠤᠨᠢ ᠤᠯᠠᠮᠵᠢᠯᠠᠨ ᠰᠤᠷᠤᠯᠴᠠᠪᠠ᠃ | ᠥᠭᠡᠷᠡᠴᠢᠯᠡᠯᠲᠡ ᠶᠢᠨ ᠪᠢᠴᠢᠭ ᠮᠠᠲ᠋ᠧᠷᠢᠶᠠᠯ ᠢ ᠲᠣᠭᠲᠠᠭᠠᠨ ᠲᠠᠷᠬᠠᠭᠠᠬᠤ᠂ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠳᠡᠭᠡᠨ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠪᠠᠷ ᠦᠨᠳᠦᠰᠦᠨ ᠤᠷᠢᠲᠠᠯ ᠪᠣᠯᠭᠠᠬᠤ ᠶᠢ | ᠢᠮᠠᠭᠲᠠ ᠪᠠᠷᠢᠮᠲᠠᠯᠠᠵᠤ᠂ ᠥᠭᠡᠷᠡᠴᠢᠯᠡᠯᠲᠡ ᠶᠢ ᠠᠬᠢᠭᠤᠯᠬᠤ᠂ ᠥᠭᠡᠷᠡᠴᠢᠯᠡᠯᠲᠡ ᠶᠢ ᠬᠢᠨᠠᠨ ᠬᠠᠷᠭᠤᠭᠤᠯᠬᠤ᠂ ᠥᠭᠡᠷᠡᠴᠢᠯᠡᠯᠲᠡ ᠶᠢ ᠦᠨᠡᠯᠡᠬᠦ ᠳᠤᠮᠳᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠤᠨ ᠲᠣᠭᠤᠷᠢᠨ ᠳᠤ ᠠᠵᠢᠯ ᠢᠶᠠᠨ ᠦᠷᠨᠢᠬᠦᠯᠪᠡ᠃ | ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠰᠤᠳᠤᠯᠤᠨ ᠲᠣᠭᠲᠠᠭᠠᠵᠤ᠂ 292 ᠵᠤᠷᠪᠤᠰ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠤᠨ᠂ ᠠᠵᠢᠯ ᠤᠨ ᠬᠤᠪᠢᠶᠠᠷᠢᠯᠠᠯ ᠤᠨ ᠡᠬᠡ ᠲᠠᠩᠰᠠ ᠶᠢ ᠪᠠᠶᠢᠭᠤᠯᠵᠤ᠂ ᠲᠦᠷᠦᠭᠦᠯᠡᠨ ᠬᠠᠷᠢᠭᠤᠴᠠᠬᠤ ᠰᠢᠶᠠᠨ ᠤ ᠱᠠᠲᠤᠨ ᠤ | ᠤᠳᠤᠷᠢᠳᠤᠯᠭ᠎ᠠ᠂ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠂ ᠬᠠᠮᠵᠢᠯᠴᠠᠬᠤ ᠰᠠᠯᠠᠭ᠎ᠠ ᠮᠥᠴᠢᠷ᠂ ᠪᠡᠶᠡᠯᠡᠭᠦᠯᠬᠦ ᠴᠠᠭ ᠤᠨ ᠬᠢᠵᠠᠭᠠᠷ᠂ ᠦᠷ᠎ᠡ ᠪᠦᠲᠦᠭᠡᠯ ᠤᠨ | ᠬᠡᠯᠪᠡᠷᠢ ᠵᠡᠷᠭᠡ ᠶᠢ ᠲᠤᠳᠤᠳᠬᠠᠵᠤ᠂ ᠬᠠᠷᠢᠭᠤᠴᠠᠯᠭ᠎ᠠ ᠶᠢ ᠵᠦᠢᠯ ᠳᠠᠷᠠᠭᠠᠯᠠᠨ ᠬᠥᠮᠦᠨ ᠳᠤᠨᠢ ᠬᠦᠷᠲᠡᠯ᠎ᠡ ᠪᠣᠳᠠᠲᠠᠶᠢᠵᠢᠭᠤᠯᠤᠨ᠂ ᠰᠠᠯᠠᠭ᠎ᠠ ᠮᠥᠴᠢᠷ ᠲᠤ ᠬᠦᠷᠲᠡᠯ᠎ᠡ | ᠪᠣᠳᠠᠲᠠᠶᠢᠵᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ | ᠭᠦᠨᠵᠡᠭᠡᠶᠢᠷᠡᠬᠦᠯᠦᠨ ᠨᠠᠶᠢᠳᠠᠪᠤᠷᠢᠵᠢᠭᠤᠯᠵᠤ᠂ ᠦᠷ᠎ᠡ ᠪᠦᠳᠦᠮᠵᠢ ᠤᠯᠬᠤ ᠶᠢ ᠠᠬᠢᠭᠤᠯᠪᠠ᠃ ᠴᠢᠨᠠᠷᠯᠢᠭ ᠠᠬᠢᠭᠤᠯᠬᠤ ᠶᠢ ᠪᠠᠷᠢᠮᠲᠠᠯᠠᠨ᠂ ᠬᠤᠰᠢᠭᠤᠨ ᠤ ᠨᠠᠮ ᠤᠨ | ᠬᠤᠷᠢᠶᠠᠨ ᠤ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠲᠦᠷᠦᠭᠦᠯᠡᠨ ᠬᠢᠵᠦ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠨ᠂ ᠬᠤᠰᠢᠭᠤᠨ ᠤ ᠨᠠᠮ ᠤᠨ | ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ᠂ ᠥᠭᠡᠷᠡᠴᠢᠯᠡᠯᠲᠡ ᠶᠢᠨ ᠠᠯᠪᠠᠨ ᠭᠡᠷ᠂ ᠡᠯ᠎ᠡ ᠲᠤᠰᠬᠠᠢ ᠲᠦᠷᠦᠯ ᠤᠨ ᠳᠤᠭᠤᠶᠢᠯᠠᠩ᠂ | ᠲᠦᠷᠦᠭᠦᠯᠡᠨ ᠬᠢᠬᠦ ᠰᠠᠯᠠᠭ᠎ᠠ ᠮᠥᠴᠢᠷ ᠲᠣᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠡ ᠱᠠᠲᠤ ᠨᠢ ᠨᠢᠭᠡ ᠱᠠᠲᠤ ᠪᠠᠨ ᠠᠳᠬᠤᠵᠤ᠂ ᠱᠠᠲᠤ | ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠨ᠂ ︽ᠭᠤᠣᠯᠳᠠᠯᠭ᠎ᠠ + ᠡᠬᠡ ᠳᠠᠩᠰᠠ + ᠲᠤᠰᠢᠶᠠᠨ ᠭᠦᠢᠴᠡᠳᠬᠡᠬᠦᠯᠬᠦ + ᠲᠣᠬᠢᠷᠠᠭᠤᠯᠤᠯᠲᠠ ᠬᠢᠬᠦ + | ᠱᠠᠭᠠᠷᠳᠠᠨ ᠪᠠᠶᠢᠴᠠᠭᠠᠬᠤ + ᠮᠥᠷᠳᠡᠨ ᠪᠠᠶᠢᠴᠠᠭᠠᠬᠤ︾ ᠪᠦᠬᠦ ᠶᠠᠪᠤᠴᠠ ᠶᠢᠨ ᠪᠢᠲᠡᠭᠦᠮᠵᠢᠯᠡᠭᠰᠡᠨ ᠲᠣᠭᠲᠠᠴᠠ ᠶᠢ ᠪᠠᠶᠢᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢ | ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠬᠤ ᠶᠢ ᠠᠬᠢᠭᠤᠯᠪᠠ᠃ | ᠥᠪᠥᠷ ᠮᠣᠩᠭᠤᠯ ᠤᠨ ᠡᠳᠦᠷ ᠤᠨ ᠰᠣᠨᠢᠨ ᠄ ᠥᠭᠡᠷᠡᠴᠢᠯᠡᠯᠲᠡ ᠪᠠᠷ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ᠂ ᠰᠢᠨ᠎ᠡ ᠬᠥᠳᠡᠯᠭᠡᠬᠦ | ᠡᠨᠧᠷᠭᠢ ᠶᠢ ᠬᠥᠭᠵᠢᠭᠡᠬᠦ ᠶᠢ ᠬᠡᠷᠬᠢᠨ ᠪᠠᠷᠢᠮᠲᠠᠯᠠᠬᠰᠠᠨ ᠪᠣᠶ︖ | ᠼᠦᠢ ᠵᠢᠩ ᠰᠢᠶᠠᠩ᠄ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠨᠠᠷᠢᠯᠢᠭ | ᠨᠠᠶᠢᠳᠠᠪᠤᠷᠢᠵᠢᠭᠤᠯᠵᠤ᠂ ᠡᠨᠧᠷᠭᠢ ᠶᠢᠨ ᠠᠵᠤ ᠠᠬᠤᠶ᠂ ᠬᠢᠯᠢ ᠶᠢᠨ ᠪᠣᠭᠤᠮᠲᠠ ᠶᠢᠨ ᠠᠵᠤ ᠠᠬᠤᠶ ᠪᠠ ᠵᠠᠩᠬᠢᠯᠠᠭ᠎ᠠ ᠶᠢᠨ ᠠᠵᠤ ᠠᠬᠤᠶ ᠶᠢᠨ ︽ᠭᠤᠷᠪᠠᠨ ᠶᠡᠭᠡ ᠪᠠᠶᠢᠷᠢ | ᠲᠣᠭᠲᠠᠭᠠᠯᠲᠠ︾ ᠳᠤ ᠰᠠᠭᠤᠷᠢᠯᠠᠨ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠡᠨᠧᠷᠭᠢ ᠶᠢ ᠠᠰᠢᠭᠯᠠᠬᠤ ᠪᠠ ᠪᠣᠳᠠᠲᠤ ᠴᠣᠭᠴᠠ ᠶᠢᠨ ᠠᠵᠤ ᠠᠬᠤᠶ ᠶᠢ | ᠪᠤᠶᠢᠵᠢᠭᠤᠯᠬᠤ ︽ᠭᠤᠷᠪᠠᠨ ᠲᠦᠷᠦᠯ ᠤᠨ ᠠᠵᠢᠯ︾ ᠢ ᠬᠦᠢᠴᠡᠳ ᠬᠢᠵᠦ᠂ ︽ᠠᠵᠤ ᠦᠢᠯᠡᠰ ᠤᠨ ᠲᠥᠯᠥᠪᠵᠢᠭᠦᠯᠭᠡ᠂ ᠣᠷᠣᠨ ᠪᠦᠰᠡ ᠶᠢᠨ ᠪᠠᠶᠢᠷᠢᠯᠠᠭᠤᠯᠤᠯᠲᠠ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ︾ ᠬᠤᠰᠢᠭᠤᠨ ᠤ ᠠᠵᠤ ᠠᠬᠤᠶ ᠶᠢᠨ ᠶᠡᠷᠦᠩᠬᠡᠶ ᠰᠡᠳᠬᠢᠴᠡ ᠶᠢ | ᠲᠥᠯᠥᠪᠵᠢᠭᠦᠯᠦᠨ ᠲᠣᠭᠲᠠᠭᠠᠵᠤ᠂ ᠬᠢᠯᠢ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ︽ | ᠲᠠᠪᠤᠨ ᠶᠡᠭᠡ ᠪᠥᠲᠥᠭᠡᠨ ᠪᠠᠶᠢᠭᠤᠯᠤᠯᠲᠠ︾ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ | ᠵᠤᠵᠠᠭᠠᠳᠬᠠᠪᠠ᠃ ᠤᠯᠤᠰ ᠤᠨ ᠲᠠᠷᠢᠶᠠᠯᠠᠩ ᠮᠠᠯᠠᠵᠤ ᠠᠬᠤᠶ ᠶᠢᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠪᠠᠯᠭᠠᠰᠤ ᠨᠢᠭᠡ ᠨᠠᠷᠠᠲᠤ ᠲᠦᠷᠦᠯ ᠲᠡᠮᠳᠡᠭᠲᠦ︾ ᠪᠠᠷ ᠶᠡᠷᠦᠩᠬᠡᠶ ᠤᠳᠤᠷᠢᠳᠤᠮᠵᠢ ᠪᠣᠯᠭᠠᠵᠤ᠂ ︽ᠪᠣᠯᠪᠠᠰᠤᠷᠠᠭᠤᠯᠬᠤ︾ | ᠪᠠ ︽ᠨᠠᠷᠠᠲᠤ ᠲᠦᠷᠦᠯ ᠲᠡᠮᠳᠡᠭᠲᠦ︾ ᠪᠠᠷ ᠭᠤᠤᠯ ᠪᠣᠯᠭᠠᠭᠰᠠᠨ ᠪᠥᠬᠦ ᠠᠵᠤ ᠦᠢᠯᠡᠰ ᠤᠨ ᠭᠡᠯᠭᠢᠶᠡᠵᠢᠯ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠪᠠ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠢ ᠲᠠᠩ ᠤᠯᠠᠭᠠᠨ ᠯᠠᠵᠤᠤ ᠶᠢᠨ ᠪᠥᠬᠦ ᠠᠵᠤ ᠦᠢᠯᠡᠰ ᠤᠨ ᠭᠡᠯᠭᠢᠶᠡᠵᠢᠯ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ᠂ ᠴᠦᠨ ᠶᠢᠨ ᠲᠠᠷᠢᠶᠠᠯᠠᠩ ᠤᠨ ᠢᠳᠡᠰᠢᠨ ᠮᠥᠭᠦ ᠶᠢᠨ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠬᠦᠷᠢᠶᠡᠯᠡᠩ | ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ︽ᠤᠷᠠᠳ ᠨᠤᠳᠤᠭ ᠤᠨ ᠠᠮᠳᠠᠳᠤ ᠢᠳᠡᠭᠡᠨ︾ ᠣᠯᠠᠨ ᠤᠯᠤᠰ ᠤᠨ ᠢᠳᠡᠭᠡᠨ ᠤ ᠠᠵᠤ | ᠦᠢᠯᠡᠰ ᠤᠨ ᠬᠦᠷᠢᠶᠡᠯᠡᠩ᠂ ᠮᠦᠶᠠᠩᠬᠠᠢ ᠶᠢᠨ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠯᠪᠠᠰᠤᠷᠠᠭᠤᠯᠤᠯᠳᠠ ᠶᠢᠨ ᠠᠵᠤ ᠦᠢᠯᠡᠰ ᠤᠨ | ᠬᠦᠷᠢᠶᠡᠯᠡᠩ ᠵᠡᠷᠭᠡ ᠲᠥᠷᠥᠯ ᠵᠦᠢᠯ ᠢ ᠡᠬᠢᠯᠡᠨ ᠪᠠᠶᠢᠭᠤᠯᠵᠤ᠂ ᠬᠤᠶᠠᠷ ᠪᠤᠭᠳᠠ ᠶᠢᠨ ᠠᠭᠤᠯᠠ ᠶᠢᠨ ᠴᠠᠭᠠᠨ ᠨᠣᠯᠤᠤᠷ ᠤᠨ ᠢᠮᠠᠭᠠᠨ ᠤ ᠠᠵᠤ ᠦᠢᠯᠡᠰ ᠤᠨ | ᠪᠦᠯᠦᠭᠵᠢᠯ ᠨᠢ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠵᠢᠯ ᠤᠨ ᠪᠥᠲᠥᠭᠡᠨ ᠪᠠᠶᠢᠭᠤᠯᠤᠯᠲᠠ ᠶᠢᠨ ᠨᠡᠷᠡᠰ ᠲᠤ ᠵᠢᠭᠰᠠᠭᠠᠭᠳᠠᠵᠤ᠂ | ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠬᠤᠰᠢᠭᠤ ᠰᠢᠶᠠᠨ ᠢ ᠠᠮᠵᠢᠯᠲᠠᠲᠠᠶ ᠡᠭᠦᠳᠦᠨ ᠪᠠᠶᠢᠭᠤᠯᠪᠠ᠃ ᠤᠯᠤᠰ ᠤᠨ | ᠴᠢᠬᠤᠯᠠ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠪᠣᠯᠪᠠᠰᠤᠷᠠᠭᠤᠯᠬᠤ︾ ᠪᠠ ︽ᠦᠢᠯᠡᠳᠬᠦ︾ ᠪᠠᠷ ᠭᠤᠤᠯ ᠭᠤᠭᠴᠤᠭ᠎ᠠ ᠪᠣᠯᠭᠠᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠴᠠᠬᠢᠭᠤᠷᠲᠤ ᠰᠢᠨ᠎ᠡ ᠮᠠᠲ᠋ᠧᠷᠢᠶᠠᠯ᠂ | ᠯᠢᠲ᠋ᠢ ᠴᠠᠬᠢᠯᠭᠠᠨ ᠤ ᠰᠢᠨ᠎ᠡ ᠮᠠᠲ᠋ᠧᠷᠢᠶᠠᠯ᠂ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ᠂ ᠪᠠᠯ ᠴᠢᠯᠠᠭᠤᠨ ᠤ ᠰᠢᠨ᠎ᠡ ᠮᠠᠲ᠋ᠧᠷᠢᠶᠠᠯ᠂ ᠲᠡᠮᠦᠷᠯᠢᠭ | ᠬᠠᠶᠢᠯᠤᠭᠤᠯᠬᠤ ᠰᠢᠨ᠎ᠡ ᠮᠠᠲ᠋ᠧᠷᠢᠶᠠᠯ᠂ ᠪᠣᠬᠢᠷᠲᠤᠯ ᠥᠬᠡᠶ ᠴᠢᠯᠠᠭᠤᠨ ᠮᠠᠲ᠋ᠧᠷᠢᠶᠠᠯ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠡᠨᠧᠷᠭᠢ | ᠬᠠᠳᠠᠭᠠᠯᠠᠬᠤ᠂ ᠲᠣᠭᠠᠴᠢᠯᠠᠭᠰᠠᠨ ᠠᠵᠤ ᠠᠬᠤᠶ ᠶᠢᠨ ︽ᠠᠷᠪᠠᠨ ᠶᠡᠭᠡ ᠠᠵᠤ ᠦᠢᠯᠡᠰ ᠤᠨ ᠭᠡᠯᠭᠢᠶᠡᠵᠢᠯ︾ ᠢ ᠲᠦᠷᠭᠡᠳᠭᠡᠨ ᠪᠠᠶᠢᠭᠤᠯᠵᠤ᠂ ︽ᠨᠢᠭᠡ ᠲᠣᠭᠤᠷᠢᠭ | ᠬᠤᠶᠠᠷ ᠬᠦᠷᠢᠶᠡᠯᠡᠩ︾ ᠢ ᠲᠥᠯᠥᠪᠵᠢᠭᠦᠯᠦᠨ ᠪᠠᠶᠢᠭᠤᠯᠵᠤ᠂ ᠸᠠᠨ ᠰᠢᠩ ᠴᠠᠬᠢᠭᠤᠷᠲᠤ ᠠᠵᠤ ᠦᠢᠯᠡᠳᠪᠦᠷᠢ ᠶᠢᠨ ᠲᠡᠷᠢᠭᠦᠨ ᠤ ᠮᠠᠲ᠋ᠧᠷᠢᠶᠠᠯ ᠤᠨ ᠠᠵᠤ ᠦᠢᠯᠡᠰ ᠤᠨ | ᠬᠦᠷᠢᠶᠡᠯᠡᠩ᠂ ᠶᠢᠨ ᠹᠧᠩ ᠤᠨ 12 ᠲᠦᠮᠡᠨ ᠲᠣᠨ ᠰᠤᠪᠤᠷᠭ᠎ᠠ ᠶᠢᠨ ᠲᠦᠩᠰᠡ᠂ ᠶᠤᠸᠠᠨ ᠵᠢᠩ ᠤᠨ 10 ᠲᠦᠮᠡᠨ ᠺᠢᠯᠤᠸᠠᠲ ᠤᠨ ᠡᠨᠧᠷᠭᠢ ᠬᠠᠳᠠᠭᠠᠯᠠᠬᠤ | ᠴᠠᠬᠢᠯᠭᠠᠨ ᠥᠷᠲᠡᠭᠡ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠪᠠᠶᠢᠭᠤᠯᠵᠤ᠂ ᠤᠯᠤᠰ ᠤᠨ ᠡᠨᠧᠷᠭᠢ ᠶᠢᠨ ᠱᠠᠩᠬᠠᠶ ᠶᠤᠸᠠᠨ ᠬᠤᠸᠠᠩ ᠤᠨ 50 ᠲᠦᠮᠡᠨ ᠲᠣᠨ ᠤ | ᠪᠣᠬᠢᠷᠲᠤᠯ ᠥᠬᠡᠶ ᠮᠧᠲ᠋ᠢᠯ ᠠᠯᠺᠣᠣᠯ᠂ ᠫᠧᠩ ᠱᠧᠩ ᠤᠨ 14 ᠲᠦᠮᠡᠨ ᠲᠣᠨ ᠠᠵᠤ ᠦᠢᠯᠡᠳᠪᠦᠷᠢ ᠶᠢᠨ ᠴᠠᠬᠢᠭᠤᠷ᠂ ᠮᠧᠩ ᠨᠧᠩ ᠤᠨ 150 ᠲᠦᠮᠡᠨ | ᠺᠢᠯᠤᠸᠠᠲ ᠤᠨ ᠰᠠᠯᠬᠢᠨ ᠨᠥᠭᠡᠴᠡ ᠶᠢᠨ ᠰᠠᠭᠤᠷᠢᠨ ᠭᠠᠵᠠᠷ ᠪᠠ 50 ᠲᠦᠮᠡᠨ ᠺᠢᠯᠤᠸᠠᠲ ᠤᠨ ᠠᠮᠢᠳᠤᠯᠢᠭ ᠴᠢᠨᠠᠷ ᠪᠦᠬᠦᠢ ᠪᠣᠬᠢᠷᠲᠤᠯ ᠦᠭᠡᠢ ᠴᠠᠬᠢᠯᠭᠠᠨ ᠬᠠᠩᠭᠠᠬᠤ | ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠶᠢᠨ ᠴᠢᠤᠸᠠᠨ ᠠᠵᠤ ᠦᠢᠯᠡᠰ ᠤᠨ ᠬᠦᠷᠢᠶᠡᠯᠡᠩ ᠨᠢ ᠤᠯᠤᠰ ᠤᠨ | ᠪᠣᠬᠢᠷᠲᠤᠯ ᠦᠭᠡᠢ ᠬᠦᠷᠢᠶᠡᠯᠡᠩ ᠲᠣᠭᠤᠷᠢᠭ ᠪᠠ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠤᠰᠤ ᠠᠷᠪᠢᠯᠠᠬᠤ | ᠬᠡᠯᠪᠡᠷᠢ ᠶᠢᠨ ᠬᠦᠷᠢᠶᠡᠯᠡᠩ ᠲᠣᠭᠤᠷᠢᠭ ᠢᠶᠠᠷ ᠠᠮᠵᠢᠯᠲᠠ ᠲᠠᠢ ᠵᠥᠪᠰᠢᠶᠡᠷᠡᠭᠳᠡᠪᠡ᠃ ᠤᠯᠤᠰ ᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ | ᠵᠢᠱᠢᠶ᠎ᠡ ᠦᠵᠡᠭᠦᠯᠬᠦ ᠣᠷᠣᠨ ᠵᠢᠴᠢ ᠤᠯᠤᠰ ᠤᠨ ᠲᠡᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ᠂ ᠰᠤᠳᠤᠯᠤᠨ | ᠰᠤᠷᠤᠯᠴᠠᠬᠤ ᠵᠢᠭᠤᠯᠴᠢᠯᠠᠯ᠂ ᠬᠤᠸᠠᠷᠠᠨ ᠤ ᠠᠵᠤ ᠦᠢᠯᠡᠰ︾ ᠢᠶᠠᠷ ᠭᠠᠷᠳᠠᠴᠠ ᠪᠣᠯᠭᠠᠨ᠂ ᠴᠤᠩᠵᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ | ᠬᠥᠮᠦᠵᠢᠯ ᠤᠨ ᠦᠢᠯᠡᠳᠦᠯᠭᠡ ᠪᠣᠯᠪᠠᠰᠤᠷᠠᠯ ᠤᠨ ᠰᠠᠭᠤᠷᠢᠨ ᠭᠠᠵᠠᠷ᠂ ᠮᠦᠶᠠᠩᠬᠠᠢ ᠪᠢᠩᠲ᠋ᠤᠸᠠᠨ ᠤ ᠰᠣᠶᠣᠯ ᠤᠨ ᠬᠦᠷᠢᠶᠡᠯᠡᠩ ᠵᠡᠷᠭᠡ ᠲᠥᠷᠥᠯ ᠵᠦᠢᠯ ᠢ ᠪᠠᠶᠢᠭᠤᠯᠤᠨ᠂ | ᠬᠠᠯᠢᠭᠤᠲᠤ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠪᠡᠶᠡᠴᠢᠯᠡᠨ ᠣᠶᠢᠯᠠᠭᠠᠬᠤ ᠬᠦᠷᠢᠶᠡᠯᠡᠩ᠂ ᠮᠣᠷᠢᠲᠤ ᠴᠡᠷᠢᠭ ᠤᠨ ᠪᠠᠲᠯᠢᠶᠤᠨ ᠤ | ᠴᠡᠷᠢᠭ ᠤᠨ ᠶᠠᠪᠤᠳᠠᠯ ᠤᠨ ᠰᠣᠶᠣᠯ ᠢ ᠥᠷᠭᠡᠳᠬᠡᠨ ᠪᠡᠶᠡᠴᠢᠯᠡᠨ ᠣᠶᠢᠯᠠᠭᠠᠬᠤ ᠬᠦᠷᠢᠶᠡᠯᠡᠩ ᠵᠡᠷᠭᠡ ᠲᠥᠷᠥᠯ ᠵᠦᠢᠯ ᠢ ᠡᠬᠢᠯᠡᠨ ᠪᠠᠶᠢᠭᠤᠯᠵᠤ᠂ ᠴᠤᠩᠵᠢ ᠰᠤᠮᠤᠨ ᠤ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠦᠢᠯᠡᠳᠦᠯᠭᠡ ᠪᠣᠯᠪᠠᠰᠤᠷᠠᠯ ᠤᠨ ᠰᠠᠭᠤᠷᠢᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠢᠯᠡᠳᠦᠯᠭᠡ ᠬᠥᠮᠦᠵᠢᠯ ᠤᠨ ᠰᠠᠭᠤᠷᠢᠨ ᠭᠠᠵᠠᠷ ᠪᠠ ᠥᠪᠡᠷᠲᠡᠭᠡᠨ | ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠰᠠᠭᠤᠷᠢᠨ ᠭᠠᠵᠠᠷ ᠢᠶᠠᠷ ᠦᠨᠡᠯᠡᠭᠳᠡᠵᠦ᠂ | ᠤᠷᠠᠳ ᠤᠨ ᠳᠤᠮᠳᠠᠳᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠢ | ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠢᠶᠠᠷ ᠵᠥᠪᠰᠢᠶᠡᠷᠡᠭᠳᠡᠪᠡ᠃ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠴᠢᠯᠦᠭᠡᠳᠡᠢ | ᠶᠠᠪᠤᠯᠴᠠᠬᠤ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠣᠯᠪᠠᠰᠤᠷᠠᠭᠤᠯᠬᠤ︾ ᠪᠠ ︽ᠠᠷᠠᠯᠵᠢᠶ᠎ᠠ︾ ᠪᠠᠷ ᠭᠤᠤᠯ | ᠭᠤᠭᠴᠤᠭ᠎ᠠ ᠪᠣᠯᠭᠠᠵᠤ᠂ ᠭᠠᠭᠴᠠᠮᠤᠳᠤ ᠬᠢᠯᠢ ᠶᠢᠨ ᠪᠣᠭᠤᠮᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠭᠠᠭᠴᠠᠮᠤᠳᠤ ᠪᠠᠯᠭᠠᠰᠤᠨ ᠤ ᠤᠯᠤᠰ ᠤᠨ | ᠡᠳ᠋ᠰᠢᠭᠦᠯᠵᠤ ᠪᠣᠯᠪᠠᠰᠤᠷᠠᠭᠤᠯᠬᠤ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ᠂ ᠳᠤᠮᠳᠠᠳᠤ ᠮᠣᠩᠭᠤᠯ ᠤᠨ ᠠᠵᠤ ᠠᠬᠤᠶ ᠠᠷᠠᠯᠵᠢᠶᠠᠨ ᠤ ᠰᠢᠨ᠎ᠡ ᠶᠢ ᠡᠭᠦᠳᠦᠨ | ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠤᠭᠤᠷᠢᠭ᠂ ᠡᠭᠡ | ᠬᠠᠭᠤᠷᠠᠶ ᠳᠡᠭᠡᠷᠡᠬᠢ ᠬᠢᠯᠢ ᠶᠢᠨ ᠪᠣᠭᠤᠮᠲᠠ ᠶᠢᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠤ ᠵᠡᠷᠭᠡ ᠬᠢᠯᠢ ᠳᠠᠭᠠᠤ ᠶᠢᠨ 5 ᠠᠵᠤ ᠦᠢᠯᠡᠰ ᠤᠨ | ᠬᠦᠷᠢᠶᠡᠯᠡᠩ ᠢ ᠪᠠᠶᠢᠷᠢᠰᠢᠭᠤᠯᠤᠨ ᠪᠥᠲᠥᠭᠡᠨ ᠪᠠᠶᠢᠭᠤᠯᠵᠤ᠂ ᠬᠠᠯᠢᠭᠤᠳᠤ ᠶᠢᠨ ᠣᠲᠣ ᠦᠶ᠎ᠡ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ | ᠤᠶᠤᠨᠲᠤ ᠬᠢᠯᠢ ᠶᠢᠨ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠤᠪᠢᠶᠠᠷᠢᠯᠠᠨ ᠰᠠᠯᠭᠠᠵᠤ ᠳᠣᠭᠢᠷᠠᠭᠤᠯᠬᠤ ᠲᠥᠪ ︵ᠨᠢᠭᠡᠳᠦᠭᠡᠷ ᠬᠤᠭᠤᠴᠠᠭ᠎ᠠ︶ ᠵᠡᠷᠭᠡ | ᠭᠤᠤᠯᠳᠠᠯᠭ᠎ᠠ ᠲᠠᠢ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠬᠢᠯᠢ ᠶᠢᠨ ᠪᠣᠭᠤᠮᠲᠠ ᠪᠠᠷ ᠳᠠᠶᠢᠴᠢᠯᠠᠬᠤ᠂ ᠲᠤᠳᠤᠷ ᠭᠠᠵᠠᠷ ᠢᠶᠠᠷ | ᠲᠤᠯᠭᠠᠭᠤᠷᠢᠯᠠᠬᠤ᠂ ᠬᠢᠯᠢ ᠶᠢᠨ ᠪᠤᠭᠤᠮᠳᠠ ᠲᠤᠳᠤᠷ ᠭᠠᠵᠠᠷ ᠬᠠᠷᠢᠯᠴᠠᠨ ᠦᠢᠯᠡᠳᠦᠯᠴᠡᠬᠦ ᠬᠥᠭᠵᠢᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠠᠶᠢᠭᠤᠯᠪᠠ᠃ | ᠪᠥᠬᠦ ᠤᠯᠤᠰ ᠤᠨ ᠰᠢᠶᠠᠨ ᠤ ᠱᠠᠳᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠲᠠ ᠶᠢᠨ ᠰᠢᠨᠡᠴᠢᠯᠡᠯᠳᠡ︾ | ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠲᠥᠪ ᠤᠨ ᠣᠶᠤᠨ ᠤ ᠪᠣᠯᠪᠠᠰᠤᠨ ᠤ ᠠᠯᠪᠠᠨ ᠬᠡᠷ ᠤᠨ ᠡᠯ᠎ᠡ ᠵᠦᠢᠯ ᠤᠨ ᠦᠨᠡᠯᠡᠨ ᠵᠢᠱᠢᠵᠦ ᠰᠢᠯᠭᠠᠨ ᠠᠪᠬᠤ | ᠠᠵᠢᠯ ᠳᠤ ᠤᠷᠤᠭᠰᠢᠲᠠᠶ ᠪᠠᠲᠤᠯᠠᠭᠳᠠᠪᠠ᠃ 36 ᠬᠠᠭᠤᠴᠢᠨ ᠬᠤᠷᠢᠶᠠᠯᠠᠯ᠂ 31 ᠵᠡᠭᠡᠯᠢ ᠭᠤᠳᠤᠮᠵᠢ ᠶᠢᠨ ᠢᠵᠢ ᠪᠦᠷᠢᠨ ᠪᠤᠰᠤ ᠣᠷᠣᠨ ᠰᠠᠭᠤᠴᠠ ᠶᠢ | ᠥᠭᠡᠷᠡᠴᠢᠯᠡᠨ ᠰᠢᠨᠡᠳᠭᠡᠵᠤ᠂ 2 ᠲᠦᠮᠡ ᠭᠠᠷᠤᠢ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ 29 ᠵᠤᠷᠪᠤᠰ ᠵᠢᠵᠢᠭ ᠵᠡᠭᠡᠯᠢ ᠭᠤᠳᠤᠮᠵᠢ ᠶᠢ ᠴᠡᠭᠴᠡᠯᠡᠨ ᠵᠠᠰᠠᠵᠤ᠂ | 16.9 ᠺᠢᠯᠣᠮᠧᠲᠷ ᠤᠨ ᠭᠤᠣᠯ ᠵᠠᠮ ᠪᠠ ᠳᠡᠳ᠋ ᠵᠠᠮ ᠢ ᠥᠷᠭᠡᠳᠬᠡᠨ ᠵᠠᠰᠠᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠳᠥᠭᠦᠮ ᠪᠣᠯᠭᠠᠪᠠ᠃ ︽ᠬᠠᠶᠢᠷ᠎ᠠ | ᠬᠠᠯᠠᠮᠵᠢ ᠶᠢᠨ ᠢᠨᠵᠧᠨᠧᠷᠢᠩ︾ ᠢ ᠬᠡᠷᠡᠭᠵᠢᠭᠦᠯᠦᠨ᠂ ᠢᠯᠴᠢ ᠬᠠᠩᠭᠠᠬᠤ ᠴᠢᠳᠠᠪᠤᠷᠢ ᠶᠢ 130 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ | ᠣᠯᠠᠨ ᠲᠦᠮᠡᠨ ᠤ ᠰᠡᠳᠬᠢᠯ ᠢ ᠳᠤᠯᠠᠭᠠᠴᠠᠭᠤᠯᠤᠨ ᠬᠠᠯᠠᠭᠤᠨ ᠲᠤᠯᠠᠭᠠᠨ ᠡᠪᠦᠯᠵᠢᠭᠦᠯᠬᠦ ᠶᠢ ᠪᠡᠶᠡᠯᠡᠬᠦᠯᠪᠡ᠃ ᠬᠠᠯᠢᠭᠤᠲᠤ ᠪᠠᠯᠭᠠᠰᠤ ᠶᠢᠨ ᠡᠮᠦᠨ᠎ᠡ ᠳᠡᠭᠦᠷᠭᠡ ᠶᠢᠨ | ᠨᠤᠭᠤ ᠭᠠᠵᠠᠷ ᠤᠨ ᠴᠡᠴᠡᠷᠯᠢᠭ ᠪᠠ ᠪᠠᠷᠠᠭᠤᠨ ᠳᠡᠭᠦᠷᠭᠡ ᠶᠢᠨ ᠬᠤᠲᠠ ᠶᠢᠨ ᠳᠤᠮᠳᠠᠬᠢ ᠲᠠᠯ᠎ᠠ ᠨᠤᠲᠤᠭ ᠢ ᠡᠬᠢᠯᠡᠨ ᠪᠠᠶᠢᠭᠤᠯᠵᠤ᠂ 12.45 ᠲᠦᠮᠡᠨ ᠲᠡᠭᠰᠢ | ᠳᠥᠷᠪᠡᠯᠵᠢᠨ ᠮᠧᠲᠷ ᠭᠠᠵᠠᠷ ᠢ ᠨᠣᠭᠤᠭᠠᠷᠠᠭᠤᠯᠤᠨ ᠥᠷᠭᠡᠳᠬᠡᠨ ᠪᠠᠶᠢᠭᠤᠯᠵᠤ᠂ ᠨᠠᠮᠤᠷ ᠡᠪᠦᠯ ᠤᠨ ᠣᠶᠢᠵᠢᠭᠤᠯᠤᠯᠲᠠ ᠶᠢ 7.2 ᠲᠦᠮᠡᠨ ᠲᠡᠭᠰᠢ ᠳᠥᠷᠪᠡᠯᠵᠢᠨ | ᠮᠧᠲᠷ ᠬᠡᠷᠡᠭᠵᠢᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | ᠥᠪᠥᠷ ᠮᠣᠩᠭᠤᠯ ᠤᠨ ᠡᠳᠦᠷ ᠤᠨ ᠰᠣᠨᠢᠨ᠄ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠥᠭᠡᠷᠡᠴᠢᠯᠡᠯᠲᠡ ᠶᠢᠨ ᠲᠦᠷᠭᠡᠳᠬᠡᠭᠦᠷ᠂ ᠬᠦᠳᠡᠯᠭᠡᠬᠦᠷ ᠪᠣᠯᠭᠠᠬᠤ ᠶᠢ | ᠬᠡᠷᠬᠢᠨ ᠪᠠᠷᠢᠮᠲᠠᠯᠠᠬᠰᠠᠨ ᠪᠣᠶ︖ | ᠼᠦᠢ ᠵᠢᠩ ᠰᠢᠶᠠᠩ᠄ ᠥᠭᠡᠷᠡᠴᠢᠯᠡᠯᠲᠡ ᠶᠢᠨ ᠦᠢᠯᠡᠰ ᠤᠨ ᠬᠥᠭᠵᠢᠯᠲᠡ ᠶᠢᠨ ᠬᠡᠷᠡᠭᠴᠡᠭᠡ ᠠᠴᠠ ᠭᠠᠷᠳᠠᠬᠤ ᠶᠢ ᠪᠠᠷᠢᠮᠲᠠᠯᠠᠵᠤ᠂ ᠠᠵᠢᠯ ᠤᠨ ᠲᠣᠭᠲᠠᠴᠠ ᠶᠢ | ᠰᠢᠨᠡᠴᠢᠯᠡᠨ ᠰᠢᠯᠢᠳᠡᠭᠵᠢᠭᠦᠯᠵᠦ᠂ ᠺᠠᠳ᠋ᠷ ᠤᠨ ᠡᠩᠨᠡᠭᠡᠨ ᠳᠤ ᠨᠡᠶᠢᠳᠡᠮ ᠣᠷᠣᠰᠢᠵᠤ ᠪᠠᠶᠢᠭ᠎ᠠ ︽ᠣᠶᠢᠯᠠᠭᠠᠭᠳᠠᠬᠤᠨ᠂ ᠰᠤᠷᠲᠠᠯ᠂ ᠴᠢᠳᠠᠪᠤᠷᠢ︾ ᠵᠡᠷᠭᠡ ᠭᠤᠷᠪᠠᠨ ᠶᠡᠭᠡ | ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠪᠠ᠃ ᠦᠵᠡᠯᠲᠡ ᠪᠠᠨ ᠰᠢᠨᠡᠴᠢᠯᠡᠬᠦ ᠠᠴᠠ ᠭᠠᠷᠳᠠᠵᠤ᠂ ᠭᠠᠳᠠᠭᠰᠢ ᠭᠠᠷᠴᠤ ᠬᠥᠭᠵᠢᠯᠲᠡ ᠶᠢ ᠰᠦᠪᠡᠭᠴᠢᠯᠡᠬᠦ᠂ | ᠭᠠᠳᠠᠭᠰᠢ ᠭᠠᠷᠴᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ᠂ ᠭᠠᠳᠠᠭᠰᠢ ᠭᠠᠷᠴᠤ ᠪᠠᠶᠢᠴᠠᠭᠠᠨ ᠰᠤᠷᠤᠯᠴᠠᠬᠤ ᠶᠢ ᠶᠡᠭᠡ ᠪᠠᠷ ᠰᠠᠨᠠᠭᠠᠴᠢᠯᠠᠵᠤ᠂ ︽ᠲᠤᠯᠤᠭ᠎ᠠ ᠶᠢ | ᠲᠠᠶᠠᠭᠳᠠᠬᠤ︾ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠬᠢ ᠰᠢᠪᠳᠤᠯᠤᠯᠳᠠ ᠪᠠᠷ ᠠᠵᠢᠯᠯᠠᠭ᠎ᠠ ᠶᠢᠨ ᠲᠠᠯ᠎ᠠ ᠪᠠᠷ ᠬᠢ | ᠰᠢᠪᠲᠤᠯᠤᠯᠲᠠ ᠶᠢ ᠬᠥᠲᠥᠯᠥᠨ ᠳᠠᠭᠠᠭᠤᠯᠵᠤ᠂ ᠦᠵᠡᠯ ᠰᠠᠨᠠᠭᠠᠨ ᠤ ᠶᠡᠭᠡ ᠴᠢᠯᠥᠭᠡᠯᠡᠯᠲᠡ ᠪᠠᠷ ᠠᠵᠢᠯ ᠦᠢᠯᠡᠰ ᠤᠨ ᠶᠡᠭᠡ ᠬᠥᠭᠵᠢᠯᠲᠡ ᠶᠢ ᠠᠬᠢᠭᠤᠯᠪᠠ᠃ | ᠰᠤᠷᠲᠠᠯ ᠢ ᠳᠠᠪᠲᠠᠨ ᠪᠣᠯᠪᠠᠰᠤᠷᠠᠭᠤᠯᠬᠤ ᠠᠴᠠ ᠭᠠᠷᠳᠠᠵᠤ᠂ ︽ᠠᠵᠢᠯ ᠤᠨ ᠰᠤᠷᠲᠠᠯ ᠢᠶᠠᠨ ᠬᠤᠪᠢᠷᠠᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ | ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ︾ ᠬᠥᠮᠦᠵᠢᠯ ᠦᠢᠯᠡᠳᠦᠯᠭᠡ ᠶᠢᠨ ᠠᠵᠢᠯᠯᠠᠭᠠᠨ ᠤ ᠦᠷ᠎ᠡ ᠪᠦᠲᠦᠭᠡᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠳᠦᠮᠵᠢ ᠶᠢ ᠳᠡᠭᠡᠭᠰᠢᠯᠡᠭᠦᠯᠬᠦ︾ ᠲᠤᠰᠬᠠᠢ ᠲᠥᠷᠥᠯ ᠤᠨ | ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠤᠨ᠂ ᠪᠦᠬᠦ ᠬᠤᠰᠢᠭᠤᠨ ᠤ ᠺᠠᠳ᠋ᠷᠴᠤᠳ ᠤᠨ ᠵᠣᠷᠢᠭᠲᠠᠢ ᠪᠠᠷ ᠰᠢᠨᠡᠴᠢᠯᠡᠬᠦ᠂ ᠬᠡᠪ ᠰᠤᠷᠲᠠᠯ ᠰᠢᠯᠢᠳᠡᠭ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠤᠨ ᠳᠦᠷᠢᠮ ᠲᠤᠭᠳᠠᠭᠠᠯ ᠢ ᠵᠢᠷᠤᠮᠯᠠᠬᠤ ᠪᠠ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠦᠷᠢ | ᠲᠥᠷᠬᠦ ᠶᠢ ᠪᠤᠢ ᠪᠣᠯᠭᠠᠪᠠ᠃ ᠴᠢᠳᠠᠪᠤᠷᠢ ᠪᠠᠨ ᠳᠡᠭᠡᠭᠰᠢᠯᠡᠭᠦᠯᠬᠦ ᠠᠴᠠ ᠭᠠᠷᠳᠠᠵᠤ᠂ ︽ᠰᠤᠷᠤᠯᠴᠠᠬᠤ ᠬᠡᠯᠪᠡᠷᠢ᠂ ᠰᠤᠳᠤᠯᠭᠠᠨ ᠤ ᠬᠡᠯᠪᠡᠷᠢ᠂ ᠦᠢᠯᠡᠰ ᠪᠤᠰᠬᠠᠬᠤ | ᠬᠡᠯᠪᠡᠷᠢ︾ ᠶᠢᠨ ᠪᠠᠶᠢᠭᠤᠯᠤᠯᠭ᠎ᠠ ᠶᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠢᠳᠡᠷ ᠵᠠᠯᠠᠭᠤ ᠺᠠᠳ᠋ᠷᠴᠤᠳ ᠤᠨ ︽ᠶᠡᠭᠡ ᠰᠤᠷᠤᠯᠴᠠᠯᠭ᠎ᠠ᠂ | ᠶᠡᠭᠡ ᠳᠡᠭᠡᠭᠰᠢᠯᠡᠯᠲᠡ᠂ ᠶᠡᠭᠡ ᠮᠥᠷᠦ᠋ᠢᠴᠡᠭᠡᠨ︾ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠱᠠᠲᠤᠨ ᠤ ᠨᠠᠮ ᠤᠨ ᠭᠡᠰᠢᠭᠦᠨ᠂ ᠺᠠᠳ᠋ᠷᠴᠤᠳ ᠤᠨ | ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ᠂ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ᠂ ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠴᠠᠭ | ᠦᠶ᠎ᠡ ᠶᠢᠨ ᠬᠥᠭᠵᠢᠯᠲᠡ ᠶᠢᠨ ᠠᠯᠬᠤᠭ᠎ᠠ ᠶᠢ ᠲᠠᠭᠠᠵᠤ ᠲᠡᠶᠢᠯᠬᠦ᠂ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠲᠠᠭᠠᠵᠤ ᠲᠡᠶᠢᠯᠬᠦ ᠶᠢ ᠦᠨᠡᠨ ᠬᠦ ᠪᠠᠲᠤᠯᠠᠪᠠ | ᠃ | | ︽ᠦᠪᠦᠷ ᠮᠤᠩᠭᠤᠯ ᠤᠨ ᠡᠳᠦᠷ ᠤᠨ ᠰᠤᠨᠢᠨ︾ ᠠᠴᠠ ᠪᠠᠭᠤᠯᠭᠠᠨ ᠤᠷᠴᠢᠭᠤᠯᠪᠠ᠃ |