︽ᠤᠷᠠᠳ ᠤᠨ ᠳᠤᠮᠳᠠᠳᠤ ᠬᠤᠰᠢᠭᠤᠨ ᠤ ᠠᠷᠴᠠ ᠶᠢᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠨᠥᠬᠦᠪᠥᠷᠢ  ᠶᠢᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/2/11
ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠪᠠᠯᠭᠠᠰᠤ᠄    ᠡᠳᠦᠭᠡ ︽ᠤᠷᠠᠳ ᠤᠨ ᠳᠤᠮᠳᠠᠳᠤ ᠬᠤᠰᠢᠭᠤᠨ ᠤ ᠠᠷᠴᠠ ᠶᠢᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠨᠥᠬᠦᠪᠥᠷᠢ ᠶᠢᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃        ᠤᠷᠠᠳ ᠤᠨ ᠳᠤᠮᠳᠠᠳᠤ ᠬᠤᠰᠢᠭᠤᠨ ᠤ ᠠᠷᠴᠠ ᠶᠢᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ               ᠠᠮᠢ ᠠᠬᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠨᠥᠬᠦᠪᠥᠷᠢ ᠶᠢᠨ ᠲᠥᠰᠦᠯ    ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠳᠠᠢ ᠪᠠᠶᠢᠯᠭᠠᠬᠤ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠶ  ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠢᠭᠡᠳᠦᠭᠡᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠤᠷᠠᠳ ᠤᠨ ᠳᠤᠮᠳᠠᠳᠤ ᠬᠤᠰᠢᠭᠤᠨ ᠤ ᠠᠰᠠᠭᠤᠳᠠᠯ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠮᠠᠨ ᠤ ᠬᠤᠰᠢᠭᠤᠨ ᠤ ᠪᠣᠳᠠᠲᠠᠶ ᠲᠠᠢ ᠤᠶᠠᠯᠳᠤᠭᠤᠯᠤᠨ᠂ ᠳᠤᠤᠷᠠᠬᠢ ᠲᠥᠰᠦᠯ ᠢ ᠲᠣᠭᠲᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠶ ᠰᠤᠷᠭᠠᠮᠵᠢ ᠠᠪᠴᠤ᠂ ᠬᠠᠷᠢᠭᠤ ᠲᠤᠰᠬᠠᠭᠰᠠᠨ ᠠᠰᠠᠭᠤᠳᠠᠯ ᠢ ᠢᠮᠠᠭᠲᠠ ᠴᠢᠩᠭ᠎ᠠ ᠠᠩᠬᠠᠷᠴᠤ ᠴᠡᠭᠴᠡᠯᠡᠨ ᠰᠠᠶᠢᠵᠢᠷᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ  ᠤᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠬᠤ ᠰᠡᠯᠭᠦᠨ ᠮᠠᠯᠵᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠷᠴᠠ ᠶᠢᠨ ᠠᠭᠤᠯᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠤᠯᠠᠭᠠᠶᠢᠯᠠᠨ ᠮᠠᠯᠵᠢᠬᠤ᠂ ᠮᠠᠯ ᠮᠠᠯᠵᠢᠬᠤ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠬᠥᠮᠦᠨ ᠪᠦᠬᠦᠨ ᠣᠷᠣᠯᠴᠠᠵᠤ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃    ᠬᠤᠶᠠᠷ᠂ ᠶᠡᠷᠦᠩᠬᠡᠶ ᠬᠠᠷᠠᠯᠲᠠ   2024 ᠣᠨ ᠤ 11 ᠰᠠᠷ᠎ᠠ ᠶᠢᠨ 20  ᠤ ᠡᠳᠦᠷ ᠠᠴᠠ ᠡᠮᠦᠨ᠎ᠡ᠂ ᠠᠷᠴᠠ ᠶᠢᠨ ᠠᠭᠤᠯᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠦᠬᠦᠨ ᠢ ᠪᠡᠯᠴᠢᠭᠡᠷᠯᠡᠭᠦᠯᠬᠦ ᠶᠢ ᠵᠣᠭᠰᠣᠭᠠᠵᠤ᠂ ᠮᠠᠯ ᠢ ᠪᠦᠬᠦᠨ ᠢ ᠬᠠᠮᠠᠭᠠᠯᠠᠯᠲᠠ ᠶᠢᠨ ᠣᠷᠣᠨ ᠠᠴᠠ ᠰᠢᠯᠵᠢᠭᠦᠯᠦᠨ ᠭᠠᠷᠭᠠᠬᠤ ᠶᠢᠨ ᠬᠠᠮᠲᠤ᠂ ᠨᠥᠬᠦᠪᠥᠷᠢ ᠦᠭᠬᠦ ᠲᠥᠷᠥ ᠶᠢᠨ ᠪᠣᠳᠣᠯᠭ᠎ᠠ ᠶᠢᠨ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠪᠥᠬᠦ ᠲᠠᠯ᠎ᠠ ᠪᠠᠷ ᠵᠣᠭᠰᠣᠭᠠᠬᠤ ᠬᠡᠷᠡᠭᠲᠡᠶ︔ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠬᠦᠷᠢᠶᠡᠯᠡᠨ ᠪᠢᠲᠡᠭᠦᠮᠵᠢᠯᠡᠵᠦ᠂ ᠰᠡᠷᠡᠮᠵᠢᠯᠡᠭᠦᠯᠬᠦ ᠲᠡᠮᠳᠡᠭ ᠢ ᠵᠦᠶ ᠵᠣᠬᠢᠰᠲᠠᠶ ᠪᠠᠶᠢᠷᠢᠯᠠᠭᠤᠯᠤᠨ᠂ ᠪᠢᠲᠡᠭᠦᠮᠵᠢᠯᠡᠨ ᠬᠢᠨᠠᠨ ᠬᠠᠮᠢᠶᠠᠷᠬᠤ ᠶᠢ ᠪᠡᠶᠡᠯᠡᠭᠦᠯᠦᠨ᠎ᠡ᠃    ᠭᠤᠷᠪᠠ᠂ ᠬᠠᠮᠢᠶᠠᠷᠤᠯᠲᠠ ᠬᠠᠮᠠᠭᠠᠯᠠᠯᠲᠠ ᠶᠢᠨ ᠨᠦᠬᠦᠪᠦᠷᠢ ᠣᠯᠭᠤᠬᠤ     ︵ᠨᠢᠭᠡ︶ ᠨᠦᠬᠦᠪᠦᠷᠢ ᠦᠭᠬᠦ ᠬᠡᠪᠴᠢᠶ᠎ᠡ   ᠤᠷᠠᠳ ᠤᠨ ᠳᠤᠮᠳᠠᠳᠤ ᠬᠤᠰᠢᠭᠤᠨ ᠤ ᠠᠷᠴᠠ ᠶᠢᠨ ᠠᠭᠤᠯᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠳᠠᠩᠰᠠᠯᠠᠭᠤᠯᠤᠭᠰᠠᠨ 96 ᠮᠠᠯᠴᠢᠨ ᠡᠷᠦᠬᠡ ᠶᠢᠨ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 24.69 ᠲᠦᠮᠡᠨ ᠮᠥ ︵ᠰᠢᠨᠡᠬᠦ᠋ᠷᠢᠶ᠎ᠡ ᠰᠤᠮᠤ ᠶᠢᠨ 83 ᠡᠷᠦᠬᠡ ᠶᠢᠨ 21.27 ᠲᠦᠮᠡᠨ ᠮᠥ᠂  ᠪᠠᠶ᠋ᠬᠠᠤᠯᠠᠭᠠᠨ ᠰᠤᠮᠤ ᠶᠢᠨ 13 ᠡᠷᠦᠬᠡ ᠶᠢᠨ 3.42 ᠲᠦᠮᠡᠨ ᠮᠥ︶ ᠶᠢ ᠪᠦᠬᠦᠨ ᠢ ᠪᠡᠯᠴᠢᠭᠡᠷᠯᠡᠭᠦᠯᠬᠦ ᠶᠢ ᠵᠤᠭᠰᠤᠭᠠᠬᠤ ᠬᠡᠪᠴᠢᠶᠡᠨ ᠳᠤ ᠣᠷᠣᠭᠤᠯᠵᠤ᠂ ᠠᠮᠢ ᠠᠬᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠨᠥᠬᠦᠪᠥᠷᠢ ᠤᠯᠭᠤᠨ᠎ᠠ᠃     ︵ᠬᠤᠶᠠᠷ︶ ᠨᠦᠬᠦᠪᠦᠷᠢ ᠦᠭᠬᠦ ᠴᠠᠭ    2024 ᠣᠨ ᠤ 11 ᠰᠠᠷ᠎ᠠ ᠶᠢᠨ 1  ᠤ ᠡᠳᠦᠷ ᠠᠴᠠ 2028 ᠣᠨ ᠤ 12 ᠰᠠᠷ᠎ᠠ ᠶᠢᠨ 31  ᠤ ᠡᠳᠦᠷ ᠪᠣᠯᠲᠠᠯ᠎ᠠ᠃     ︵ᠭᠤᠷᠪᠠ︶ ᠨᠦᠬᠦᠪᠦᠷᠢ ᠦᠭᠬᠦ ᠪᠠᠷᠢᠮᠵᠢᠶ᠎ᠠ    ᠠᠮᠢ ᠠᠬᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠨᠦᠬᠦᠪᠦᠷᠢ ᠶᠢᠨ ᠪᠠᠷᠢᠮᠵᠢᠶ᠎ᠠ ᠨᠢ ᠵᠢᠯ ᠪᠦᠷᠢ ᠮᠤ᠋ ᠪᠦᠷᠢ ᠳᠤ 20 ᠲᠥᠭᠦᠷᠢᠭ ᠤᠨ ᠨᠦᠬᠦᠪᠦᠷᠢ ᠤᠯᠭᠤᠨ᠎ᠠ᠂ ᠡᠭᠦᠨ ᠳᠤ ᠪᠡᠯᠴᠢᠭᠡᠷᠯᠡᠭᠦᠯᠬᠦ ᠶᠢ ᠵᠤᠭᠰᠤᠭᠠᠭᠰᠠᠨ ᠡᠷᠦᠬᠡ ᠶᠢᠨ ᠨᠤᠳᠤᠭ ᠪᠡᠯᠴᠢᠭᠡᠷ ᠤᠨ ᠲᠠᠯᠠᠪᠠᠶ ᠨᠢ 2000 ᠮᠦ ᠠᠴᠠ ᠪᠠᠭ᠎ᠠ ᠪᠠᠶᠢᠪᠠᠯ 2000 ᠮᠦ ᠪᠠᠷ ᠨᠦᠬᠦᠪᠦᠷᠢ ᠣᠯᠭᠤᠵᠤ᠂ 2000 ᠮᠦ ᠠᠴᠠ ᠢᠯᠡᠭᠦᠦ ᠪᠠᠶᠢᠪᠠᠯ ᠪᠣᠳᠠᠲᠠᠶ ᠪᠠᠶᠢᠭ᠎ᠠ ᠲᠠᠯᠠᠪᠠᠶ ᠪᠠᠷ ᠨᠢ ᠨᠦᠬᠦᠪᠦᠷᠢ ᠣᠯᠭᠤᠨ᠎ᠠ᠃     ︵ᠳᠥᠷᠪᠡ︶ ᠨᠦᠬᠦᠪᠦᠷᠢ ᠦᠭᠬᠦ ᠱᠠᠭᠠᠷᠳᠠᠯᠭ᠎ᠠ    ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢᠨ ᠨᠦᠬᠦᠪᠦᠷᠢ ᠬᠦᠷᠲᠡᠬᠦ ᠮᠠᠯᠴᠢᠨ ᠡᠷᠦᠬᠡ ᠴᠥᠮ ᠪᠡᠯᠴᠢᠭᠡᠷᠯᠡᠭᠦᠯᠬᠦ ᠶᠢ ᠵᠤᠭᠰᠤᠭᠠᠬᠤ ᠭᠡᠷ᠎ᠡ ᠪᠣᠯᠤᠨ ᠠᠮᠢ ᠠᠬᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠭᠡᠷ᠎ᠡ ᠲᠣᠭᠲᠠᠵᠤ᠂ ᠡᠷᠬᠡᠪᠰᠢ ᠪᠡᠯᠴᠢᠭᠡᠷᠯᠡᠭᠦᠯᠬᠦ ᠶᠢ ᠵᠤᠭᠰᠤᠭᠠᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠨᠥᠬᠦᠪᠥᠷᠢ ᠦᠭᠬᠦ ᠲᠥᠷᠥ ᠶᠢᠨ ᠪᠣᠳᠣᠯᠭ᠎ᠠ ᠶᠢᠨ ᠬᠤᠭᠤᠴᠠᠭᠠᠨ ᠳᠤ᠂ ᠲᠣᠭᠲᠠᠭᠠᠯ ᠠᠴᠠ ᠵᠥᠷᠢᠴᠡᠨ ᠮᠠᠯ ᠮᠠᠯᠵᠢᠬᠤ ᠶᠢ ᠠᠩᠬ᠎ᠠ ᠤᠳᠠᠭ᠎ᠠ ᠣᠯᠵᠤ ᠮᠡᠳᠡᠪᠡᠯ᠂ ᠲᠠᠷᠤᠢ ᠲᠣᠰ ᠵᠢᠯ ᠤᠨ ᠠᠮᠢ ᠠᠬᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠨᠥᠬᠦᠪᠥᠷᠢ ᠶᠢ ᠨᠢ ᠰᠠᠭᠤᠯᠭᠠᠨ ᠠᠪᠤᠨ᠎ᠠ︔ ᠲᠣᠭᠲᠠᠭᠠᠯ ᠠᠴᠠ ᠵᠥᠷᠢᠴᠡᠨ ᠮᠠᠯ ᠮᠠᠯᠵᠢᠬᠤ ᠶᠢ ᠳᠠᠬᠢᠨᠲᠠ ᠣᠯᠵᠤ ᠮᠡᠳᠡᠪᠡᠯ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠰᠠᠭᠤᠯᠭᠠᠨ ᠠᠪᠴᠤ᠂ ᠬᠠᠮᠢᠶ᠎ᠠ ᠪᠥᠬᠦᠶ ᠨᠥᠬᠦᠪᠥᠷᠢ ᠱᠠᠩᠨᠠᠯ ᠭᠥᠷᠳᠡᠬᠦ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠪᠤᠯᠳᠠᠯ᠎ᠠ ᠰᠢᠢᠳᠪᠦᠷᠢᠯᠡᠨ᠎ᠡ︔ ᠬᠠᠤᠯᠢ ᠠᠴᠠ ᠵᠥᠷᠢᠴᠡᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ    ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠲᠠᠨ ᠠᠷᠴᠠ ᠶᠢᠨ ᠠᠭᠤᠯᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠡᠯᠴᠢᠭᠡᠷᠯᠡᠭᠦᠯᠬᠦ ᠶᠢ ᠵᠤᠭᠰᠤᠭᠠᠬᠤ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠤᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠴᠠᠭ ᠲᠤᠬᠠᠶ ᠳᠤᠨᠢ ᠠᠵᠢᠯ ᠤᠨ ᠲᠥᠰᠦᠯ ᠲᠣᠭᠲᠠᠭᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃     ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠡᠳᠦᠷ ᠲᠤᠲᠤᠮ ᠤᠨ ᠬᠢᠨᠠᠨ ᠬᠠᠮᠢᠶᠠᠷᠤᠯᠳᠠ ᠬᠠᠤᠯᠢ ᠬᠡᠷᠡᠭᠵᠢᠭᠦᠯᠦᠯᠳᠡ ᠶᠢᠨ ᠠᠵᠢᠯ ᠢ ᠬᠠᠷᠢᠭᠤᠴᠠᠨ ᠰᠠᠶᠢᠲᠤᠷ ᠬᠢᠨ᠎ᠠ᠃ ᠠᠷᠴᠠ ᠶᠢᠨ ᠠᠭᠤᠯᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢᠨ ᠲᠥᠷᠢᠮ ᠢ ᠪᠠᠶᠢᠭᠤᠯᠤᠨ ᠪᠥᠷᠢᠨᠰᠢᠬᠦᠯᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠬᠤ ᠭᠡᠷᠡᠭᠳᠡᠢ ᠃ ᠠᠮᠢ ᠠᠬᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠨᠥᠬᠦᠪᠥᠷᠢ ᠣᠯᠭᠤᠬᠤ ᠶᠢ ᠬᠢᠨᠠᠨ ᠬᠠᠷᠭᠤᠭᠤᠯᠬᠤ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠶ᠃     ᠰᠢᠨᠡᠬᠦ᠋ᠷᠢᠶ᠎ᠡ ᠰᠤᠮᠤ᠂ ᠪᠠᠶ᠋ᠬᠠᠤᠯᠠᠭᠠᠨ ᠰᠤᠮᠤ ᠲᠣᠰ ᠬᠠᠷᠢᠶ᠎ᠠ ᠣᠷᠣᠨ ᠤ ᠳᠣᠲᠣᠷᠠᠬᠢ ᠠᠷᠴᠠ ᠶᠢᠨ ᠠᠭᠤᠯᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠢ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠷᠴᠠ ᠶᠢᠨ ᠠᠭᠤᠯᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠡᠯᠴᠢᠭᠡᠷᠯᠡᠭᠦᠯᠬᠦ ᠶᠢ ᠵᠤᠭᠰᠤᠭᠠᠬᠤ ᠲᠥᠷᠥ ᠶᠢᠨ ᠪᠤᠳᠤᠯᠭ᠎ᠠ ᠶᠢᠨ ᠤᠬᠠᠭᠤᠯᠭ᠎ᠠ᠂ ᠪᠣᠯᠪᠠᠰᠤᠷᠠᠯ᠂ ᠲᠠᠶᠢᠯᠤᠮᠵᠢ ᠬᠢᠬᠦ ᠠᠵᠢᠯ ᠢ ᠬᠠᠷᠢᠭᠤᠴᠠᠨ᠎ᠠ︔ ᠭᠠᠴᠠᠭ᠎ᠠ ᠶᠢ ᠵᠣᠬᠢᠶᠠᠨ ᠪᠠᠶᠢᠭᠤᠯᠤᠨ ᠮᠠᠯᠴᠢᠨ ᠡᠷᠦᠬᠡ ᠲᠠᠢ ᠪᠡᠯᠴᠢᠭᠡᠷᠯᠡᠭᠦᠯᠬᠦ ᠶᠢ ᠵᠤᠭᠰᠤᠭᠠᠬᠤ ᠭᠡᠷ᠎ᠡ᠂ ᠠᠮᠢ ᠠᠬᠤᠶ‌‍ᠶᠢᠨ ᠬᠠᠮᠢᠶᠠᠷᠤᠯᠲᠠ ᠬᠠᠮᠠᠭᠠᠯᠠᠯᠲᠠ ᠶᠢᠨ ᠨᠥᠬᠦᠪᠥᠷᠢ ᠶᠢᠨ ᠭᠡᠷ᠎ᠡ ᠲᠣᠭᠲᠠᠬᠤ ᠶᠢ ᠬᠠᠷᠢᠭᠤᠴᠠᠨ᠎ᠠ︔ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ᠂ ᠪᠡᠯᠡ ᠮᠥᠩᠭᠦ ᠭᠤᠶᠤᠴᠢᠯᠠᠨ ᠮᠡᠳᠡᠭᠦᠯᠬᠦ᠂ ᠳᠠᠩᠰᠠ ᠡᠪᠬᠡᠮᠡᠯ ᠢ ᠦᠯᠡᠳᠡᠭᠡᠨ ᠬᠠᠳᠠᠭᠠᠯᠠᠬᠤ ᠵᠡᠷᠭᠡ ᠪᠣᠳᠠᠲᠠᠶ ᠠᠵᠢᠯ ᠢ ᠬᠠᠷᠢᠭᠤᠴᠠᠨ᠎ᠠ︔ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢ ᠬᠠᠮᠵᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠬᠦ ᠶᠢ ᠬᠠᠷᠢᠭᠤᠴᠠᠵᠤ᠂ ᠠᠷᠴᠠ ᠶᠢᠨ ᠠᠭᠤᠯᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠎ᠠ᠃    ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠬᠠᠷᠢᠭᠤᠴᠠᠨ ᠲᠣᠭᠲᠠᠭᠠᠵᠤ᠂ ᠪᠡᠯᠡ ᠮᠥᠩᠭᠦ ᠲᠠᠷᠬᠠᠭᠠᠬᠤ ᠪᠠ  ᠦᠷ᠎ᠡ ᠪᠦᠲᠦᠮᠵᠢ ᠶᠢ ᠦᠨᠡᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃     ︵ᠬᠤᠶᠠᠷ︶ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ    ᠰᠢᠨᠡᠬᠦ᠋ᠷᠢᠶ᠎ᠡ ᠰᠤᠮᠤ᠂ ᠪᠠᠶ᠋ᠬᠠᠤᠯᠠᠭᠠᠨ ᠰᠤᠮᠤ ᠲᠦᠷᠦᠭᠦᠯᠡᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ  ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠣᠯᠠᠨ ᠲᠦᠮᠡᠨ ᠤ ᠬᠥᠳᠡᠯᠦᠯ ᠪᠠᠶᠢᠳᠠᠯ ᠢ ᠨᠢᠭᠲᠠ ᠠᠩᠬᠠᠷᠴᠤ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠡᠯ᠎ᠡ ᠲᠥᠷᠥᠯ ᠤᠨ ᠵᠥᠷᠢᠴᠡᠯ ᠢ ᠨᠠᠮᠳᠠᠭᠤᠯᠤᠨ᠂ ᠨᠡᠶᠢᠲᠡ ᠶᠢᠨ ᠴᠢᠨᠠᠷᠲᠠᠶ ᠳᠡᠭᠡᠭᠰᠢ ᠰᠤᠷᠪᠤᠯᠵᠢᠯᠠᠬᠤ ᠬᠡᠷᠡᠭ ᠭᠠᠷᠬᠤ ᠶᠢ ᠲᠠᠰᠤ ᠵᠣᠭᠰᠣᠭᠠᠬᠤ ᠬᠡᠷᠡᠭᠲᠡᠶ᠃     ︵ᠭᠤᠷᠪᠠ︶ ᠰᠢᠯᠭᠠᠨ ᠬᠢᠨᠠᠵᠤ ᠬᠢᠨᠠᠯᠲᠠ ᠲᠠᠯᠪᠢᠬᠤ ᠶᠢ ᠴᠢᠩᠭᠠᠳᠬᠠᠬᠤ ᠭᠡᠷᠡᠭᠳᠡᠢ    ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠵᠣᠬᠢᠶᠠᠨ ᠪᠠᠶᠢᠭᠤᠯᠬᠤ ᠬᠡᠯᠲᠡᠰ ᠲᠦᠷᠦᠭᠦᠯᠡᠨ᠂ ᠮᠥᠷᠳᠡᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠵᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠬᠠᠷᠢᠭᠤᠴᠠᠨ᠂ ᠵᠣᠬᠢᠴᠠᠭᠤᠯᠤᠨ ᠬᠠᠮᠵᠢᠯᠴᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠥᠬᠡᠶ᠂ ᠬᠠᠷᠢᠭᠤᠴᠠᠯᠭ᠎ᠠ ᠡᠭᠦᠷᠭᠡᠯᠡᠬᠦ ᠥᠬᠡᠶ᠂ ᠠᠵᠢᠯ ᠤᠨ ᠳᠤᠮᠳᠠ ᠠᠵᠢᠯ ᠬᠢᠬᠦ ᠥᠬᠡᠶ᠂ ᠠᠯᠭᠤᠷᠯᠠᠨ ᠬᠢᠬᠦ᠂ ᠬᠠᠷᠢᠯᠴᠠᠨ ᠲᠦᠯᠬᠢᠯᠴᠡᠬᠦ᠂ ᠡᠭᠦᠷᠭᠡ ᠬᠠᠷᠢᠭᠤᠴᠠᠯᠭ᠎ᠠ ᠪᠠᠨ ᠬᠦᠢᠴᠡᠳ ᠬᠦᠢᠴᠡᠳᠬᠡᠭᠰᠡᠨ ᠥᠬᠡᠶ ᠵᠡᠷᠭᠡ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ ᠬᠠᠷᠢᠭᠤᠴᠠᠯᠭ᠎ᠠ ᠲᠤᠯᠭᠠᠨ᠎ᠠ᠃    ᠳᠠᠭᠠᠯᠳᠤᠭᠤᠯᠤᠯ 1᠄    1 ᠠᠷᠴᠠ ᠶᠢᠨ ᠠᠭᠤᠯᠠᠨ ᠤ ᠪᠠᠶᠢᠭᠠᠯᠢ ᠶᠢᠨ ᠬᠠᠮᠠᠭᠠᠯᠠᠯᠲᠠ  ᠶᠢᠨ ᠣᠷᠣᠨ ᠤ ᠪᠡᠯᠴᠢᠭᠡᠷᠯᠡᠭᠦᠯᠬᠦ  ᠶᠢ  ᠵᠤᠭᠰᠤᠭᠠᠬᠤ ᠠᠵᠢᠯ ᠤᠨ ᠡᠭᠦᠷᠭᠡ ᠶᠢᠨ ᠲᠣᠳᠣᠷᠬᠠᠢ ᠬᠠᠭᠤᠳᠠᠰᠤ    2.ᠠᠷᠴᠠ ᠶᠢᠨ ᠠᠭᠤᠯᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠲᠡᠮᠳᠡᠭᠯᠡᠭᠦᠯᠦᠨ ᠳᠠᠩᠰᠠᠯᠠᠭᠤᠯᠤᠭᠰᠠᠨ ᠮᠠᠯᠴᠢᠨ ᠡᠷᠦᠬᠡ ᠶᠢᠨ ᠨᠡᠷᠡᠰ ᠤᠨ ᠪᠦᠷᠢᠳᠬᠡᠯ    ᠳᠠᠭᠠᠯᠳᠤᠭᠤᠯᠤᠯ 2᠄     ︽ᠤᠷᠠᠳ ᠤᠨ ᠳᠤᠮᠳᠠᠳᠤ ᠬᠤᠰᠢᠭᠤᠨ ᠤ ᠠᠷᠴᠠ ᠶᠢᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠨᠥᠬᠦᠪᠥᠷᠢ ᠶᠢᠨ ᠲᠥᠰᠦᠯ︾  ᠤᠨ ᠵᠢᠷᠤᠭᠳᠤ ᠲᠠᠶᠢᠯᠤᠮᠵᠢhttp://mgl.wltzq.gov.cn/am/2025/2/18/U_73538_1137202.html?pid=13759  
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ