ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2025/1/17
    ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ 2025 ᠣᠨ ᠤ 1 ᠰᠠᠷ᠎ᠠ ᠶᠢᠨ 2 ᠤᠨ ᠡᠳᠦᠷ ᠬᠠᠯᠢᠭᠤᠲᠤ ᠳᠤ ᠬᠤᠷᠠᠯᠳᠤᠪᠠ᠃    ᠪᠥᠬᠦᠳᠡ ᠬᠤᠷᠠᠯ ᠳᠤ᠂ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 27 ᠬᠥᠮᠦᠨ᠂ ᠣᠷᠣᠯᠠᠭᠴᠢ ᠭᠡᠰᠢᠭᠦᠨ 6 ᠬᠥᠮᠦᠨ ᠣᠷᠣᠯᠴᠠᠪᠠ᠃ ᠬᠤᠰᠢᠭᠤᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠨᠠᠮ ᠤᠨ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃    ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠵᠢᠩ ᠰᠢᠶᠠᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠣᠷᠣᠯᠠᠭᠴᠢ ᠬᠤᠰᠢᠭᠤ ᠳᠠᠷᠤᠭ᠎ᠠ ᠰᠦᠨ ᡁᠢ ᠴᠦᠨ ᠲᠤᠰ ᠲᠤᠰ ᠶᠠᠷᠢᠶ᠎ᠠ ᠲᠠᠯᠪᠢᠪᠠ᠃    ᠪᠥᠬᠦᠳᠡ ᠬᠤᠷᠠᠯ ᠠᠴᠠ᠂ ᠼᠦᠢ ᠵᠢᠩ ᠰᠢᠶᠠᠩ ᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ  ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠵᠢᠴᠢ ᠬᠤᠶᠢᠰᠢᠳᠠ ᠶᠢᠨ ᠬᠡᠰᠡᠭ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃    ᠪᠥᠬᠦᠳᠡ ᠬᠤᠷᠠᠯ ᠠᠴᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠣᠶᠢᠷ᠎ᠠ ᠶᠢᠨ ᠵᠢᠯ ᠤᠨ ᠠᠵᠢᠯ ᠢ ᠭᠦᠶᠴᠡᠳ ᠨᠤᠲᠠᠯᠠᠪᠠ᠃ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢ᠂ ᠬᠤᠰᠢᠭᠤᠨ ᠤ ᠨᠠᠮ ᠤᠨ ᠬᠤᠷᠢᠶ᠎ᠠ ᠬᠥᠭᠵᠢᠯᠲᠡ  ᠶᠢᠨ ᠶᠡᠭᠡ ᠬᠠᠨᠳᠤᠰᠢ ᠪᠠ ᠬᠤᠰᠢᠭᠤᠨ ᠤ ᠪᠣᠳᠠᠲᠤ ᠪᠠᠶᠢᠳᠠᠯ ᠢ ᠣᠨᠣᠪᠴᠢᠲᠠᠶ ᠡᠵᠡᠮᠰᠢᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠬᠥᠭᠵᠢᠯᠲᠡ ᠶᠢᠨ ᠶᠡᠭᠡ ᠲᠠᠯ᠎ᠠ ᠳᠤ ᠤᠷᠢᠳᠠᠴᠢ ᠴᠢᠨᠠᠷᠲᠠᠶ ᠪᠣᠳᠣᠯᠬᠢᠯᠠᠯ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠲᠥᠰᠦᠪᠯᠡᠯ᠂ ᠰᠢᠰᠲ᠋ᠧᠮᠲᠦ ᠴᠢᠨᠠᠷᠳᠠᠢ ᠪᠠᠶᠢᠷᠢᠯᠠᠭᠤᠯᠤᠯᠲᠠ ᠬᠢᠵᠤ᠂ ︽ᠠᠵᠤ ᠦᠶᠯᠡᠰ ᠤᠨ ᠲᠥᠯᠥᠪᠵᠢᠭᠦᠯᠭᠡ᠂ ᠣᠷᠣᠨ ᠪᠦᠰᠡ ᠶᠢᠨ ᠪᠠᠶᠢᠷᠢᠯᠠᠭᠤᠯᠤᠯᠲᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ︾ ᠬᠤᠰᠢᠭᠤᠨ ᠤ ᠠᠵᠤ ᠠᠬᠤᠶ ᠶᠢᠨ ᠶᠡᠷᠦᠩᠬᠡᠶ ᠰᠡᠳᠬᠢᠴᠡ ᠪᠠ ︽ᠭᠤᠷᠪᠠ ᠳᠥᠷᠪᠡ ᠲᠠᠪᠤ︾ ᠶᠢᠨ ᠪᠦᠬᠦᠯᠢ ᠴᠤᠭᠴᠠ ᠶᠢᠨ ᠪᠠᠶᠢᠷᠢᠯᠠᠭᠤᠯᠤᠯᠲᠠ ᠪᠠᠷ ᠬᠠᠷᠠᠯᠳᠠ ᠪᠤᠯᠭᠠᠨ ᠬᠦᠴᠦᠯᠡᠵᠤ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠪᠣᠳᠠᠲᠠᠶ ᠠᠵᠢᠯᠯᠠᠬᠤ᠂ ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠬᠤ ᠲᠡᠮᠡᠴᠡᠯ ᠤᠨ ᠵᠣᠷᠢᠭ ᠰᠠᠨᠠᠭ᠎ᠠ ᠪᠠ ᠡᠷᠡᠯᠬᠡᠭᠯᠡᠨ ᠤᠷᠤᠭᠰᠢᠯᠠᠬᠤ ᠳᠦᠷᠰᠦ ᠪᠠᠶᠢᠳᠠᠯ ᠢᠶᠠᠷ᠂ ᠥᠭᠡᠷᠡᠴᠢᠯᠡᠯᠲᠡ ᠬᠦᠭᠵᠢᠯᠳᠡ ᠲᠣᠭᠲᠠᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠬᠢᠯᠠᠯᠵᠠᠭᠰᠠᠨ ᠠᠮᠵᠢᠯᠲᠠ ᠤᠯᠵᠤ᠂ ᠴᠢᠬᠤᠯᠠ ᠶᠡᠭᠡ ᠬᠤᠪᠢᠷᠠᠯᠲᠠ ᠭᠠᠷᠬᠤ ᠶᠢ ᠠᠬᠢᠭᠤᠯᠪᠠ ᠭᠡᠵᠤ ᠰᠠᠨᠠᠯ ᠨᠢᠭᠡᠲᠡᠶ ᠦᠵᠡᠵᠡᠭᠡᠪᠡ᠃ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢ᠂ ᠬᠤᠰᠢᠭᠤᠨ ᠤ ᠨᠠᠮ ᠤᠨ ᠬᠤᠷᠢᠶ᠎ᠠ ᠬᠦᠴᠦ ᠪᠠᠨ ᠲᠥᠪᠯᠡᠷᠡᠭᠦᠯᠦᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠣᠷᠴᠢᠨ ᠲᠤᠭᠤᠷᠢᠨ ᠢ ᠰᠢᠯᠢᠳᠡᠭᠵᠢᠭᠦᠯᠬᠦ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠥᠷᠨᠢᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠤ ᠲᠡᠰ ᠲᠠᠪᠰᠢᠬᠤ ᠶᠢ ᠬᠦᠴᠦᠯᠡᠨ ᠠᠬᠢᠭᠤᠯᠵᠤ᠂ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠤᠨ ᠬᠤᠷᠳᠤᠴᠠ ᠬᠤᠶᠠᠷ ᠵᠢᠯ ᠳᠠᠷᠠᠭᠠᠯᠠᠨ ᠪᠥᠬᠦ ᠬᠤᠲᠠ ᠳᠤ ᠲᠡᠷᠢᠬᠦᠯᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠪᠦᠬᠦ ᠬᠤᠲᠠ  ᠳᠤ ᠲᠡᠷᠢᠬᠦᠯᠡᠪᠡ ︔ ᠡᠩ ᠤᠨ ᠣᠯᠠᠨ ᠨᠡᠶᠢᠲᠠ ᠶᠢᠨ ᠲᠥᠰᠦᠪ ᠤᠨ ᠣᠷᠣᠯᠭ᠎ᠠ ᠶᠢᠨ ᠶᠡᠷᠦᠩᠬᠡᠢ ᠬᠡᠮᠵᠢᠶ᠎ᠡ ︽ᠠᠷᠪᠠᠨ ᠭᠤᠷᠪᠠᠳᠤᠭᠠᠷ ᠲᠠᠪᠤᠨ ᠵᠢᠯ︾ ᠤᠨ ᠰᠡᠭᠦᠯᠴᠢ ᠶᠢᠨ ᠪᠦᠬᠦ ᠬᠤᠲᠠ ᠶᠢᠨ ᠳᠥᠷᠪᠡᠳᠦᠭᠡᠷ ᠲᠤ ᠪᠠᠶᠢᠭᠰᠠᠨ ᠠᠴᠠ ᠬᠤᠶᠠᠳᠤᠭᠠᠷ ᠲᠤ ᠤᠷᠤᠵᠤ᠂ ᠨᠡᠮᠡᠭᠳᠡᠯ ᠤᠨ ᠬᠤᠷᠳᠤᠴᠠ ᠬᠤᠶᠠᠷ ᠵᠢᠯ ᠳᠠᠷᠠᠭᠠᠯᠠᠨ ᠪᠦᠬᠦ ᠬᠤᠲᠠ  ᠳᠤ ᠲᠡᠷᠢᠬᠦᠯᠡᠪᠡ︔ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠡᠷ᠎ᠡ ᠲᠣᠭᠲᠠᠭᠰᠠᠨ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ ᠪᠠ ᠪᠤᠳᠠᠳᠠᠶᠢᠵᠢᠭᠤᠯᠤᠭᠰᠠᠨ ᠪᠡᠯᠡ ᠮᠥᠩᠭᠦ ᠶᠢᠨ ᠶᠡᠷᠦᠩᠬᠡᠶ ᠬᠡᠮᠵᠢᠶ᠎ᠡ ᠪᠦᠬᠦ ᠬᠤᠲᠠ ᠳᠤ ᠲᠡᠷᠢᠬᠦᠯᠡᠪᠡ︔ ᠢᠯᠠᠩᠭᠤᠶ᠎ᠠ ᠪᠦᠬᠦ ᠣᠷᠣᠨ ᠤ ᠰᠢᠶᠠᠨ ᠤ ᠬᠡᠪᠴᠢᠶᠡᠨ ᠤ ᠠᠵᠤ ᠠᠬᠤᠶ ᠶᠢᠨ ᠰᠢᠯᠭᠠᠨ ᠬᠢᠨᠠᠯᠳᠠ ᠶᠢᠨ ᠨᠡᠷᠡᠰ ᠤᠨ ᠵᠢᠭᠰᠠᠭᠠᠯᠲᠠ ᠳᠤ ᠬᠤᠶᠠᠷ ᠵᠢᠯ ᠳᠠᠷᠠᠭᠠᠯᠠᠨ ᠶᠡᠷᠦᠩᠬᠡᠶᠢᠯᠡᠭᠰᠡᠨ ᠰᠢᠶᠠᠨ ᠤ ᠲᠦᠷᠦᠯ ᠤᠨ ᠨᠢᠭᠡᠳᠦᠭᠡᠷ ᠵᠢᠭᠰᠠᠭᠠᠯ ᠳᠤ ᠣᠷᠣᠵᠤ᠂ ᠪᠣᠭᠤᠮᠲᠠ ᠰᠢᠪᠳᠤᠯᠵᠤ ᠬᠦᠴᠢᠷ ᠢ ᠲᠠᠪᠠᠭ᠋ᠤ ᠪᠠᠷ ᠳᠠᠮᠵᠢᠨ ᠲᠡᠷᠢᠭᠦᠨ ᠤ ᠬᠢ ᠪᠣᠯᠬᠤ ᠪᠠᠷ ᠴᠢᠷᠮᠠᠶᠢᠭᠰᠠᠨ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠵᠠᠶ ᠭᠡᠵᠤ ᠰᠠᠨᠠᠯ ᠨᠢᠭᠡᠲᠡᠶ ᠦᠵᠡᠵᠡᠭᠡᠪᠡ᠃ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢ᠂ ᠬᠤᠰᠢᠭᠤᠨ ᠤ ᠨᠠᠮ ᠤᠨ ᠬᠤᠷᠢᠶ᠎ᠠ ᠬᠦᠴᠦ ᠪᠠᠨ ᠲᠥᠪᠯᠡᠷᠡᠭᠦᠯᠦᠨ ᠲᠥᠷᠥ ᠶᠢᠨ ᠪᠣᠳᠣᠯᠭ᠎ᠠ ᠶᠢ ᠲᠡᠮᠡᠴᠡᠨ ᠤᠯᠬᠤ᠂ ᠢᠷᠠᠭᠤ ᠠᠯᠳᠠᠷ ᠢ ᠲᠡᠮᠡᠴᠡᠨ ᠤᠯᠬᠤ᠂ ᠲᠤᠷᠰᠢᠯᠲᠠ ᠶᠢᠨ ᠴᠡᠭ ᠢ ᠲᠡᠮᠡᠴᠡᠨ ᠤᠯᠬᠤ᠂ ᠪᠠᠯᠠ ᠮᠥᠩᠭᠦ ᠶᠢ ᠲᠡᠮᠡᠴᠡᠨ ᠤᠯᠬᠤ ︽ᠲᠦᠷᠪᠡ ᠶᠢ ᠲᠡᠮᠡᠴᠡᠨ ᠤᠯᠬᠤ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠤᠷᠳᠤᠴᠠ ᠪᠠᠨ ᠨᠡᠮᠡᠭᠳᠡᠭᠦᠯᠦᠨ᠂ ᠬᠦᠴᠦᠯᠡᠨ ᠲᠡᠮᠡᠴᠡᠵᠦ᠂ ᠠᠰᠢᠭᠳᠠᠢ ᠰᠠᠶᠢᠨ ᠲᠥᠷᠥ ᠶᠢᠨ ᠪᠣᠳᠣᠯᠭ᠎ᠠ ᠨᠤᠭᠤᠳ ᠢ ᠬᠤᠶᠢᠨ᠎ᠠ ᠬᠤᠶᠢᠨ᠎ᠠ ᠠᠴᠠ ᠪᠠᠨ ᠨᠠᠶᠢᠳᠠᠪᠤᠷᠢᠵᠢᠭᠤᠯᠵᠤ᠂ ᠨᠡᠷᠡᠳᠤ ᠲᠦᠷᠦᠯ ᠲᠡᠮᠳᠡᠭᠳᠤ᠂ ᠰᠢᠨ᠎ᠡ ᠶᠢ ᠡᠬᠦᠳᠬᠦ ᠲᠤᠷᠰᠢᠯᠲᠠ ᠶᠢᠨ ᠴᠡᠭ ᠨᠦᠭᠦᠳ ᠢ ᠵᠠᠯᠭᠠᠭ᠎ᠠ ᠪᠠᠷ ᠲᠡᠮᠡᠴᠡᠨ ᠤᠯᠵᠤ᠂ ᠲᠥᠷᠥᠯ ᠵᠦᠶᠯ ᠤᠨ ᠪᠠᠯᠠ ᠮᠥᠩᠭᠦ ᠤᠳ ᠢ ᠬᠤᠭᠤᠴᠠᠭ᠎ᠠ ᠶᠣᠰᠣᠭᠠᠷ ᠨᠠᠶᠢᠳᠠᠪᠤᠷᠢᠵᠢᠭᠤᠯᠵᠤ᠂ ᠵᠠᠭᠤᠨ ᠣᠩᠭᠤᠴᠠ ᠥᠷᠢᠰᠥᠯᠳᠦᠨ ᠤᠷᠤᠭᠰᠢᠯᠠᠵᠤ᠂ ᠮᠢᠩᠭᠠᠨ ᠳᠠᠷᠪᠠᠭᠤᠯ ᠮᠦᠷᠦᠶᠢᠴᠡᠨ ᠠᠶᠠᠯᠠᠬᠤ ᠴᠣ ᠰᠢᠨ᠎ᠡ ᠲᠥᠯᠥᠪ ᠪᠠᠶᠢᠳᠠᠯ ᠢ ᠵᠢᠷᠤᠭᠯᠠᠭᠰᠠᠨ ᠪᠠᠶᠢᠨ᠎ᠠ ᠭᠡᠵᠤ ᠰᠠᠨᠠᠯ ᠨᠢᠭᠡᠲᠡᠶ ᠦᠵᠡᠵᠡᠭᠡᠪᠡ᠃ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢ᠂ ᠬᠤᠰᠢᠭᠤᠨ ᠤ ᠨᠠᠮ ᠤᠨ ᠬᠤᠷᠢᠶ᠎ᠠ ᠬᠦᠴᠦ ᠪᠠᠨ ᠲᠥᠪᠯᠡᠷᠡᠭᠦᠯᠦᠨ ᠤᠯᠤᠰ ᠤᠨ ᠲᠠᠷᠢᠶᠠᠯᠠᠩ ᠮᠠᠯ ᠠᠵᠤ ᠠᠬᠤᠶ  ᠶᠢᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠴᠢᠬᠤᠯᠠ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ ᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠵᠢᠴᠢ ᠤᠯᠤᠰ ᠤᠨ ᠲᠡᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠴᠢᠯᠦᠭᠡᠳᠠᠢ ᠶᠠᠪᠤᠯᠴᠠᠬᠤ ᠲᠤᠷᠰᠢᠯᠲᠠ ᠶᠢᠨ ᠣᠷᠣᠨ᠂ ᠪᠥᠬᠦ ᠤᠯᠤᠰ ᠤᠨ ᠰᠢᠶᠠᠨ ᠤ ᠱᠠᠲᠤᠨ ᠤ ᠪᠣᠯᠪᠠᠰᠤᠨ ᠬᠤᠲᠠ ᠶᠢᠨ ︽ᠲᠠᠪᠤᠨ ᠶᠡᠭᠡ ᠡᠭᠦᠳᠦᠨ ᠪᠠᠶᠢᠭᠤᠯᠤᠯᠲᠠ︾ ᠶᠢ ᠠᠬᠢᠭᠤᠯᠵᠤ᠂ 513 ᠭᠤᠤᠯᠳᠠᠯᠭ᠎ᠠ ᠲᠠᠢ ᠲᠥᠷᠥᠯ ᠵᠦᠶᠯ ᠢ ᠪᠠᠶᠢᠷᠢᠯᠠᠭᠤᠯᠤᠨ ᠬᠡᠷᠡᠭᠵᠢᠭᠦᠯᠵᠦ᠂ ᠪᠣᠳᠠᠲᠠᠶ ᠦᠶᠯᠡᠳᠦᠯᠭᠡ ᠪᠠᠷ ᠤᠷᠤᠰᠬᠠᠯ ᠤᠨ ᠡᠮᠦᠨ᠎ᠡ ᠡᠷᠡᠯᠬᠡᠭᠯᠡᠨ ᠵᠣᠭᠰᠣᠭᠰᠠᠨ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠵᠠᠶ ᠭᠡᠵᠤ ᠰᠠᠨᠠᠯ ᠨᠢᠭᠡᠲᠡᠶ ᠦᠵᠡᠵᠡᠭᠡᠪᠡ᠃ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢ᠂ ᠬᠤᠰᠢᠭᠤᠨ ᠤ ᠨᠠᠮ ᠤᠨ ᠬᠤᠷᠢᠶ᠎ᠠ ᠦᠷᠭᠡᠨ ᠲᠡᠯᠭᠡᠷ ᠬᠠᠷᠠᠴᠠ  ᠪᠠᠷ ᠪᠠᠶᠢᠳᠠᠯ ᠢ ᠠᠵᠢᠭᠯᠠᠵᠤ᠂ ᠶᠡᠭᠡ ᠣᠶᠤᠨ ᠤᠬᠠᠭᠠᠨ ᠢᠶᠠᠷ ᠠᠵᠠ ᠲᠣᠬᠢᠶᠠᠯ ᠢ ᠡᠵᠡᠮᠳᠡᠨ᠂ ᠶᠡᠭᠡ ᠰᠥᠰᠥ ᠵᠣᠷᠢᠭ ᠢᠶᠠᠷ ᠥᠷᠢᠰᠥᠯᠳᠦᠭᠡᠨ ᠢ ᠤᠭᠲᠤᠵᠤ᠂ ᠶᠡᠭᠡ ᠲᠠᠭᠠᠭᠠᠮᠠᠭᠠᠢ ᠬᠦᠴᠦᠨ ᠢᠶᠠᠷ ᠲᠡᠷᠢᠭᠦᠨ ᠳᠤ ᠣᠷᠣᠬᠤ ᠪᠠᠷ ᠴᠢᠷᠮᠠᠶᠢᠨ᠂ ᠬᠤᠰᠢᠭᠤᠨ ᠤ ᠠᠵᠤ ᠠᠬᠤᠶ ᠶᠢᠨ ᠶᠡᠷᠦᠩᠬᠡᠶ ᠰᠡᠳᠬᠢᠴᠡ ᠲᠦᠷᠭᠡᠨ ᠢᠶᠠᠷ ᠢᠯᠡᠳᠲᠡ ᠦᠷ᠎ᠡ ᠪᠦᠲᠦᠮᠵᠢ ᠤᠯᠪᠠ᠂ ︽ᠭᠤᠷᠪᠠ ᠲᠦᠷᠪᠡ ᠲᠠᠪᠤ︾ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ ᠬᠤᠯᠪᠣᠭᠠᠯᠠᠨ ᠬᠥᠳᠡᠯᠦᠯᠴᠡᠵᠦ ᠬᠠᠷᠢᠯᠴᠠᠨ ᠠᠬᠢᠭᠤᠯᠬᠤ ᠦᠢᠯᠡᠳᠦᠯ ᠦᠷᠭᠦᠯᠵᠢᠯᠡᠨ ᠪᠠᠳᠠᠷᠠᠵᠤ᠂ ᠠᠵᠤ ᠦᠶᠯᠡᠰ ᠤᠨ ᠲᠥᠪᠯᠡᠷᠡᠨ ᠳᠡᠭᠡᠭᠰᠢᠯᠡᠬᠦ ᠬᠠᠨᠳᠤᠰᠢ ᠤᠯᠠᠮ ᠠᠴᠠ ᠤᠯᠠᠮ ᠴᠢᠩᠭᠠᠷᠠᠵᠤ᠂ ᠣᠷᠣᠨ ᠨᠤᠲᠤᠭ ᠤᠨ ᠡᠳ᠋  ᠤᠨ ᠵᠠᠰᠠᠭ ᠤᠨ ︽ᠬᠥᠷᠥᠩᠭᠡ ᠮᠦᠩᠬᠦ︾ ᠶᠠᠪᠤᠬᠤ ᠲᠤᠲᠤᠮ ᠵᠤᠵᠠᠭᠠᠷᠠᠵᠤ᠂ ᠨᠡᠶᠢᠭᠡᠮ ᠤᠨ ᠦᠶᠯᠡᠰ ᠤᠨ ᠪᠦᠬᠦ ᠲᠠᠯ᠎ᠠ ᠶᠢᠨ ᠳᠠᠪᠰᠢᠯᠲᠠ ᠶᠢᠨ ᠰᠠᠭᠤᠷᠢ ᠤᠯᠠᠮ  ᠠᠴᠠ ᠤᠯᠠᠮ ᠪᠠᠬᠢᠵᠢᠵᠤ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠳᠠᠪᠰᠢᠵᠤ᠂ ᠬᠠᠮᠲᠤ ᠪᠠᠷ ᠴᠡᠴᠡᠭᠯᠡᠨ ᠬᠥᠭᠵᠢᠬᠦ ᠦᠷ᠎ᠡ ᠪᠦᠲᠦᠮᠵᠢ ᠤᠯᠠᠮ ᠠᠴᠠ ᠤᠯᠠᠮ ᠲᠤᠪᠤᠶᠢᠮ᠎ᠠ ᠪᠣᠯᠵᠤ᠂ ᠠᠮᠢ ᠠᠬᠤᠶ ᠶᠢᠨ ᠬᠠᠮᠠᠭᠠᠯᠠᠯᠳᠠ ᠪᠠ ᠰᠡᠷᠭᠦᠭᠡᠨ ᠵᠠᠰᠠᠯᠳᠠ ᠶᠢᠨ ᠶᠠᠰᠤ ᠴᠢᠨᠠᠷ ᠦᠷ᠎ᠡ ᠪᠦᠲᠦᠮᠵᠢ ᠤᠯᠠᠮ ᠠᠴᠠ ᠤᠯᠠᠮ ᠲᠣᠭᠲᠠᠪᠤᠷᠢᠵᠢᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠬᠤ ᠰᠢᠰᠲ᠋ᠧᠮ ᠤᠯᠠᠮ ᠠᠴᠠ ᠤᠯᠠᠮ ᠲᠡᠭᠦᠯᠳᠡᠷᠵᠢᠵᠦ᠂ ᠡᠯ᠎ᠡ ᠲᠦᠷᠦᠯ ᠤᠨ ᠠᠵᠢᠯ ᠦᠶᠯᠡᠰ ᠤᠨ ᠶᠡᠷᠦᠩᠬᠡᠶ ᠬᠡᠮᠵᠢᠶ᠎ᠡ ᠪᠠ ᠶᠠᠰᠤ ᠴᠢᠨᠠᠷ᠂ ᠬᠤᠷᠳᠤᠴᠠ ᠪᠠ ᠨᠥᠭᠡᠴᠡ ᠬᠦᠴᠦᠨ ᠡᠶ᠎ᠡ ᠵᠤᠬᠢᠴᠠᠯ ᠲᠠᠢ ᠪᠠᠷ ᠨᠡᠮᠡᠭᠳᠡᠨ ᠲᠡᠭᠡᠭᠰᠢᠯᠡᠭᠰᠡᠨ ᠠᠮᠢᠳᠤᠯᠢᠭ ᠪᠠᠶᠢᠳᠠᠯ ᠢᠯᠡᠷᠡᠪᠡ ᠭᠡᠵᠤ ᠰᠠᠨᠠᠯ ᠨᠢᠭᠡᠲᠡᠶ ᠦᠵᠡᠵᠡᠭᠡᠪᠡ᠃    ᠪᠦᠬᠦᠳᠡ ᠬᠤᠷᠠᠯ ᠠᠴᠠ᠂ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠣᠭᠰᠣᠵᠤ᠂ ᠲᠦᠷᠦ ᠶᠢᠨ ᠪᠤᠳᠤᠯᠭ᠎ᠠ᠂ ᠣᠷᠣᠨ ᠪᠠᠶᠢᠷᠢᠰᠢᠯ᠂ ᠠᠵᠤ ᠦᠢᠯᠡᠰ ᠵᠡᠷᠭᠡ ᠭᠤᠷᠪᠠᠨ ᠲᠠᠯ᠎ᠠ ᠶᠢᠨ ᠬᠠᠷᠢᠴᠠᠭᠤᠯᠤᠭᠰᠠᠨ ᠳᠠᠪᠠᠭᠤᠯᠢᠭ ᠢ ᠭᠦᠨᠵᠡᠭᠡᠢ ᠤᠢᠢᠯᠠᠭᠠᠨ ᠡᠵᠡᠮᠰᠢᠵᠦ᠂ ᠪᠠᠶᠢᠯᠳᠤᠬᠤ ᠪᠤᠳᠤᠯᠭ᠎ᠠ ᠶᠢᠨ ᠰᠡᠳᠬᠢᠴᠡ᠂ ᠪᠠᠶᠢᠯᠳᠤᠬᠤ ᠪᠤᠳᠤᠯᠭ᠎ᠠ  ᠶᠢᠨ ᠬᠠᠷᠠᠯᠲᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠲᠠᠪᠠᠯᠳᠠᠳᠤ ᠮᠠᠶ᠋ᠢᠭ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠢ᠃ ᠠᠯᠤᠰ ᠬᠡᠳᠦ ᠶᠢ ᠪᠣᠳᠣᠯᠬᠢᠯᠠᠨ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠡᠬᠢ ᠪᠠᠶᠠᠯᠢᠭ ᠢ ᠨᠥᠭᠡᠴᠡᠯᠡᠬᠦ ᠲᠡᠭᠡᠭᠡᠪᠦᠷᠢᠯᠡᠬᠦ ᠰᠠᠭᠤᠷᠢᠨ ᠭᠠᠵᠠᠷ  ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤ ᠪᠤᠳᠠᠭ᠎ᠠ ᠨᠥᠭᠡᠴᠡᠯᠡᠬᠦ ᠪᠤᠯᠪᠠᠰᠤᠷᠠᠭᠤᠯᠬᠤ ᠲᠡᠭᠡᠭᠡᠪᠦᠷᠢᠯᠡᠬᠦ ᠶᠢ ᠨᠢᠭᠡ ᠴᠤᠬᠴᠠᠵᠢᠭᠤᠯᠤᠬᠰᠠᠨ ᠰᠠᠭᠤᠷᠢᠨ ᠭᠠᠵᠠᠷ᠂ ᠮᠢᠬᠠᠨ  ᠤ ᠵᠦᠢᠯ ᠢ ᠨᠥᠭᠡᠴᠡᠯᠡᠬᠦ ᠪᠤᠯᠪᠠᠰᠤᠷᠠᠭᠤᠯᠬᠤ ᠲᠡᠭᠡᠭᠡᠪᠦᠷᠢᠯᠡᠬᠦ ᠶᠢ ᠨᠢᠭᠡ ᠴᠤᠬᠴᠠᠵᠢᠭᠤᠯᠤᠬᠰᠠᠨ ᠰᠠᠭᠤᠷᠢᠨ ᠭᠠᠵᠠᠷ᠂ ᠲᠡᠮᠦᠷᠯᠢᠭ ᠮᠠᠲ᠋ᠧᠷᠢᠶᠠᠯ ︵ᠵᠡᠰ︶ ᠢ ᠨᠥᠭᠡᠴᠡᠯᠡᠬᠦ ᠪᠤᠯᠪᠠᠰᠤᠷᠠᠭᠤᠯᠬᠤ ᠲᠡᠭᠡᠭᠡᠪᠦᠷᠢᠯᠡᠬᠦ ᠶᠢ ᠨᠢᠭᠡ ᠴᠤᠬᠴᠠᠵᠢᠭᠤᠯᠤᠬᠰᠠᠨ ᠰᠠᠭᠤᠷᠢᠨ ᠭᠠᠵᠠᠷ᠂ ᠮᠣᠳᠣᠨ ᠮᠠᠲ᠋ᠧᠷᠢᠶᠠᠯ ᠢ ᠨᠥᠭᠡᠴᠡᠯᠡᠬᠦ ᠪᠤᠯᠪᠠᠰᠤᠷᠠᠭᠤᠯᠬᠤ ᠲᠡᠭᠡᠭᠡᠪᠦᠷᠢᠯᠡᠬᠦ  ᠶᠢ ᠨᠢᠭᠡ ᠴᠤᠬᠴᠠᠵᠢᠭᠤᠯᠤᠬᠰᠠᠨ ᠰᠠᠭᠤᠷᠢᠨ ᠭᠠᠵᠠᠷ ᠢ ᠪᠦᠳᠦᠭᠡᠨ ᠪᠠᠶᠢᠭᠤᠯᠵᠤ᠂ ᠡᠷᠬᠢᠨ ᠲᠤᠭᠤᠷᠢᠨ ᠲᠠᠢ ᠪᠠᠨ ᠬᠤᠯᠪᠣᠯᠳᠤᠨ ᠨᠡᠪᠲᠡᠷᠡᠯᠴᠡᠵᠦ ᠬᠠᠷᠢᠯᠴᠠᠨ ᠨᠦᠯᠦᠭᠡᠯᠡᠭᠰᠡᠨ᠂ ᠡᠬᠢ ᠪᠠᠶᠠᠯᠢᠭ ᠢ ᠲᠥᠪᠯᠡᠷᠡᠭᠦᠯᠦᠨ ᠴᠤᠭᠯᠠᠭᠤᠯᠵᠤ ᠲᠦᠪᠯᠡᠷᠡᠬᠦᠯᠦᠨ ᠲᠠᠷᠬᠠᠭᠠᠬᠤ᠂ ᠴᠢᠬᠤᠯᠠ ᠬᠦᠴᠦᠨ ᠵᠦᠢᠯ ᠢ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠤᠯᠠᠨ ᠤᠯᠤᠰ ᠤᠨ ᠶᠡᠭᠡ ᠬᠡᠮᠵᠢᠶᠡᠨ ᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠡᠬᠢ ᠪᠠᠶᠠᠯᠢᠭ ᠢ ᠨᠦᠭᠡᠴᠡᠯᠡᠬᠦ ᠪᠤᠯᠪᠠᠰᠤᠷᠠᠭᠤᠯᠬᠤ ᠲᠡᠭᠡᠭᠡᠪᠦᠷᠢᠯᠡᠬᠦ ᠰᠢᠰᠲ᠋ᠧᠮ ᠢ ᠪᠠᠶᠢᠭᠤᠯᠵᠤ᠂ ᠤᠯᠤᠰ ᠤᠨ ᠴᠢᠬᠤᠯᠠ ᠠᠵᠤ ᠦᠢᠯᠡᠰ ᠤᠨ ᠭᠡᠯᠭᠢᠶᠡᠵᠢᠯ ᠤᠨ ᠠᠮᠤᠷ ᠲᠦᠪᠰᠢᠨ ᠪᠠ ᠬᠠᠩᠭᠠᠯᠭ᠎ᠠ ᠶᠢᠨ ᠭᠡᠯᠬᠢᠶᠡᠵᠢᠯ ᠤᠨ ᠲᠣᠭᠲᠠᠭᠤᠨ ᠢ ᠪᠠᠲᠤᠯᠠᠬᠤ ᠳᠤ ᠦᠢᠯᠡᠴᠢᠯᠡᠬᠦ ᠬᠡᠷᠡᠭᠲᠡᠢ︔ ᠣᠷᠣᠨ ᠪᠦᠰᠡ ᠠᠯᠤᠰᠯᠠᠭᠰᠠᠨ ᠠᠵᠤ ᠦᠶᠯᠡᠰ ᠤᠨ ᠬᠠᠮᠵᠢᠯᠴᠠᠭᠠᠨ ᠤ ᠬᠤᠩᠭᠢᠯ ᠢ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠭᠦᠷᠡᠰᠦᠨ ᠤ ᠠᠵᠤ ᠦᠶᠯᠡᠰ ᠤᠨ ᠣᠷᠣᠨ ᠪᠦᠰᠡ ᠠᠯᠤᠰᠯᠠᠭᠰᠠᠨ ᠬᠠᠮᠵᠢᠯᠴᠠᠭ᠎ᠠ᠂ ᠲᠡᠮᠦᠷᠯᠢᠭ ᠤᠨ ᠠᠵᠤ ᠦᠶᠯᠡᠰ ᠤᠨ ᠣᠷᠣᠨ ᠪᠦᠰᠡ ᠠᠯᠤᠰᠯᠠᠭᠰᠠᠨ ᠬᠠᠮᠵᠢᠯᠴᠠᠭ᠎ᠠ᠂ ᠢᠳᠡᠭᠡᠨ ᠤ ᠠᠵᠤ ᠦᠶᠯᠡᠰ ᠤᠨ ᠣᠷᠣᠨ ᠪᠦᠰᠡ ᠠᠯᠤᠰᠯᠠᠭᠰᠠᠨ ᠬᠠᠮᠵᠢᠯᠴᠠᠭ᠎ᠠ᠂ ᠠᠮᠢ ᠠᠬᠤᠶ ᠶᠢᠨ ᠠᠵᠤ ᠦᠶᠯᠡᠰ ᠤᠨ ᠣᠷᠣᠨ ᠪᠦᠰᠡ ᠠᠯᠤᠰᠯᠠᠭᠰᠠᠨ ᠬᠠᠮᠵᠢᠯᠴᠠᠭ᠎ᠠ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠴᠡᠷᠢᠭ  ᠤᠨ ᠠᠵᠤ ᠦᠶᠯᠡᠳᠪᠦᠷᠢ᠂ ᠡᠨᠧᠷᠭᠢ ᠬᠢᠮᠢ ᠶᠢᠨ ᠠᠵᠤ ᠦᠶᠯᠡᠳᠪᠦᠷᠢ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠰᠢᠨ᠎ᠡ ᠡᠵᠡᠩᠨᠡᠯᠲᠡ ᠶᠢᠨ ᠬᠡᠯᠪᠡᠷᠢ ᠵᠡᠷᠭᠡ ᠴᠢᠬᠤᠯᠠ ᠠᠵᠤ ᠦᠶᠯᠡᠰ ᠢ ᠲᠡᠳᠡᠨ ᠠᠪᠴᠢᠷᠠᠵᠤ ᠮᠠᠨ ᠤ ᠬᠤᠰᠢᠭᠤᠨ ᠳᠤ ᠠᠵᠤ ᠦᠶᠯᠡᠰ ᠤᠨ ᠪᠡᠯᠡᠳᠬᠡᠯ ᠰᠠᠭᠤᠷᠢᠨ ᠭᠠᠵᠠᠷ ᠢ ᠪᠠᠶᠢᠭᠤᠯᠵᠤ᠂ ᠤᠯᠤᠰ ᠤᠨ ᠣᠷᠣᠨ ᠪᠦᠰᠡ  ᠶᠢᠨ ᠵᠣᠬᠢᠴᠠᠩᠭᠤᠶ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠳᠠᠭᠠᠵᠤ ᠦᠶᠯᠡᠴᠢᠯᠡᠬᠦ ᠬᠡᠷᠡᠭᠲᠡᠶ︔ ᠳᠤᠮᠳᠠᠳᠤ ᠮᠣᠩᠭᠤᠯ ᠤᠨ ᠦᠶᠯᠡᠳᠪᠦᠷᠢᠯᠡᠯ  ᠤᠨ ᠴᠢᠳᠠᠪᠤᠷᠢ ᠶᠢᠨ ᠬᠠᠮᠲᠤᠷᠠᠯᠴᠠᠭᠠᠨ ᠤ ᠬᠦᠷᠢᠶᠡᠯᠡᠩ ᠲᠣᠭᠤᠷᠢᠭ  ᠢ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠶᠯᠡᠰ ᠤᠨ ᠭᠡᠯᠬᠢᠶᠡᠵᠢᠯ ᠤᠨ ᠬᠠᠮᠵᠢᠯᠴᠠᠭ᠎ᠠ᠂ ᠬᠠᠩᠭᠠᠯᠭ᠎ᠠ ᠶᠢᠨ ᠭᠡᠯᠬᠢᠶᠡᠵᠢᠯ ᠤᠨ ᠬᠠᠮᠵᠢᠯᠴᠠᠭ᠎ᠠ᠂ ᠥᠷᠲᠡᠭ ᠤᠨ ᠭᠡᠯᠬᠢᠶᠡᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠮᠠᠨ  ᠤ ᠤᠯᠤᠰ ᠪᠣᠯᠤᠨ ᠮᠣᠩᠭᠤᠯ᠂ ᠣᠷᠣᠰ ᠤᠨ ᠠᠭᠤᠷᠬᠠᠶ ᠶᠢᠨ ᠭᠠᠷᠤᠯᠲᠠ ᠶᠢ ᠨᠡᠭᠡᠭᠡᠨ ᠬᠥᠭᠵᠢᠭᠦᠯᠬᠦ ᠵᠢᠴᠢ ᠡᠳ᠋ᠰᠢᠭᠦᠯᠦᠨ ᠪᠣᠯᠪᠠᠰᠤᠷᠠᠭᠤᠯᠬᠤ᠂ ᠦᠶᠯᠡᠳᠬᠦ ᠦᠶᠯᠡᠰ᠂ ᠵᠠᠮ ᠬᠠᠷᠢᠯᠴᠠᠭ᠎ᠠ ᠲᠡᠭᠡᠭᠡᠪᠦᠷᠢ᠂ ᠡᠨᠧᠷᠭᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠬᠦᠷᠢᠶᠡᠨ ᠳᠠᠬᠢ ᠦᠶᠯᠡᠳᠪᠦᠷᠢᠯᠡᠯ ᠤᠨ ᠴᠢᠳᠠᠪᠤᠷᠢ ᠪᠣᠯᠤᠨ ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ ᠲᠥᠷᠥᠯ ᠵᠦᠶᠯ ᠳᠤ ᠢᠳᠡᠪᠬᠢᠲᠡᠶ ᠣᠷᠣᠯᠴᠠᠵᠤ᠂ ᠤᠯᠤᠰ ᠤᠨ ᠡᠷᠬᠢᠨ ᠲᠣᠭᠤᠷᠢᠨ ᠤ ᠭᠠᠳᠠᠭᠠᠳᠤ ᠬᠠᠷᠢᠯᠴᠠᠭ᠎ᠠ ᠪᠣᠯᠤᠨ ᠭᠠᠳᠠᠭᠠᠳᠤ ᠲᠠᠢ ᠴᠢᠯᠦᠭᠡᠳᠠᠢ ᠶᠠᠪᠤᠯᠴᠠᠬᠤ ᠪᠠᠶᠢᠯᠳᠤᠬᠤ ᠪᠣᠳᠣᠯᠭ᠎ᠠ ᠳᠤ ᠦᠶᠯᠡᠴᠢᠯᠡᠬᠦ ᠭᠡᠷᠡᠭᠳᠡᠢ᠃ ᠣᠳᠣᠬᠠᠨ ᠤ ᠪᠠᠶᠢᠳᠠᠯ ᠳᠤ ᠰᠠᠭᠤᠷᠢᠯᠠᠨ᠂ ᠬᠢᠯᠢ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠪᠣᠯᠤᠨ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠪᠠᠷ ᠭᠤᠣᠯᠳᠠᠭᠤᠯᠵᠤ᠂ ᠬᠢᠯᠢ ᠳᠠᠭᠠᠤ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠂ ︽ᠭᠤᠷᠪᠠ ᠲᠦᠷᠪᠡ ᠲᠠᠪᠤ︾ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ ᠨᠠᠷᠮᠠᠢ ᠪᠣᠭᠤᠮᠲᠠ ᠶᠢᠨ ᠠᠵᠤ ᠠᠬᠤᠢ᠂ ᠭᠠᠳᠠᠭᠠᠳᠤ ᠳᠤ ᠬᠠᠨᠳᠤᠭᠤᠯᠤᠭᠰᠠᠨ ᠬᠡᠯᠪᠡᠷᠢ ᠶᠢᠨ ᠠᠵᠤ ᠠᠬᠤᠢ᠂ ︽ᠬᠢᠯᠢ ᠶᠢᠨ ᠪᠤᠭᠤᠮᠳᠠ ᠲᠤᠳᠤᠷ ᠭᠠᠵᠠᠷ ᠬᠤᠯᠪᠣᠭᠠᠯᠠᠨ ᠬᠥᠳᠡᠯᠦᠯᠴᠡᠬᠦ ᠬᠡᠯᠪᠡᠷᠢ︾ ᠶᠢᠨ ᠠᠵᠤ ᠠᠬᠤᠢ ᠶᠢ ᠬᠥᠭᠵᠢᠭᠦᠯᠬᠦ ᠴᠢᠭᠯᠡᠯ ᠢᠶᠠᠷ ᠤᠷᠤᠭᠰᠢᠯᠠᠭᠤᠯᠵᠤ᠂ ᠬᠢᠯᠢ ᠳᠠᠭᠠᠤ ᠶᠢᠨ ᠨᠡᠭᠡᠭᠡᠨ ᠬᠦᠭᠵᠢᠬᠦᠯᠵᠦ ᠴᠢᠯᠦᠭᠡᠳᠠᠢ ᠶᠠᠪᠤᠯᠴᠠᠬᠤ ᠶᠢᠨ ᠡᠨᠡ ᠬᠦ ᠶᠡᠭᠡ ᠶᠠᠪᠤᠳᠠᠯ ᠢ ᠰᠠᠶᠢᠲᠤᠷ ᠬᠢᠵᠦ᠂ ᠠᠮᠢᠳᠤᠯᠢᠭ ᠬᠢᠵᠦ᠂ ᠰᠢᠯᠢᠳᠡᠭᠵᠢᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃     ᠪᠥᠬᠦᠳᠡ ᠬᠤᠷᠠᠯ ᠠᠴᠠ᠂ ᠡᠨᠡ ᠵᠢᠯ ᠤᠨ ᠪᠦᠬᠦ ᠬᠤᠰᠢᠭᠤᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠨᠠᠷᠢᠯᠢᠭ ᠨᠠᠶᠢᠳᠠᠪᠤᠷᠢᠵᠢᠭᠤᠯᠬᠤ᠂ ︽ᠵᠢᠷᠭᠤᠭᠠᠨ ᠠᠵᠢᠯᠯᠠᠭ᠎ᠠ︾ ᠶᠢ ᠪᠣᠳᠠᠲᠠᠶᠢᠵᠢᠭᠤᠯᠬᠤ᠂ ︽ᠲᠠᠪᠤᠨ ᠥᠨᠳᠥᠷ ᠲᠠᠪᠤᠨ ᠣᠷᠣᠨ︾  ᠳᠤ ᠠᠭᠤᠰᠤᠯᠴᠠᠬᠤ ᠳᠤ ᠠᠩᠬᠠᠷᠤᠯ ᠢᠶᠠᠨ ᠲᠦᠪᠯᠡᠷᠡᠬᠦᠯᠦᠨ᠂ ︽ᠡᠮᠦᠨ᠎ᠡ ᠡᠩᠨᠡᠭᠡᠨ ᠳᠤ ᠤᠷᠤᠵᠤ᠂ ᠵᠤᠷᠢᠭᠳᠠᠢ ᠪᠠᠷ ᠬᠤᠰᠢᠭᠤᠴᠢ ᠪᠣᠯᠬᠤ︾ ︽ᠲᠡᠷᠢᠬᠦᠨ ᠳᠤ ᠤᠷᠤᠬᠤ ᠪᠠᠷ ᠴᠢᠷᠮᠠᠶᠢᠵᠤ ᠴᠤᠷ ᠤᠨ ᠭᠠᠭᠴᠠ ᠶᠢ ᠡᠬᠦᠳᠬᠦ︾ ᠢᠲᠡᠭᠡᠯ ᠵᠤᠷᠢᠭ ᠢᠶᠠᠨ ᠪᠠᠳᠤᠳᠬᠠᠨ᠂ ︽ᠠᠵᠤ ᠦᠶᠯᠡᠰ ᠤᠨ ᠲᠥᠯᠥᠪᠵᠢᠭᠦᠯᠭᠡ᠂ ᠣᠷᠣᠨ ᠪᠦᠰᠡ  ᠶᠢᠨ ᠪᠠᠶᠢᠷᠢᠯᠠᠭᠤᠯᠤᠯᠲᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ︾ ᠬᠤᠰᠢᠭᠤᠨ ᠤ ᠠᠵᠤ ᠠᠬᠤᠶ ᠶᠢᠨ ᠶᠡᠷᠦᠩᠬᠡᠶ ᠰᠡᠳᠬᠢᠴᠡ ᠶᠢᠨ ᠲᠣᠭᠤᠷᠢᠨ ᠳᠤ᠂ ᠡᠨᠧᠷᠭᠢ ᠶᠢᠨ ᠠᠵᠤ ᠠᠬᠤᠶ᠂ ᠬᠢᠯᠢ ᠶᠢᠨ ᠪᠣᠭᠤᠮᠲᠠ ᠶᠢᠨ ᠠᠵᠤ ᠠᠬᠤᠶ ᠪᠤᠯᠤᠨ ᠵᠠᠩᠭᠢᠯᠠᠭ᠎ᠠ ᠶᠢᠨ ᠠᠵᠤ ᠠᠬᠤᠶ ᠶᠢᠨ ︽ᠭᠤᠷᠪᠠᠨ ᠶᠡᠭᠡ ᠪᠠᠶᠢᠷᠢ ᠲᠣᠭᠲᠠᠭᠠᠯᠲᠠ︾ ᠶᠢ ᠡᠵᠡᠮᠳᠡᠨ᠂ ᠡᠬᠢ ᠪᠠᠶᠠᠯᠢᠭ ᠤᠨ ᠨᠡᠭᠡᠭᠡᠨ ᠬᠦᠭᠵᠢᠬᠦᠯᠦᠯᠳᠡ᠂ ᠡᠨᠧᠷᠭᠢ ᠶᠢᠨ ᠠᠰᠢᠭᠯᠠᠯᠲᠠ ᠪᠠ ᠪᠣᠳᠠᠲᠤ ᠴᠣᠭᠴᠠ  ᠶᠢᠨ ᠠᠵᠤ ᠠᠬᠤᠶ ᠶᠢᠨ ︽ᠭᠤᠷᠪᠠᠨ ᠲᠦᠷᠦᠯ ᠤᠨ ᠠᠵᠢᠯ︾ ᠢ ᠬᠦᠢᠴᠡᠳ ᠪᠡᠶᠡᠯᠡᠬᠦᠯᠵᠤ᠂ ︽ᠤᠯᠤᠰ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠡᠬᠢ ᠪᠠᠶᠠᠯᠢᠭ  ᠢ ᠨᠥᠭᠡᠴᠡᠯᠡᠬᠦ ᠲᠡᠭᠡᠭᠡᠪᠦᠷᠢᠯᠡᠬᠦ ᠰᠠᠭᠤᠷᠢᠨ ᠭᠠᠵᠠᠷ︾᠂ ︽ ᠣᠷᠣᠨ ᠪᠦᠰᠡ ᠠᠯᠤᠰᠯᠠᠭᠰᠠᠨ ᠠᠵᠤ ᠦᠶᠯᠡᠰ ᠤᠨ ᠬᠠᠮᠵᠢᠯᠴᠠᠭᠠᠨ ᠤ ᠬᠤᠩᠭᠢᠯ︾᠂ ︽ᠳᠤᠮᠳᠠᠳᠤ ᠮᠣᠩᠭᠤᠯ ᠤᠨ ᠦᠶᠯᠡᠳᠪᠦᠷᠢᠯᠡᠯ ᠤᠨ ᠴᠢᠳᠠᠪᠤᠷᠢ ᠶᠢᠨ ᠬᠠᠮᠲᠤᠷᠠᠯᠴᠠᠭᠠᠨ ᠤ ᠬᠦᠷᠢᠶᠡᠯᠡᠩ ᠲᠣᠭᠤᠷᠢᠭ ︾ ᠤᠨ ᠭᠤᠷᠪᠠᠨ ᠶᠡᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠᠶᠢᠷᠢᠯᠠᠭᠤᠯᠤᠯᠳᠠ ᠶᠢ ᠠᠬᠢᠭᠤᠯᠤᠨ᠎ᠠ᠃ ︽ᠲᠠᠪᠤᠨ ᠶᠡᠭᠡ ᠡᠭᠦᠳᠦᠨ ᠪᠠᠶᠢᠭᠤᠯᠤᠯᠲᠠ︾ ᠶᠢᠨ ᠬᠠᠷᠠᠯᠲᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ︽ᠲᠤᠮᠤ ᠰᠠᠭᠤᠷᠢᠨ ᠭᠠᠵᠠᠷ᠂ ᠲᠤᠮᠤ ᠬᠦᠷᠢᠶᠡᠯᠡᠩ ᠲᠤᠭᠤᠷᠢᠭ᠂ ᠲᠤᠮᠤ ᠲᠤᠯᠤᠭᠠᠶᠢᠯᠠᠭᠴᠢ ᠠᠵᠤ ᠠᠬᠤᠶᠢᠯᠠᠯ᠂ ᠲᠤᠮᠤ ᠨᠡᠷᠡᠲᠦ ᠲᠦᠷᠦᠯ ᠲᠡᠮᠳᠡᠭᠳᠤ᠂ ᠲᠣᠮᠣ ᠲᠥᠷᠥᠯ ᠵᠦᠶᠯ︾ ᠢᠶᠠᠷ ᠭᠤᠤᠯ ᠰᠢᠪᠲᠤᠯᠬᠤ ᠴᠢᠭᠯᠡᠯ ᠪᠤᠯᠭᠠᠨ᠂ ᠭᠠᠪᠰᠢᠭᠠᠶᠢᠯᠠᠨ ᠴᠢᠷᠮᠠᠶᠢᠵᠤ ᠲᠡᠷᠢᠬᠦᠨ ᠢ ᠲᠡᠮᠡᠴᠡᠨ ᠤᠷᠤᠭᠰᠢᠯᠠᠨ ᠳᠠᠪᠰᠢᠵᠤ᠂ ᠠᠵᠤ ᠠᠬᠤᠶ ᠨᠡᠶᠢᠭᠡᠮ ᠤᠨ ᠡᠯ᠎ᠡ ᠲᠦᠷᠦᠯ ᠤᠨ ᠠᠵᠢᠯ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠤᠨ᠂ ᠤᠷᠠᠳ ᠤᠨ ᠳᠤᠮᠳᠠᠳᠤ ᠬᠤᠰᠢᠭᠤᠨ ᠤ ᠣᠳᠣᠬᠢᠴᠢᠯᠠᠯᠲᠠ  ᠶᠢᠨ ᠪᠦᠲᠦᠭᠡᠨ ᠪᠠᠶᠢᠭᠤᠯᠤᠯᠲᠠ ᠶᠢᠨ ᠴᠣ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠶ᠎ᠡ ᠭᠡᠵᠤ ᠵᠢᠭᠠᠵᠤ ᠭᠠᠷᠭᠠᠪᠠ᠃    ᠪᠦᠬᠦᠳᠡ ᠬᠤᠷᠠᠯ ᠠᠴᠠ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠪᠣᠯ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ  ᠶᠢᠨ ︽ᠠᠮᠢᠨ ᠰᠤᠳᠠᠰᠤ︾ ᠪᠠ ︽ᠤᠨᠳᠤᠷᠤᠮᠠᠯ ᠪᠤᠯᠠᠭ︾ ᠮᠥᠨ᠂ ᠣᠷᠣᠨ ᠪᠦᠰᠡ ᠶᠢᠨ ᠥᠷᠢᠰᠥᠯᠳᠦᠭᠡᠨ ᠤ ᠰᠠᠨᠠᠭᠠᠴᠢᠯᠠᠭᠠᠲᠤ ᠡᠷᠬᠡ ᠶᠢ ᠤᠯᠬᠤ ᠴᠢᠬᠤᠯᠠ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠮᠥᠨ᠃ ᠪᠥᠬᠦ ᠬᠤᠰᠢᠭᠤ ᠪᠠᠷ ᠢᠶᠠᠨ ︽ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠣᠷᠴᠢᠨ ᠲᠤᠭᠤᠷᠢᠨ ᠢ ᠰᠢᠯᠢᠳᠡᠭᠵᠢᠭᠦᠯᠬᠦ ᠪᠣᠭᠤᠮᠲᠠ ᠰᠢᠪᠲᠤᠯᠬᠤ ᠣᠨ︾ ᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠴᠢᠷᠮᠠᠶᠢᠨ ᠠᠵᠢᠯᠯᠠᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠠᠮᠤᠭ ᠤᠨ ᠰᠠᠶᠢᠨ ᠦᠷ᠎ᠡ ᠳ᠋ᠦᠩ ᠢ ᠪᠠᠶᠡᠯᠡᠬᠦᠯᠦᠨ ᠂ ᠣᠳᠣᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠶᠢᠨ ᠤᠶᠠᠨ ᠬᠠᠲᠠᠨ ᠴᠢᠨᠠᠷ ᠪᠠ ᠨᠥᠭᠡᠴᠡ ᠬᠦᠴᠦᠨ ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ ᠭᠡᠵᠤ ᠴᠢᠬᠤᠯᠠᠴᠢᠯᠠᠪᠠ᠃    ᠪᠦᠬᠦᠳᠡ ᠬᠤᠷᠠᠯ ᠠᠴᠠ᠂ ︽ᠲᠦᠷᠪᠡ ᠶᠢ ᠲᠡᠮᠡᠴᠡᠨ ᠤᠯᠬᠤ︾ ᠠᠵᠢᠯ ᠪᠣᠯ ︽ᠭᠤᠷᠪᠠ ᠲᠦᠷᠪᠡ ᠲᠠᠪᠤ︾ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ  ᠶᠢ ᠨᠠᠷᠢᠯᠢᠭ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠭᠠᠷᠳᠠᠴᠠ ᠮᠥᠨ᠃ ᠪᠦᠭᠦ ᠬᠤᠰᠢᠭᠤ ᠪᠠᠷ ᠢᠶᠠᠨ ᠡᠷᠬᠡᠪᠰᠢ ᠪᠦᠭᠦ ᠲᠠᠯ᠎ᠠ ᠶᠢᠨ᠂ ᠪᠠᠶᠢᠯᠳᠤᠬᠤ ᠪᠤᠲᠤᠯᠭ᠎ᠠ ᠶᠢᠨ ᠬᠠᠷᠠᠴᠠ ᠪᠠᠷ ︽ᠲᠦᠷᠪᠡ ᠶᠢ ᠲᠡᠮᠡᠴᠡᠨ ᠤᠯᠬᠤ︾ ᠠᠵᠢᠯ ᠢ ᠭᠦᠨᠵᠡᠭᠡᠶᠢᠷᠡᠭᠦᠯᠵᠦ᠂ ᠬᠠᠷᠠᠯᠲᠠ ᠪᠠᠨ ᠬᠤᠪᠢᠷᠠᠭᠤᠯᠬᠤ ᠦᠭᠡᠢ᠂ ᠡᠭᠦᠷᠭᠡ ᠪᠠᠨ ᠬᠦᠩᠭᠡᠷᠡᠬᠦᠯᠬᠦ ᠦᠭᠡᠢ᠂ ᠪᠠᠷᠢᠮᠵᠢᠶ᠎ᠠ ᠪᠠᠨ ᠲᠤᠷᠤᠭᠰᠢᠯᠠᠭᠤᠯᠬᠤ ᠦᠭᠡᠢ ᠪᠠᠶᠢᠬᠤ ᠠᠵᠢᠯ ᠤᠨ ᠱᠠᠭᠠᠷᠳᠠᠯᠭ᠎ᠠ ᠶᠢ ᠢᠮᠠᠭᠲᠠ ᠪᠠᠷᠢᠮᠳᠠᠯᠠᠨ᠂ ᠪᠠᠶᠢᠯᠳᠤᠬᠤ ᠠᠷᠭ᠎ᠠ ᠳᠠᠭᠠᠨ ᠲᠤᠬᠢᠷᠠᠭᠤᠯᠤᠯᠲᠠ ᠬᠢᠵᠦ᠂ ᠪᠠᠶᠢᠯᠳᠤᠬᠤ ᠪᠤᠳᠤᠯᠭ᠎ᠠ ᠪᠠᠨ ᠰᠢᠯᠢᠳᠡᠭᠵᠢᠭᠦᠯᠵᠦ᠂ ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠬᠥᠪᠴᠢᠯᠡᠵᠦ᠂ ︽ᠲᠦᠷᠪᠡ ᠶᠢ ᠲᠡᠮᠡᠴᠡᠨ ᠤᠯᠬᠤ︾ ᠠᠵᠢᠯ ᠤᠨ ᠴᠣ ᠰᠢᠨ᠎ᠡ ᠦᠷ᠎ᠡ ᠪᠦᠲᠦᠭᠡᠯ ᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠤ ᠴᠢᠬᠤᠯᠠᠴᠢᠯᠠᠪᠠ᠃    ᠪᠥᠬᠦᠳᠡ ᠬᠤᠷᠠᠯ ᠠᠴᠠ᠂ ︽ᠲᠠᠪᠤᠨ ᠶᠡᠭᠡ ᠡᠭᠦᠳᠦᠨ ᠪᠠᠶᠢᠭᠤᠯᠤᠯᠲᠠ︾ ᠪᠣᠯ ᠲᠡᠷᠢᠭᠦᠨ ᠤ ᠬᠢ ᠪᠣᠯᠬᠤ ᠪᠠᠷ ᠴᠢᠷᠮᠠᠶᠢᠬᠤ᠂ ᠤᠷᠤᠯᠳᠤᠨ ᠬᠥᠭᠡᠭᠡᠵᠦ ᠭᠦᠶᠴᠡᠨ ᠳᠠᠪᠠᠭ᠋ᠤ ᠶᠢ ᠪᠡᠶᠡᠯᠡᠭᠦᠯᠬᠦ ᠦᠶᠯᠡᠳᠦᠯᠭᠡ ᠶᠢᠨ ᠠᠷᠭ᠎ᠠ ᠵᠠᠮ ᠪᠠ ᠲᠤᠯᠭᠠᠭᠤᠷᠢᠯᠠᠯ ᠤᠨ ᠰᠢᠰᠲ᠋ᠧᠮ ᠪᠣᠯᠤᠨ᠎ᠠ᠂ ᠪᠠᠰᠠ ᠴᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠭᠤᠤᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠵᠠᠩᠭᠢᠯᠠᠭ᠎ᠠ ᠪᠣᠯᠤᠨ᠎ᠠ᠃ 21 ᠬᠢᠯᠢ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠲᠤᠭᠤᠷᠢᠭ ᠢ ᠴᠣᠭᠴᠠᠯᠠᠬᠤ ᠪᠠᠷ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠬᠤ ᠴᠡᠭ ᠪᠣᠯᠭᠠᠵᠤ᠂ ︽ᠲᠤᠮᠤ ᠰᠠᠭᠤᠷᠢᠨ ᠭᠠᠵᠠᠷ᠂ ᠲᠤᠮᠤ ᠬᠦᠷᠢᠶᠡᠯᠡᠩ ᠲᠤᠭᠤᠷᠢᠭ᠂ ᠲᠤᠮᠤ ᠲᠤᠯᠤᠭᠠᠶᠢᠯᠠᠭᠴᠢ ᠠᠵᠤ ᠠᠬᠤᠶᠢᠯᠠᠯ᠂ ᠲᠤᠮᠤ ᠨᠡᠷᠡᠲᠦ ᠲᠦᠷᠦᠯ ᠲᠡᠮᠳᠡᠭᠳᠤ᠂ ᠲᠣᠮᠣ ᠲᠥᠷᠥᠯ ᠵᠦᠶᠯ︾ ᠢ ᠪᠦᠬᠦ ᠶᠠᠪᠤᠴᠠ ᠳᠤ ᠲᠤᠭᠤᠰᠢᠯᠠᠭᠤᠯᠵᠤ᠂ ᠰᠠᠭᠤᠷᠢᠨ ᠭᠠᠵᠠᠷ᠂ ᠬᠦᠷᠢᠶᠡᠯᠡᠩ ᠲᠣᠭᠤᠷᠢᠭ ᠤᠨ ᠬᠦᠴᠦᠨ ᠢᠶᠠᠨ ᠲᠥᠪᠯᠡᠷᠡᠭᠦᠯᠦᠨ ᠰᠢᠪᠲᠤᠯᠤᠯᠲᠠ ᠭᠠᠷᠭᠠᠵᠤ᠂ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ︽ᠨᠢᠭᠡ ᠪᠠᠯᠭᠠᠰᠤ ᠨᠢᠭᠡ ᠨᠡᠷᠡᠳᠤ ᠲᠦᠷᠦᠯ ᠲᠡᠮᠳᠡᠭᠳᠤ︾ ᠪᠠᠷ ᠶᠡᠷᠦᠩᠬᠡᠶ ᠤᠳᠤᠷᠢᠳᠤᠮᠵᠢ ᠪᠤᠯᠭᠠᠵᠤ᠂ ︽ᠪᠤᠯᠪᠠᠰᠤᠷᠠᠭᠤᠯᠬᠤ︾ ᠪᠠ ︽ᠨᠡᠷᠡᠲᠦ ᠲᠦᠷᠦᠯ ᠲᠡᠮᠳᠡᠭᠲᠦ︾ ᠪᠠᠷ ᠭᠤᠤᠯ ᠭᠤᠭᠴᠤᠭ᠎ᠠ ᠪᠤᠯᠭᠠᠨ᠂ ᠰᠠᠭᠤᠷᠢ ᠠᠵᠤ ᠦᠢᠯᠡᠰ ᠢ ᠪᠣᠶᠢᠵᠢᠭᠤᠯᠬᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠲᠤᠯᠤᠭᠠᠶᠢᠯᠠᠭᠴᠢ ᠨᠠᠷᠠᠲᠤ ᠲᠦᠷᠦᠯ ᠲᠡᠮᠳᠡᠭᠲᠦ ᠶᠢ ᠡᠭᠦᠳᠬᠦ ᠪᠠᠷ ᠭᠤᠤᠯ ᠰᠢᠪᠲᠤᠯᠬᠤ ᠴᠢᠭᠯᠡᠯ ᠪᠤᠯᠭᠠᠵᠤ᠂ ︽ᠤᠷᠠᠳ ᠨᠤᠳᠤᠭ ᠤᠨ ᠠᠮᠳᠠᠳᠤ ᠢᠳᠡᠭᠡᠨ︾ ᠣᠯᠠᠨ ᠤᠯᠤᠰ ᠤᠨ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠮᠦᠶᠠᠩᠬᠠᠢ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠤᠯᠪᠠᠰᠤᠷᠠᠭᠤᠯᠤᠯᠳᠠ ᠶᠢᠨ ᠠᠵᠤ ᠦᠶᠯᠡᠰ ᠤᠨ ᠬᠦᠷᠢᠶᠡᠯᠡᠩ᠂ ᠬᠢᠯᠢ ᠶᠢᠨ ᠪᠣᠭᠤᠮᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠪᠤᠯᠪᠠᠰᠤᠷᠠᠭᠤᠯᠤᠯᠳᠠ ᠶᠢᠨ ᠠᠵᠤ ᠦᠶᠯᠡᠰ ᠤᠨ ᠬᠦᠷᠢᠶᠡᠯᠡᠩ᠂ ᠲᠠᠯ ᠠᠭᠤᠯᠠ ᠶᠢᠨ ᠢ ᠲᠠᠩ ᠤᠯᠠᠭᠠᠨ ᠯᠠᠵᠤᠤ ᠶᠢᠨ ᠪᠥᠬᠦ ᠠᠵᠤ ᠦᠶᠯᠡᠰ ᠤᠨ ᠭᠡᠯᠬᠢᠶᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠦᠵᠦᠬᠦᠷ ᠭᠤᠤᠯ ᠤᠨ ᠡᠷᠳᠡᠨᠢ ᠰᠢᠰᠢ ᠶᠢᠨ ᠪᠦᠬᠦ ᠠᠵᠤ ᠦᠢᠯᠡᠰ ᠤᠨ ᠭᠡᠯᠬᠢᠶᠡᠵᠢᠯ ᠤᠨ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ 5 ᠬᠢᠯᠢ ᠳᠠᠭᠠᠤ ᠶᠢᠨ ᠲᠠᠷᠢᠶᠠᠯᠠᠩ ᠮᠠᠯ ᠠᠵᠤ ᠠᠬᠤᠢ  ᠶᠢᠨ ᠠᠵᠤ ᠦᠢᠯᠡᠰ ᠤᠨ ᠬᠦᠷᠢᠶᠡᠯᠡᠩ ᠲᠤᠭᠤᠷᠢᠭ ᠪᠣᠯᠤᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠪᠠᠶᠢᠭᠤᠯᠵᠤ᠂ ︽ᠲᠣᠰᠬᠤᠨ ᠤ ᠰᠢᠨᠡᠴᠢᠯᠡᠯᠳᠡ︾ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠠᠵᠤ ᠦᠢᠯᠡᠰ ᠤᠨ ︽ᠬᠦᠷᠢᠶᠡᠯᠡᠩ ᠲᠤᠭᠤᠷᠢᠭ︾ ᠢᠶᠠᠷ ᠮᠠᠯ ᠠᠵᠤ ᠠᠬᠤᠢ ᠲᠠᠷᠢᠶᠠᠯᠠᠩ ᠤᠨ ︽ᠣᠳᠣᠬᠢᠴᠢᠯᠠᠯᠲᠠ︾ ᠶᠢ ᠬᠦᠳᠦᠯᠥᠨ ᠠᠬᠢᠭᠤᠯᠤᠨ᠎ᠠ᠃ ᠤᠯᠤᠰ ᠤᠨ ᠴᠢᠬᠤᠯᠠ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ︽ᠪᠣᠯᠪᠠᠰᠤᠷᠠᠭᠤᠯᠬᠤ︾ ᠪᠠ ︽ᠦᠢᠯᠡᠳᠬᠦ︾ ᠪᠠᠷ ᠭᠤᠣᠯ ᠵᠠᠩᠭᠢᠯᠠᠭ᠎ᠠ ᠪᠣᠯᠭᠠᠨ᠂ ︽ᠨᠢᠭᠡ ᠲᠣᠭᠤᠷᠢᠭ ᠬᠤᠶᠠᠷ ᠬᠦᠷᠢᠶᠡᠯᠡᠩ︾ ᠢᠶᠠᠷ ᠴᠢᠬᠤᠯᠠ ᠠᠴᠢᠶᠠᠯᠠᠪᠤᠷᠢ ᠪᠣᠯᠭᠠᠵᠤ᠂ ︽ᠠᠷᠪᠠᠨ ᠶᠡᠭᠡ ᠠᠵᠤ ᠦᠶᠯᠡᠰ ᠤᠨ ᠭᠡᠯᠬᠢᠶᠡᠵᠢᠯ︾ ᠢ ᠪᠣᠶ ᠪᠣᠯᠭᠠᠨ᠂ ᠶᠢᠨ ᠴᠢᠤᠸᠠᠨ ᠠᠵᠤ ᠦᠶᠯᠡᠰ ᠤᠨ ᠬᠦᠷᠢᠶᠡᠯᠡᠩ ᠪᠣᠯᠤᠨ ᠶᠢᠨ ᠬᠠᠶ ᠠᠵᠤ ᠦᠶᠯᠡᠰ ᠤᠨ ᠬᠦᠷᠢᠶᠡᠯᠡᠩ ᠵᠡᠷᠭᠡ 2 ᠬᠢᠯᠢ ᠳᠠᠭᠠᠤ ᠶᠢᠨ ᠠᠵᠤ ᠦᠶᠯᠡᠳᠪᠦᠷᠢ ᠶᠢᠨ ᠠᠵᠤ ᠦᠶᠯᠡᠰ ᠤᠨ ᠬᠦᠷᠢᠶᠡᠯᠡᠩ ᠪᠣᠯᠤᠨ ᠭᠠᠳᠠᠭᠠᠳᠤ ᠠᠴᠠ ᠣᠷᠣᠭᠤᠯᠤᠭᠰᠠᠨ ᠡᠬᠢ ᠪᠠᠶᠠᠯᠢᠭ ᠢ ᠨᠠᠷᠢᠯᠢᠭ ᠭᠦᠨᠵᠡᠭᠡᠶ ᠡᠳ᠋ᠰᠢᠭᠦᠯᠦᠨ ᠪᠤᠯᠪᠠᠰᠤᠷᠠᠭᠤᠯᠬᠤ᠂ ᠡᠨᠧᠷᠬᠢ ᠬᠠᠳᠠᠭᠠᠯᠠᠬᠤ᠂ ᠰᠢᠨ᠎ᠡ ᠡᠨᠧᠷᠭᠢ ᠶᠢᠨ ᠲᠣᠨᠣᠭᠯᠠᠯ ᠦᠶᠯᠡᠳᠬᠦ᠂ ᠥᠨᠳᠥᠷ ᠬᠠᠷᠢᠴᠠᠯᠳᠤ ᠪᠤᠬᠢᠷᠳᠤᠯ ᠦᠭᠡᠢ ᠴᠠᠬᠢᠯᠭᠠᠨ ᠢᠶᠠᠷ ᠦᠨᠳᠦᠷ ᠡᠨᠧᠷᠭᠢ ᠶᠢᠨ ᠬᠤᠷᠤᠭᠳᠠᠯ ᠢ ᠤᠷᠤᠯᠠᠭᠤᠯᠬᠤ᠂ ᠴᠠᠬᠢᠭᠤᠷᠲᠤ ᠰᠢᠨ᠎ᠡ ᠮᠠᠲ᠋ᠧᠷᠢᠶᠠᠯ᠂ ᠪᠠᠯ ᠴᠢᠯᠠᠭᠤᠨ ᠤ ᠰᠢᠨ᠎ᠡ ᠮᠠᠲ᠋ᠧᠷᠢᠶᠠᠯ᠂ ᠯᠢᠲ᠋ᠢ ᠴᠠᠬᠢᠯᠭᠠᠨ ᠤ ᠰᠢᠨ᠎ᠡ ᠮᠠᠲ᠋ᠧᠷᠢᠶᠠᠯ ᠵᠡᠷᠭᠡ 7 ᠠᠵᠤ ᠦᠶᠯᠡᠰ  ᠤᠨ ᠪᠦᠯᠦᠭᠵᠢᠯ ᠢ ᠲᠦᠷᠭᠡᠳᠬᠡᠨ ᠪᠥᠲᠥᠭᠡᠨ ᠪᠠᠶᠢᠭᠤᠯᠵᠤ᠂ ︽ᠬᠦᠷᠢᠶᠡᠯᠡᠩ ᠲᠣᠭᠤᠷᠢᠭ ᠤᠨ ᠰᠢᠨᠡᠴᠢᠯᠡᠯᠳᠡ︾ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠤᠯᠤᠰ ᠤᠨ ᠲᠠᠰ ᠤᠨ ᠰᠢᠨ᠎ᠡ ᠡᠨᠧᠷᠭᠢ ᠶᠢᠨ ᠰᠢᠨ᠎ᠡ ᠶᠢ ᠡᠭᠦᠳᠬᠦ ᠬᠡᠷᠡᠭᠯᠡᠭᠡᠨ ᠤ ᠵᠢᠱᠢᠶ᠎ᠡ ᠦᠵᠡᠭᠦᠯᠬᠦ ᠣᠷᠣᠨ ᠪᠠ ᠪᠣᠬᠢᠷᠲᠤᠯ ᠥᠬᠡᠶ ᠡᠨᠧᠷᠭᠢ ᠶᠢᠨ ᠠᠴᠢᠶᠠᠯᠠᠪᠤᠷᠢᠳᠤ ᠠᠵᠤ ᠦᠶᠯᠡᠰ ᠢ ᠵᠤᠯᠭᠠᠭᠤᠯᠤᠨ ᠬᠦᠯᠢᠶᠠᠨ ᠠᠪᠬᠤ ᠭᠤᠤᠯ ᠵᠢᠭᠰᠠᠭᠠᠯ ᠤᠨ ᠭᠠᠵᠠᠷ ᠢ ᠪᠣᠶ ᠪᠣᠯᠭᠠᠨ᠎ᠠ᠃ ᠤᠯᠤᠰ ᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠵᠢᠴᠢ ᠤᠯᠤᠰ ᠤᠨ ᠲᠡᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠂ ᠵᠢᠭᠤᠯᠴᠢᠯᠠᠯ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠵᠢᠭᠤᠯᠴᠢᠯᠠᠯ ᠤᠨ ᠵᠣᠷᠢᠭᠰᠠᠨ ᠭᠠᠵᠠᠷ ᠢ ᠴᠣᠭᠴᠠᠯᠠᠨ ᠪᠠᠶᠢᠭᠤᠯᠬᠤ ᠪᠠᠷ ᠭᠤᠣᠯ ᠪᠣᠯᠭᠠᠵᠤ᠂ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠬᠤᠸᠠᠷᠠᠨ ᠤ ᠠᠵᠤ ᠦᠶᠯᠡᠰ︾ ᠢ ᠬᠥᠭᠵᠢᠭᠦᠯᠬᠦ ᠪᠠᠷ ᠭᠠᠷᠳᠠᠴᠠ ᠪᠣᠯᠭᠠᠨ᠂ ᠴᠤᠩᠵᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠢᠵᠢᠭ ᠪᠠᠯᠭᠠᠰᠤ᠂ ᠬᠠᠯᠢᠭᠤᠲᠤ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠴᠡᠷᠢᠭ ᠤᠨ ᠶᠠᠪᠤᠳᠠᠯ ᠤᠨ ᠰᠢᠨᠵᠢᠯᠡᠭᠡ ᠮᠡᠷᠭᠡᠵᠢᠯ ᠤᠨ ᠪᠡᠶᠡᠴᠢᠯᠡᠨ ᠣᠶᠢᠯᠠᠭᠠᠬᠤ ᠬᠦᠷᠢᠶᠡᠯᠡᠩ᠂ ᠮᠣᠷᠢᠲᠤ ᠴᠡᠷᠢᠭ ᠤᠨ ᠪᠠᠲᠯᠢᠶᠣᠨ ᠤ ᠴᠡᠷᠢᠭ ᠤᠨ ᠶᠠᠪᠤᠳᠠᠯ ᠤᠨ ᠰᠣᠶᠣᠯ ᠢ ᠥᠷᠭᠡᠳᠬᠡᠨ ᠪᠡᠶᠡᠴᠢᠯᠡᠨ ᠣᠶᠢᠯᠠᠭᠠᠬᠤ ᠬᠦᠷᠢᠶᠡᠯᠡᠩ᠂ ᠬᠠᠯᠢᠭᠤᠲᠤ ᠶᠢᠨ ᠲᠠᠷᠢᠶᠠᠯᠠᠩ ᠰᠣᠶᠣᠯ ᠬᠤᠳᠠᠯᠳᠤᠭ᠎ᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ᠂ ᠲᠤᠭᠤᠯᠳᠠᠢ ᠶᠢᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ᠂ ᠮᠦᠶᠠᠩᠬᠠᠢ ᠶᠢᠨ ᠲᠠᠷᠢᠶᠠᠯᠠᠩ ᠤᠨ ᠰᠣᠶᠣᠯ ᠵᠢᠭᠤᠯᠴᠢᠯᠠᠯ ᠤᠨ ᠵᠢᠵᠢᠭ ᠪᠠᠯᠭᠠᠰᠤ᠂ ᠭᠠᠭᠴᠠᠮᠤᠳᠤ ᠶᠢᠨ ︽ᠲᠣᠷᠭᠠᠨ ᠵᠠᠮ ᠤᠨ ᠤᠯᠠᠭᠠᠨ ᠲᠡᠮᠡᠭᠡ︾ ᠰᠣᠶᠣᠯ ᠤᠨ ᠠᠵᠤ ᠦᠶᠯᠡᠰ ᠤᠨ ᠬᠦᠷᠢᠶᠡᠯᠡᠩ ᠤᠨ ᠬᠢᠯᠢ ᠳᠠᠭᠠᠤ ᠶᠢᠨ ᠰᠣᠶᠣᠯ ᠵᠢᠭᠤᠯᠴᠢᠯᠠᠯ ᠤᠨ ᠠᠵᠤ ᠦᠶᠯᠡᠰ ᠵᠡᠷᠭᠡ 7 ᠬᠦᠷᠢᠶᠡᠯᠡᠩ ᠪᠠ ᠠᠵᠤ ᠦᠶᠯᠡᠰ ᠤᠨ ᠪᠦᠯᠦᠭᠵᠢᠯ ᠢ ᠲᠦᠷᠭᠡᠳᠬᠡᠨ ᠪᠠᠶᠢᠭᠤᠯᠵᠤ᠂ ᠪᠦᠬᠦ ᠤᠯᠤᠰ ᠤᠨ ᠬᠠᠮᠤᠭ ᠤᠨ ᠶᠡᠭᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ  ᠤᠨ ᠦᠢᠯᠡᠳᠦᠯᠭᠡ ᠪᠣᠯᠪᠠᠰᠤᠷᠠᠯ ᠤᠨ ᠰᠠᠭᠤᠷᠢᠨ ᠭᠠᠵᠠᠷ ᠪᠠ ᠤᠷᠳᠤ ᠴᠠᠭᠠᠨ ᠬᠡᠷᠡᠮ᠂ ᠮᠤᠨᠠ ᠠᠭᠤᠯᠠ᠂ ᠨᠤᠭᠤ ᠭᠠᠵᠠᠷ᠂ ᠲᠠᠯ᠎ᠠ ᠨᠤᠲᠤᠭ᠂ ᠬᠢᠯᠢ ᠶᠢᠨ ᠪᠣᠭᠤᠮᠲᠠ  ᠶᠢᠨ ︽ᠲᠠᠪᠤᠨ ᠶᠡᠭᠡ ᠬᠡᠰᠡᠭ︾ ᠢ ᠬᠠᠮᠤᠷᠤᠭᠰᠠᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠪᠠᠶᠢᠷᠢᠰᠢᠯ ᠢ ᠴᠤᠭᠴᠠᠯᠠᠨ ᠪᠠᠶᠢᠭᠤᠯᠤᠨ᠎ᠠ᠃ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠴᠢᠯᠦᠭᠡᠳᠠᠢ ᠶᠠᠪᠤᠯᠴᠠᠬᠤ ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ︽5575︾ ᠡᠭᠦᠳᠦᠨ ᠪᠠᠶᠢᠭᠤᠯᠬᠤ ᠰᠡᠳᠬᠢᠴᠡ ᠶᠢᠨ ᠲᠣᠭᠤᠷᠢᠨ ᠳᠤ᠂ ︽ᠪᠤᠯᠪᠠᠰᠤᠷᠠᠭᠤᠯᠬᠤ︾ ᠪᠠ ︽ᠠᠷᠠᠯᠵᠢᠶ᠎ᠠ︾ ᠪᠠᠷ ᠭᠤᠤᠯ ᠭᠤᠭᠴᠤᠭ᠎ᠠ ᠪᠣᠯᠭᠠᠵᠤ᠂ ︽ᠬᠤᠶᠠᠷ ᠱᠤᠭᠤᠮ ᠭᠤᠷᠪᠠᠨ ᠲᠣᠭᠤᠷᠢᠭ︾ ᠤᠨ ᠲᠣᠭᠤᠷᠢᠨ ᠳᠤ᠂ ᠡᠭᠡ ᠬᠠᠭᠤᠷᠠᠶ ᠳᠡᠭᠡᠷᠡᠬᠢ ᠬᠢᠯᠢ ᠶᠢᠨ ᠪᠣᠭᠤᠮᠲᠠ ᠶᠢᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠶᠯᠭᠡᠭᠡᠨ ᠤ ᠬᠦᠶᠰᠦ᠂ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ ᠶᠢᠨ ᠲᠣᠭᠤᠷᠢᠭ᠂ ᠭᠠᠭᠴᠠᠮᠤᠳᠤ ᠬᠢᠯᠢ ᠶᠢᠨ ᠪᠣᠭᠤᠮᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ᠂ ᠭᠠᠭᠴᠠᠮᠤᠳᠤ ᠶᠢᠨ ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠶᠯᠡᠰ ᠤᠨ ᠬᠦᠷᠢᠶᠡᠯᠡᠩ᠂ ᠳᠤᠮᠳᠠᠳᠤ ᠮᠣᠩᠭᠤᠯ ᠤᠨ ᠠᠵᠤ ᠠᠬᠤᠶ ᠠᠷᠠᠯᠵᠢᠶ᠎ᠠ ᠶᠢᠨ ᠰᠢᠨ᠎ᠡ ᠶᠢ ᠡᠭᠦᠳᠦᠨ ᠬᠥᠭᠵᠢᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠵᠡᠷᠭᠡ 5 ᠬᠢᠯᠢ ᠳᠠᠭᠠᠤ ᠶᠢᠨ ᠠᠵᠤ ᠦᠶᠯᠡᠰ ᠤᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠪᠠᠷᠠᠭᠤᠨ ᠬᠡᠰᠡᠭ ᠤᠨ ᠶᠡᠷᠦᠩᠬᠡᠶᠢᠯᠡᠭᠰᠡᠨ ᠴᠢᠨᠠᠷᠲᠠᠶ ᠪᠣᠭᠤᠮᠲᠠ ᠲᠡᠶᠢᠰᠢ ᠲᠦᠷᠭᠡᠨ ᠳᠠᠪᠰᠢᠨ ᠣᠷᠣᠵᠤ᠂ ᠪᠥᠬᠦ ᠤᠯᠤᠰ ᠤᠨ ᠬᠢᠯᠢ ᠲᠠᠭᠠᠤ ᠶᠢᠨ ᠨᠡᠭᠡᠭᠡᠨ ᠬᠥᠭᠵᠢᠭᠦᠯᠵᠦ ᠴᠢᠯᠦᠭᠡᠳᠡᠢ ᠶᠠᠪᠤᠯᠴᠠᠬᠤ ᠬᠠᠮᠤᠭ ᠤᠨ ᠠᠮᠢᠵᠢᠷᠠᠯ ᠤᠨ ᠬᠦᠴᠦᠨ ᠲᠠᠢ ᠬᠤᠰᠢᠭᠤᠴᠢ ᠣᠷᠣᠨ ᠢ ᠪᠦᠲᠦᠭᠡᠨ ᠪᠠᠶᠢᠭᠤᠯᠤᠨ᠎ᠠ᠃ ᠪᠦᠬᠦ ᠤᠯᠤᠰ ᠤᠨ ᠰᠢᠶᠠᠨ ᠤ ᠱᠠᠳᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ  ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠲᠠ ᠶᠢᠨ ᠳᠦᠷᠢ ᠲᠥᠷᠬᠦ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠰᠣᠶᠣᠯ ᠢᠷᠭᠡᠨᠰᠢᠯ ᠤᠨ ᠰᠠᠭᠤᠷᠢ ᠶᠢ ᠵᠤᠵᠠᠭᠠᠳᠬᠠᠬᠤ ᠪᠠᠷ ᠭᠤᠣᠯᠳᠠᠯᠭ᠎ᠠ ᠪᠤᠯᠭᠠᠨ᠂ ᠬᠠᠯᠢᠭᠤᠳᠤ ᠶᠢᠨ ᠡᠮᠦᠨ᠎ᠡ ᠲᠡᠭᠦᠷᠭᠡ ᠶᠢᠨ ᠨᠤᠭᠤ ᠭᠠᠵᠠᠷ ᠤᠨ ᠴᠡᠴᠡᠷᠯᠢᠭ᠂ ᠬᠠᠯᠢᠭᠤᠳᠤ ᠶᠢᠨ ᠪᠠᠷᠠᠭᠤᠨ ᠲᠡᠭᠦᠷᠭᠡ ᠶᠢᠨ ᠬᠤᠳᠠ ᠶᠢᠨ ᠲᠤᠳᠤᠷᠠᠬᠢ ᠲᠠᠯ᠎ᠠ ᠨᠤᠲᠤᠭ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠬᠡᠵᠦ᠂ ︽ᠬᠤᠲᠠ ᠶᠢᠨ ᠰᠢᠨᠡᠴᠢᠯᠡᠯᠳᠡ︾ ᠶᠢᠨ ᠠᠵᠢᠯᠯᠠᠭ᠎ᠠ ᠶᠢ ᠦᠷᠭᠦᠯᠵᠢᠯᠡᠨ ᠬᠦᠨᠵᠡᠭᠡᠶᠢᠷᠡᠬᠦᠯᠵᠤ᠂ ᠬᠢᠯᠢ ᠳᠠᠭᠠᠤ ᠶᠢᠨ ᠠᠵᠤ ᠦᠢᠯᠡᠰ ᠤᠨ ᠬᠥᠮᠦᠨ ᠠᠮᠠ᠂ ᠪᠠᠷᠠᠭ᠎ᠠ ᠶᠢᠨ ᠭᠦᠢᠯᠭᠡᠭᠡ᠂ ᠮᠡᠳᠡᠭᠡ ᠵᠠᠩᠭᠢ ᠬᠤᠷᠠᠵᠤ ᠲᠥᠪᠯᠡᠷᠡᠭᠰᠡᠨ ᠭᠤᠣᠯ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ ᠭᠡᠵᠤ ᠴᠢᠬᠤᠯᠠᠴᠢᠯᠠᠪᠠ᠃       ᠪᠦᠬᠦᠳᠠ ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ︽ᠨᠤᠲᠤᠭ ᠤᠰᠤ ᠪᠠᠨ ᠬᠠᠶᠢᠷᠠᠯᠠᠵᠤ᠂ ᠳᠤᠮᠳᠠᠳᠤ ᠬᠤᠰᠢᠭᠤ ᠪᠠᠨ ᠬᠦᠭᠵᠢᠬᠦᠯᠦᠨ ᠮᠠᠨᠳᠤᠭᠤᠯᠬᠤ︾ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ ᠪᠣᠯᠤᠨ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠨ᠂ ᠦᠵᠡᠯᠳᠡ ᠲᠠᠨᠢᠯᠳᠠ ᠪᠠᠨ ᠰᠢᠨᠡᠴᠢᠯᠡᠵᠦ᠂ ᠭᠡᠪ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠡᠷᠳᠡᠮ ᠴᠢᠳᠠᠪᠤᠷᠢ ᠪᠠᠨ ᠲᠡᠭᠡᠭᠰᠢᠯᠡᠬᠦᠯᠦᠨ᠂ ᠥᠨᠳᠥᠷ ᠪᠠᠶᠢᠷᠢ ᠲᠣᠭᠲᠠᠭᠠᠯᠲᠠ ᠬᠢᠵᠤ᠂ ᠲᠡᠷᠢᠬᠦᠨ ᠳᠤ ᠤᠷᠤᠬᠤ ᠪᠠᠷ ᠵᠣᠷᠢᠭ ᠰᠢᠭᠤᠳᠴᠤ᠂ ᠦᠵᠡᠯ ᠰᠠᠨᠠᠭ᠎ᠠ ᠪᠠᠨ ᠴᠢᠯᠦᠭᠡᠯᠡᠨ᠂ ᠵᠣᠷᠢᠭᠲᠠᠢ ᠪᠠᠷ ᠲᠦᠷᠦᠭᠦᠯᠡᠨ ᠬᠢᠵᠦ᠂ ᠪᠣᠳᠠᠲᠠᠢ ᠶᠢ ᠡᠷᠬᠢᠮᠯᠡᠨ ᠤᠷᠤᠭᠰᠢᠯᠠᠨ ᠲᠠᠪᠰᠢᠵᠦ᠂ ᠪᠣᠳᠠᠲᠠᠢ ᠠᠵᠢᠯᠯᠠᠨ ᠵᠣᠷᠢᠭᠲᠠᠢ ᠪᠠᠷ ᠬᠠᠷᠢᠭᠤᠴᠠᠯᠭ᠎ᠠ ᠡᠬᠦᠷᠭᠡᠯᠡᠨ᠂ ᠡᠷᠡᠯᠬᠡᠭᠯᠡᠨ ᠲᠡᠮᠡᠴᠡᠵᠦ᠂ ᠥᠨᠳᠥᠷ ᠲᠦᠪᠰᠢᠨ᠂ ᠥᠨᠳᠥᠷ ᠦᠷ᠎ᠡ ᠪᠦᠲᠦᠮᠵᠢᠲᠡᠢ ᠨᠠᠶᠢᠳᠠᠪᠤᠷᠢᠵᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠦᠲᠦᠯᠦᠨ ᠳᠠᠭᠠᠭᠤᠯᠵᠤ᠂ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃    ᠪᠦᠬᠦᠲᠠ ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠠ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠭᠠᠪᠰᠢᠭᠠᠶᠢᠯᠠᠨ ᠴᠢᠷᠮᠠᠶᠢᠵᠤ ᠲᠡᠷᠢᠬᠦᠨ ᠢ ᠲᠡᠮᠡᠴᠡᠨ ᠤᠷᠤᠭᠰᠢᠯᠠᠨ ᠳᠠᠪᠰᠢᠵᠤ᠂ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ  ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠷᠠᠳ ᠤᠨ ᠳᠤᠮᠳᠠᠳᠤ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠡ ᠪᠠᠶᠢᠭᠤᠯᠤᠯᠲᠠ ᠶᠢᠨ ᠴᠣ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠰᠦᠭᠡᠢ ᠭᠡᠵᠦ ᠤᠷᠢᠶᠠᠯᠠᠪᠠ᠃   
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ