ᠵᠠᠰᠠᠭ ᠤᠨ ᠣᠷᠳᠤᠨ ᠤ ᠲᠤᠮᠤ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2025/2/10
    12 ᠰᠠᠷ᠎ᠠ ᠶᠢᠨ 18 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠵᠠᠩᠭᠢᠯᠠᠭ᠎ᠠ  ᠶᠢᠨ ᠠᠵᠤ ᠠᠬᠤᠶ ᠪᠠ ᠤᠶᠤᠨᠲᠤ ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢᠨ ᠠᠷᠠᠯᠵᠢᠶᠠᠴᠢᠨ ᠤᠷᠢᠬᠤ ᠬᠡᠯᠡᠯᠴᠡᠭᠡᠷ ᠤᠨ ᠬᠤᠷᠠᠯ  ᠢ ᠾᠧᠹᠸᠢ ᠳᠤ ᠬᠤᠷᠠᠯᠳᠤᠭᠤᠯᠪᠠ᠃ ᠬᠤᠰᠢᠭᠤᠨ  ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ  ᠤ ᠱᠦᠵᠢ ᠵᠢᠶᠠ ᠶᠦᠩ ᠫᠢᠩ᠂ ᠵᠦᠩ ᠦ᠋ ᠯᠢᠶᠡᠨ ᠪᠠᠷᠠᠭᠠᠨ ᠤ ᠭᠦᠢᠯᠭᠡᠭᠡᠨ ᠤ ᠲᠥᠯᠥᠪᠵᠢᠭᠦᠯᠭᠡ  ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠵᠦᠩ ᠦ᠋ ᠯᠢᠶᠡᠨ ᠲᠣᠮᠣ ᠳ᠋ᠠᠶᠢᠲ᠋ᠠ  ᠶᠢᠨ ᠬᠤᠪᠢᠶᠠᠷᠢ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠯᠢ ᠶᠢᠨ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠳᠡᠭᠡᠷ᠎ᠡ᠂ ᠤᠷᠠᠳ ᠤᠨ ᠳᠤᠮᠳᠠᠳᠤ ᠬᠤᠰᠢᠭᠤᠨ ᠤ ᠭᠠᠳᠠᠭᠠᠳᠤ ᠶᠠᠪᠤᠳᠠᠯ  ᠤᠨ ᠠᠯᠪᠠᠨ ᠬᠡᠷ ︵ᠬᠤᠳᠠᠯᠳᠤᠭᠠᠨ ᠤ ᠶᠠᠪᠤᠳᠠᠯ  ᠤᠨ ᠲᠣᠪᠴᠢᠶ᠎ᠠ︶ ᠤᠨ ᠡᠷᠬᠢᠯᠡᠭᠴᠢ᠂ ᠲᠣᠪᠴᠢᠶᠠᠨ ᠳᠠᠷᠤᠭ᠎ᠠ ᠵᠠᠶ ᠸᠧᠶ ᠤᠷᠠᠳ ᠤᠨ ᠳᠤᠮᠳᠠᠳᠤ ᠬᠤᠰᠢᠭᠤᠨ ᠤ ᠪᠠᠷᠠᠭᠠᠨ ᠤ ᠭᠦᠢᠯᠭᠡᠭᠡᠨ ᠤᠬᠦᠢᠰᠦ  ᠶᠢᠨ ︽ᠬᠤᠶᠠᠷ ᠱᠤᠭᠤᠮ ᠭᠤᠷᠪᠠᠨ ᠲᠣᠭᠤᠷᠢᠭ︾ ᠤᠨ ᠠᠵᠤ ᠦᠢᠯᠡᠰ ᠤᠨ ᠪᠠᠶᠢᠷᠢᠯᠠᠭᠤᠯᠤᠯᠲᠠ  ᠶᠢᠨ ᠲᠣᠭᠤᠷᠢᠨ ᠳᠤ ᠨᠠᠷᠢᠨ ᠲᠠᠨᠢᠯᠴᠠᠭᠤᠯᠪᠠ᠃  
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ