2025 ᠣᠨ ᠤ ᠤᠷᠠᠳ ᠤᠨ ᠳᠤᠮᠳᠠᠳᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2025/2/19
    2025 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠭᠤᠤᠯ ᠡᠭᠦᠷᠭᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ᠂ ᠪᠠᠶᠠᠨᠨᠠᠭᠤᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 2024 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠡᠷᠭᠢᠴᠡᠭᠦᠯᠦᠨ ᠳ᠋ᠦᠩᠨᠡᠵᠦ᠂ 2025 ᠣᠨ ᠤ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠪᠠᠶᠢᠷᠢᠯᠠᠭᠤᠯᠬᠤ ᠪᠤᠯᠤᠨ᠎ᠠ᠃    ᠨᠢᠬᠡ᠂ 2024 ᠣᠨ ᠤ ᠠᠵᠢᠯ ᠤᠨ ᠡᠷᠭᠢᠴᠡᠭᠦᠯᠦᠯ     2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠳᠠᠳᠦ ᠡᠭᠦᠷᠭᠡ ᠪᠠᠨ ᠪᠡᠶᠡᠯᠡᠭᠦᠯᠦᠭᠰᠡᠨ ᠵᠠᠩᠭᠢᠯᠠᠭ᠎ᠠ ᠶᠢᠨ ᠵᠢᠯ ᠮᠥᠨ᠂ ᠪᠠᠰᠠ ᠴᠤ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠰ ᠣᠯᠠᠨ ᠵᠦᠶᠯ ᠤᠨ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠲᠠᠰ ᠳᠡᠪᠰᠢᠬᠦ ᠶᠢ ᠪᠡᠶᠡᠯᠡᠭᠦᠯᠦᠭᠰᠡᠨ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠪᠠᠲᠤ ᠡᠵᠡᠮᠳᠡᠨ᠂ ︽ᠭᠤᠷᠪᠠᠨ ᠶᠡᠭᠡ ᠪᠣᠭᠤᠮᠲᠠ ᠰᠢᠪᠲᠤᠯᠬᠤ︾᠂ ︽ᠲᠦᠷᠪᠡ ᠶᠢ ᠲᠡᠮᠡᠴᠡᠨ ᠤᠯᠬᠤ︾᠂ ︽ᠲᠠᠪᠤᠨ ᠶᠡᠭᠡ ᠡᠭᠦᠳᠦᠨ ᠪᠠᠶᠢᠭᠤᠯᠤᠯᠳᠠ︾  ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠡᠷᠡᠭᠦᠯ ᠡᠩᠬᠡ ᠤᠷᠠᠳ ᠤᠨ ᠳᠤᠮᠳᠠᠳᠤ ᠬᠤᠰᠢᠭᠤᠨ ᠤ ᠪᠥᠲᠥᠭᠡᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠪᠠᠷ ᠭᠠᠷᠳᠠᠴᠠ ᠪᠣᠯᠭᠠᠨ᠂ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠯᠠᠪᠳᠠᠭᠤᠨ ᠪᠠᠲᠤᠲᠠᠶ ᠠᠯᠬᠤᠮ ᠢ ᠠᠯᠬᠤᠵᠤ᠂ ᠲᠦᠷᠭᠡᠨ ᠬᠥᠭᠵᠢᠯᠲᠡ ᠶᠢ ᠪᠡᠶᠡᠯᠡᠭᠦᠯᠪᠡ᠃     ︵ᠨᠢᠬᠡ︶ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠨᠠᠮ ᠤᠨ ᠪᠠᠶᠢᠭᠤᠯᠤᠯᠲᠠ + ᠲᠤᠬᠠᠶᠢᠯᠠᠭᠰᠠᠨ ᠠᠵᠢᠯ︾ ᠤᠨ ᠣᠨᠴᠠᠯᠢᠭᠲᠤ ᠲᠥᠷᠥᠯ ᠲᠡᠮᠳᠡᠭᠳᠦ ᠶᠢ ᠦᠷᠭᠦᠯᠵᠢᠯᠡᠨ ᠭᠡᠷᠡᠯᠲᠦᠭᠦᠯᠪᠡ᠃     ︵ᠬᠤᠶᠡᠷ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠪᠡ᠃     ︵ᠭᠤᠷᠪᠡ︶ ᠨᠢᠭᠡᠳᠦᠯᠲᠡᠶ ᠲᠥᠯᠥᠪᠯᠡᠨ ᠬᠥᠭᠵᠢᠭᠦᠯᠬᠦ ᠶᠢ ᠪᠠᠷᠢᠮᠲᠠᠯᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠪᠡ᠃     ︵ᠲᠦᠷᠪᠡ︶ ᠡᠮᠨᠡᠬᠦ ᠰᠡᠷᠭᠡᠶᠢᠯᠡᠬᠦ ᠶᠢ ᠬᠠᠮᠵᠢᠯᠴᠠᠭᠤᠯᠬᠤ ᠶᠢ ᠪᠠᠷᠢᠮᠲᠠᠯᠠᠵᠤ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠦᠷᠭᠦᠯᠵᠢᠯᠡᠨ ᠴᠢᠩᠭᠠᠳᠬᠠᠪᠠ᠃     ︵ᠲᠠᠪᠤ︶ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠡᠷᠡᠭᠦᠯ ᠡᠩᠬᠡ ᠤᠷᠠᠳ ᠤᠨ ᠳᠤᠮᠳᠠᠳᠤ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠪᠠ᠃     ︵ᠵᠢᠷᠭᠤᠭ᠎ᠠ︶ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠢᠲᠠᠳ ︵ᠮᠣᠩᠭᠤᠯ︶ ᠡᠮ ᠡᠮᠨᠡᠯᠭᠡ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠪᠠ᠃     ︵ᠲᠤᠯᠤᠭ᠎ᠠ︶ ᠨᠡᠶᠢᠳᠡᠮ ᠠᠰᠢᠭ ᠬᠦᠷᠲᠡᠭᠡᠵᠦ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠬᠥᠮᠦᠨ ᠠᠮᠠ ᠶᠢᠨ ᠣᠷᠳᠣ ᠬᠤᠭᠤᠴᠠᠭ᠎ᠠ ᠪᠠᠷ ᠲᠡᠩᠴᠡᠭᠦᠷᠢᠲᠡᠶ ᠬᠥᠭᠵᠢᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠪᠡ᠃     ︵ᠨᠠᠢᠮᠠ︶ ᠠᠮᠤᠷ ᠲᠤᠭᠳᠠᠭᠤᠨ ᠤᠷᠴᠢᠨ ᠲᠤᠭᠤᠷᠢᠨ ᠳᠤ ᠤᠷᠤᠰᠢᠨ ᠠᠮᠢᠳᠤᠷᠠᠵᠦ ᠪᠠᠶᠢᠬᠤ ᠳᠠᠭᠠᠨ ᠴᠦ ᠭᠠᠷᠴᠦ ᠮᠡᠳᠡᠬᠦ ᠠᠶᠤᠯ ᠲᠦᠭᠰᠢᠭᠦᠷᠢ ᠶᠢ ᠰᠡᠷᠬᠡᠶᠢᠯᠡᠬᠦ ᠶᠢ ᠪᠠᠷᠢᠮᠲᠠᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠪᠠ᠃     ᠬᠤᠶᠡᠷ᠂ ᠲᠤᠯᠭᠠᠷᠠᠵᠤ ᠪᠠᠶᠢᠭ᠎ᠠ ᠥᠷᠢᠰᠥᠯᠳᠦᠭᠡᠨ ᠪᠠ ᠬᠡᠯᠪᠡᠷᠢ ᠪᠠᠶᠢᠳᠠᠯ     ᠪᠠᠶᠢᠳᠠᠯ ᠢ ᠲᠣᠳᠣᠷᠬᠠᠶ ᠲᠠᠨᠢᠵᠤ᠂ ᠠᠵᠠ ᠲᠣᠬᠢᠶᠠᠯ ᠢ ᠠᠳᠬᠤᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ︽ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾᠂ ︽ᠡᠷᠡᠭᠦᠯ ᠮᠡᠨᠳᠦ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ︾᠂ ︽ᠬᠥᠮᠦᠨ ᠠᠮᠠ ᠶᠢᠨ ᠬᠥᠭᠵᠢᠯᠲᠡ ᠶᠢ ᠳᠡᠮᠵᠢᠬᠦ ᠪᠠ ᠦᠶᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠬᠦ︾ ᠡᠭᠦᠷᠭᠡ ᠬᠠᠷᠠᠯᠲᠠ ᠶᠢ ᠳᠤᠷᠠᠳᠴᠤ᠂ ᠪᠢᠳᠡᠨ ᠤ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ 12 ᠰᠠᠷ᠎ᠠ ᠶᠢᠨ 30 ᠤ ᠡᠳᠦᠷ᠂ ᠪᠥᠬᠦ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠵᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠸᠢ ᠬᠠᠶ ᠴᠤᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠰ  ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠶ ᠵᠠᠳᠠᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠨ ᠤ 10 ᠵᠦᠶᠯ ᠤᠨ ᠭᠤᠤᠯᠳᠠᠯᠭ᠎ᠠ ᠲᠠᠢ ᠡᠭᠦᠷᠭᠡ ᠶᠢ ᠰᠢᠰᠲ᠋ᠧᠮ ᠲᠠᠢ ᠪᠠᠶᠢᠷᠢᠯᠠᠭᠤᠯᠪᠠ᠃ ᠣᠶᠢᠷ᠎ᠠ ᠶᠢᠨ ᠵᠢᠯ ᠤᠳ ᠲᠤ᠂ ᠤᠯᠤᠰ ᠠᠴᠠ ᠣᠷᠳᠣ ᠬᠤᠭᠤᠴᠠᠭᠠᠨ ᠤ ᠤᠯᠤᠰ ᠤᠨ ᠵᠢᠭᠡᠯᠡᠯᠭᠡ᠂ ᠣᠷᠣᠨ ᠨᠤᠲᠤᠭ ᠤᠨ ᠲᠤᠰᠬᠠᠶ ᠲᠦᠷᠦᠯ ᠤᠨ ᠵᠢᠭᠡᠯᠡᠯᠭᠡ ᠵᠢᠴᠢ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ᠂ ︽ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠵᠢᠴᠢ ᠰᠢᠨ᠎ᠡ ᠨᠢᠭᠡᠨ ᠡᠭᠡᠯᠵᠢ ᠶᠢᠨ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠦᠯᠬᠢᠨ ᠠᠬᠢᠭᠤᠯᠬᠤ︾ ᠵᠡᠷᠭᠡ ᠰᠢᠶᠠᠨ ᠤ ᠬᠡᠪᠴᠢᠶᠡᠨ ᠤ ᠡᠮᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠬᠦ ᠲᠦᠷᠦᠯ ᠵᠤᠶᠢᠯ ᠢ ᠵᠠᠯᠭᠠᠭ᠎ᠠ ᠪᠠᠷ ᠬᠡᠷᠡᠭᠵᠢᠭᠦᠯᠵᠦ᠂ ᠢᠯᠠᠩᠭᠤᠶ᠎ᠠ ᠡᠨᠡ ᠵᠢᠯ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ 100 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ  ᠶᠢᠨ ᠪᠠᠶᠢᠭᠤᠯᠤᠯᠲᠠ ᠶᠢ ᠳᠡᠮᠵᠢᠬᠦ ᠪᠠᠷ ᠲᠣᠭᠲᠠᠨ᠂ ᠥᠪᠡᠷᠲᠡᠭᠡᠨ ᠵᠠᠰᠠᠬᠤ ᠣᠷᠣᠨ ᠠᠴᠠ ᠪᠠᠰᠠ ᠣᠷᠣᠨ ᠪᠦᠰᠡ ᠶᠢᠨ ᠡᠮᠴᠢᠯᠡᠭᠡᠨ ᠤ ᠲᠥᠪ᠂ ᠲᠤᠰᠬᠠᠶ ᠰᠠᠯᠠᠭᠠᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠳᠡᠮᠵᠢᠬᠦ᠂ ᠬᠤᠲᠠ ᠰᠢᠶᠠᠨ ᠤ ᠪᠦᠬᠦᠯᠢ ᠴᠣᠭᠴᠠ ᠶᠢᠨ ᠡᠮᠴᠢᠯᠡᠭᠡᠨ ᠤ ᠦᠶᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠬᠤ ᠵᠡᠷᠭᠡ ᠰᠠᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠥᠭᠡᠷᠡᠴᠢᠯᠡᠯᠲᠡ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠴᠢᠩᠭ᠎ᠠ ᠳᠣᠬᠢᠶ᠎ᠠ ᠶᠢ ᠳᠠᠮᠵᠢᠭᠤᠯᠪᠠ᠃    ᠠᠰᠠᠭᠤᠳᠠᠯ ᠳᠤ ᠵᠥᠪ ᠢᠶᠠᠷ ᠬᠠᠨᠳᠤᠵᠤ᠂ ᠰᠡᠷᠭᠡᠭ ᠪᠠᠶᠢᠪᠠ᠃ ᠣᠳᠣᠬᠠᠨ ᠳᠤ᠂ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠰ ᠲᠣᠭᠲᠠᠭᠤᠨ ᠢᠶᠠᠷ ᠳᠡᠭᠡᠭᠰᠢᠯᠡᠵᠦ ᠪᠠᠶᠢᠭ᠎ᠠ ᠰᠠᠶᠢᠨ ᠰᠠᠶᠢᠬᠠᠨ ᠪᠠᠶᠢᠳᠠᠯ ᠶᠠᠭ ᠬᠤᠷᠠᠮᠳᠤᠵᠤ ᠪᠠᠶᠢᠨ᠎ᠠ᠃ ᠭᠡᠪᠡᠴᠦ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠮᠥᠨ ᠯᠡ ᠣᠨᠴᠠᠭᠠᠢ ᠲᠥᠪᠯᠡᠷᠡᠵᠦ᠂ ᠥᠷᠢᠰᠥᠯᠳᠦᠭᠡᠨ ᠪᠠᠰᠠ ᠣᠨᠴᠠᠭᠠᠢ ᠶᠡᠭᠡ ᠪᠠᠶᠢᠬᠤ ᠶᠢ ᠡᠷᠬᠡᠪᠰᠢ ᠣᠯᠵᠤ ᠬᠠᠷᠠᠬᠤ ᠬᠡᠷᠡᠭᠲᠡᠢ᠂ ᠡᠭᠦᠨ ᠳᠤ ᠭᠤᠣᠯᠳᠠᠭᠤ᠄ ᠠᠷᠠᠳ ᠣᠯᠠᠨ ᠤ ᠴᠢᠨᠠᠷ ᠰᠠᠶᠢᠲᠠᠶ ᠡᠮᠴᠢᠯᠡᠭᠡᠨ ᠤ ᠦᠶᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠣᠯᠪᠠᠴᠤ ᠣᠷᠣᠨ ᠪᠦᠰᠡ ᠶᠢᠨ ᠡᠮᠴᠢᠯᠡᠭᠡᠨ ᠤ ᠡᠬᠢ ᠪᠠᠶᠠᠯᠢᠭ ᠲᠡᠩᠴᠡᠭᠦᠷᠢ ᠥᠬᠡᠶ᠂ ᠦᠨᠳᠦᠰᠦᠨ ᠱᠠᠲᠤᠨ ᠤ ᠦᠶᠯᠡᠴᠢᠯᠡᠭᠡᠨ ᠤ ᠴᠢᠳᠠᠪᠤᠷᠢ ᠪᠠᠭᠤᠷᠠᠶ ᠪᠠᠶᠢᠭ᠎ᠠ ᠠᠰᠠᠭᠤᠳᠠᠯ ᠲᠣᠪᠣᠶᠢᠮ᠎ᠠ ᠪᠠᠶᠢᠨ᠎ᠠ᠃ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠬᠢᠴᠠ ᠤᠳᠠᠭᠠᠨ ᠪᠠᠶᠢᠵᠤ᠂ ᠪᠠᠶᠢᠭᠤᠯᠤᠯ ᠲᠣᠭᠲᠠᠴᠠ ᠶᠢ ᠬᠠᠷᠠᠬᠠᠨ ᠪᠦᠷᠢᠮᠦᠰᠦᠨ ᠪᠠᠶᠢᠭᠤᠯᠤᠭᠠᠳᠤᠶ ᠪᠠᠶᠢᠨ᠎ᠠ᠃ ᠲᠡᠷᠢᠭᠦᠨ ᠤ ᠰᠢᠨᠵᠢᠯᠡᠭᠡᠨ ᠤ ᠰᠠᠯᠠᠭ᠎ᠠ᠂ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠬᠤᠯᠠ᠂ ᠨᠥᠯᠥᠭᠡᠯᠡᠬᠦ ᠬᠦᠴᠦᠨ ᠲᠠᠢ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠬᠦᠨᠳᠦ ᠨᠣᠴᠢᠲᠠᠶ ᠳᠤᠲᠠᠭᠳᠠᠵᠤ ᠪᠠᠶᠢᠨ᠎ᠠ᠃     ᠭᠤᠷᠪᠡ᠂ 2025 ᠣᠨ ᠤ ᠠᠵᠢᠯ ᠤᠨ ᠡᠭᠦᠷᠭᠡ     ︵ᠨᠢᠬᠡ︶ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠯᠤᠰ ᠲᠥᠷᠥ ᠶᠢᠨ ᠪᠠᠳᠤᠯᠠᠭ᠎ᠠ ᠶᠢ ᠴᠢᠩᠭᠠᠤᠨᠬᠠᠨ᠎ᠠ᠃    ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠤᠨ᠎ᠠ᠃ ︽ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠤᠰᠢᠭᠤᠴᠢ  ᠡᠷᠡᠭᠦᠯ ᠮᠡᠨᠳᠦ ᠶᠢ ᠰᠠᠬᠢᠨ ᠬᠠᠮᠠᠭᠠᠯᠠᠬᠤ︾ ᠨᠠᠮ ᠤᠨ ᠪᠠᠶᠢᠭᠤᠯᠤᠯᠲᠠ ᠶᠢᠨ ᠲᠥᠷᠥᠯ ᠲᠡᠮᠳᠡᠭᠳᠦ ᠪᠠᠷ ᠤᠳᠤᠷᠢᠳᠤᠮᠵᠢ ᠪᠣᠯᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ︿ᠬᠤᠪᠢᠰᠬᠠᠯᠲᠤ ᠵᠠᠮ ᠱᠤᠭᠤᠮ﹀ ᠢ ᠴᠣᠭᠴᠠᠯᠠᠬᠤ ᠪᠠ ︽ᠬᠢᠲᠠᠳ︵ᠮᠣᠩᠭᠤᠯ︶ ᠡᠮᠨᠡᠯᠭᠡ ᠶᠢ ᠤᠯᠠᠮᠵᠢᠯᠠᠨ ᠵᠠᠯᠭᠠᠮᠵᠢᠯᠠᠬᠤ ︿ᠭᠤᠷᠪᠠᠨ ᠶᠡᠭᠡ ᠠᠵᠢᠯᠯᠠᠭ᠎ᠠ﹀ ᠶᠢ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠡᠷᠡᠭᠦᠯ ᠮᠡᠨᠳᠦ  ᠶᠢᠨ ᠰᠠᠭᠤᠷᠢ ᠶᠢ ᠪᠠᠬᠢᠵᠢᠭᠦᠯᠬᠦ ︾ ᠬᠤᠶᠠᠷ ᠱᠦᠵᠢ ᠶᠢᠨ ᠲᠥᠷᠥᠯ ᠵᠦᠶᠯ ᠢ ᠪᠠᠳᠤᠤᠨᠬᠠᠨ᠎ᠠ᠃    ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠠ᠃ ︽ᠠᠷᠢᠭᠤᠨ ᠴᠢᠬᠡᠴᠢ ᠪᠠᠷ ᠠᠵᠢᠯ ᠡᠷᠭᠢᠯᠡᠬᠦ ᠶᠢᠰᠦᠨ ᠪᠠᠷᠢᠮᠵᠢᠶ᠎ᠠ ᠶᠢ ᠬᠡᠷᠡᠭᠵᠢᠭᠦᠯᠬᠦ ᠨᠠᠷᠢᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠺᠠᠳ᠋ᠷᠴᠤᠤᠨ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠲᠥᠷᠥᠯ ᠤᠨ ᠤᠯᠤᠰ ᠲᠥᠷᠥ ᠶᠢᠨ ᠠᠮᠢ ᠠᠬᠤᠶ ᠶᠢ ᠦᠨᠡᠨᠬᠦ ᠴᠡᠪᠡᠷᠰᠢᠭᠦᠯᠦᠨ᠎ᠡ᠃    ︵ᠬᠤᠶᠡᠷ︶ ᠳᠡᠭᠡᠳᠦ ᠲᠦᠪᠰᠢᠨ ᠢᠶᠠᠷ ᠲᠥᠯᠥᠪᠵᠢᠭᠦᠯᠬᠦ ᠶᠢ ᠪᠠᠷᠢᠮᠲᠠᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠰ ᠤᠨ ᠥᠨᠳᠥᠷ ᠪᠦᠲᠦᠮᠵᠢᠲᠡᠶ ᠬᠥᠭᠵᠢᠯᠲᠡ ᠶᠢ ᠭᠦᠨᠵᠡᠭᠡᠶ ᠠᠬᠢᠭᠤᠯᠤᠨ᠎ᠠ᠃    ᠨᠢᠭᠡ ᠳᠤ᠂ 1 ︽ᠰᠢᠪᠲᠤᠯᠤᠯᠲᠠ︾ ᠶᠢ ᠪᠡᠶᠡᠯᠡᠭᠦᠯᠦᠨ᠎ᠡ᠄ ᠲᠤᠬᠠᠶᠢᠯᠠᠪᠠᠯ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠦᠨ᠎ᠡ᠃ ᠵᠢᠶᠠᠩᠰᠦ ᠶᠢᠨ ᠳ᠋ᠦᠩ ᠲᠠᠢ ᠬᠤᠲᠠ ᠶᠢᠨ ᠡᠮᠴᠢᠯᠡᠬᠡᠨ ᠤ ᠬᠠᠮᠲᠤ ᠶᠢᠨ ᠴᠣᠭᠴᠠ ᠶᠢ ᠪᠠᠶᠢᠭᠤᠯᠤᠭᠰᠠᠨ ᠨᠠᠨᠳᠢᠨ ᠲᠤᠷᠰᠢᠯᠭ᠎ᠠ ᠪᠠ ᠠᠷᠭ᠎ᠠ ᠬᠢᠳᠡᠯ ᠢᠶᠠᠷ ᠲᠣᠯᠢ ᠪᠣᠯᠭᠠᠵᠤ᠂ ᠡᠨᠡ ᠵᠢᠯ᠂ ᠮᠠᠨ ᠤ ᠬᠤᠰᠢᠭᠤ ᠨᠢ ᠪᠥᠬᠦ ᠬᠤᠰᠢᠭᠤᠨ ᠤ ᠬᠦᠴᠦᠨ ᠢ ᠳᠠᠶᠢᠴᠢᠯᠠᠨ ᠨᠢᠭᠲᠠᠷᠠᠭᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠬᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠡᠯ᠎ᠡ ᠵᠦᠶᠯ ᠤᠨ ᠠᠵᠢᠯ ᠤᠨ ᠡᠭᠦᠷᠭᠡ ᠶᠢ ᠪᠡᠶᠡᠯᠡᠭᠦᠯᠤᠨ᠎ᠠ᠃   ᠬᠤᠶᠠᠷ ᠲᠤ᠂ 2 ᠲᠣᠮᠣ ᠲᠥᠷᠥᠯ ᠵᠦᠶᠯ ᠢ ᠪᠥᠲᠥᠭᠡᠨ ᠪᠠᠶᠢᠭᠤᠯᠤᠨ᠎ᠠ᠄ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ︽ᠢᠯᠡᠷᠡᠭᠡᠳᠤᠢ ᠡᠪᠡᠤᠨᠴᠢᠨ  ᠢ ᠵᠠᠰᠠᠬᠤ︾ ᠦᠶᠯᠡᠴᠢᠯᠡᠭᠡᠨ ᠤ ᠲᠥᠪ ᠤᠨ ᠲᠥᠷᠥᠯ ᠵᠦᠶᠯ᠂ ᠦᠵᠦᠬᠦᠷ ᠭᠤᠤᠯ ᠤᠨ ᠡᠮᠴᠢᠯᠡᠭᠡᠨ ᠤ ᠳᠡᠳ᠋ ᠲᠥᠪ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ︽ᠠᠬᠢᠴᠠ ᠶᠢᠨ ᠵᠤᠷᠪᠤᠰ︾ ᠢ ᠰᠢᠨᠡᠳᠬᠡᠬᠦ ᠪᠠᠷ ᠳᠠᠮᠵᠢᠭᠤᠯᠤᠨ᠂ ᠡᠮᠴᠢᠯᠡᠭᠡᠨ ᠤ ᠦᠶᠯᠡᠴᠢᠯᠡᠭᠡᠨ ᠤ ︽ᠰᠢᠨ᠎ᠡ ᠥᠨᠳᠦᠷᠯᠢᠭ︾ ᠢ ᠪᠠᠶᠢᠭᠤᠯᠵᠤ᠂ ᠪᠦᠬᠦᠯᠢ ᠴᠣᠭᠴᠠ ᠶᠢᠨ ᠡᠮᠴᠢᠯᠡᠭᠡᠨ ᠤ ᠬᠢᠷᠢ ᠲᠦᠪᠰᠢᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠨᠥᠯᠥᠭᠡᠯᠡᠨ ᠳᠠᠶᠢᠴᠢᠯᠠᠨ᠎ᠠ᠃    ᠭᠤᠷᠪᠠ ᠳᠤ᠂ 3 ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠣᠷᠣᠨ ᠢ ᠴᠣᠭᠴᠠᠯᠠᠨ᠎ᠠ᠄ ᠤᠯᠤᠰ ᠤᠨ ᠲᠠᠰ ᠤᠨ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ᠂ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠪᠣᠯᠤᠨ ᠤᠯᠤᠰ ᠤᠨ ᠲᠠᠰ ᠤᠨ ︽ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠡᠮᠨᠡᠬᠦ ᠰᠡᠷᠬᠡᠶᠢᠯᠡᠬᠦ ᠶᠢ ᠬᠠᠮᠵᠢᠯᠴᠠᠭᠤᠯᠤᠨ ᠠᠭᠤᠰᠤᠯᠴᠠᠭᠤᠯᠬᠤ︾ ᠲᠤᠷᠰᠢᠯᠲᠠ ᠶᠢᠨ ᠴᠡᠭ ᠤᠨ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃    ᠳᠥᠷᠪᠡ ᠳᠤ᠂ 4 ᠵᠦᠶᠯ ᠤᠨ ᠦᠶᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ᠎ᠡ᠄     ⒈ ᠬᠡᠦᠬᠡᠳ ᠤᠨ ᠰᠠᠯᠠᠭ᠎ᠠ ᠵᠢᠴᠢ ᠣᠶᠤᠨ ᠰᠠᠨᠠᠭᠠᠨ ᠤ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃    ⒉ ᠬᠢᠲᠠᠳ ︵ᠮᠣᠩᠭᠤᠯ︶ ᠡᠮ ᠡᠮᠨᠡᠯᠭᠡ ᠶᠢᠨ ᠰᠢᠨ᠎ᠡ ᠶᠢ ᠡᠭᠦᠳᠬᠦ ᠦᠶᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃    ⒊ ᠡᠮᠨᠡᠬᠦ ᠰᠡᠷᠬᠡᠶᠢᠯᠡᠬᠦ ᠶᠢ ᠵᠣᠬᠢᠴᠠᠯᠳᠤᠭᠤᠯᠤᠨ ᠠᠭᠤᠰᠤᠯᠴᠠᠭᠤᠯᠬᠤ ᠦᠶᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃    ⒋ ᠬᠥᠮᠦᠨ ᠠᠮᠠ ᠶᠢᠨ ᠴᠢᠨᠠᠷ ᠰᠠᠶᠢᠲᠠᠶ ᠬᠥᠭᠵᠢᠯᠲᠡ ᠶᠢᠨ ᠦᠶᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃    ᠲᠠᠪᠤ ᠳᠤ᠂ 5 ᠵᠦᠶᠯ ᠤᠨ ᠭᠤᠤᠯᠳᠠᠯᠭ᠎ᠠ ᠲᠠᠢ ᠡᠭᠦᠷᠭᠡ ᠶᠢ ᠠᠬᠢᠭᠤᠯᠤᠨ᠎ᠠ᠄     ⒈ ᠡᠮᠴᠢᠯᠡᠭᠡᠨ ᠤ ᠬᠠᠮᠲᠤ ᠶᠢᠨ ᠴᠣᠭᠴᠠ ᠶᠢᠨ ᠮᠡᠳᠡᠭᠡ ᠵᠠᠩᠭᠢᠴᠢᠯᠠᠯᠳᠠ ᠶᠢᠨ ᠪᠠᠶᠢᠭᠤᠯᠤᠯᠲᠠ ᠶᠢᠨ ᠡᠭᠦᠷᠭᠡ ᠶᠢ ᠠᠬᠢᠭᠤᠯᠤᠨ᠎ᠠ᠃    ⒉ ᠭᠤᠣᠯᠳᠠᠯᠭ᠎ᠠ ᠲᠠᠢ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠡᠭᠦᠷᠭᠡ ᠶᠢ ᠠᠬᠢᠭᠤᠯᠤᠨ᠎ᠠ᠃    ⒊ ᠦᠨᠳᠦᠰᠦᠨ ᠱᠠᠲᠤᠨ ᠤ ︽6 S︾ ᠬᠠᠮᠢᠶᠠᠷᠤᠯᠲᠠ ᠶᠢᠨ ᠡᠭᠦᠷᠭᠡ ᠶᠢ ᠠᠬᠢᠭᠤᠯᠤᠨ᠎ᠠ᠃    ⒋ ᠡᠮᠴᠢᠯᠡᠭᠡ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠭᠦᠷᠭᠡ ᠶᠢ ᠠᠬᠢᠭᠤᠯᠤᠨ᠎ᠠ᠃    ︵ᠭᠤᠷᠪᠡ︶ ᠪᠣᠭᠤᠮᠲᠠ ᠰᠢᠪᠲᠤᠯᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠬᠠᠷᠰᠢ ᠰᠠᠭᠠᠳ ᠢ ᠰᠢᠯᠤᠭᠤᠳᠬᠠᠨ᠎ᠠ᠃     ᠨᠢᠭᠡ ᠳᠤ᠂ ᠠᠵᠢᠯᠲᠠᠨ ᠤ ᠶᠠᠪᠤᠳᠠᠯ᠂ ᠴᠠᠯᠢᠩ ᠬᠥᠯᠥᠰᠥ ᠶᠢᠨ ᠲᠦᠷᠢᠮ ᠤᠨ ᠬᠠᠮᠵᠢᠯᠴᠠᠨ ᠥᠭᠡᠷᠡᠴᠢᠯᠡᠯᠲᠡ ᠬᠢᠬᠦ ᠶᠢ ᠭᠦᠨᠵᠡᠭᠡᠶᠢᠷᠡᠭᠦᠯᠦᠨ᠎ᠡ᠃     ᠬᠤᠶᠠᠷ ᠲᠤ᠂ ᠱᠠᠲᠤ ᠬᠤᠪᠢᠶᠠᠨ ᠣᠨᠣᠰᠢᠯᠠᠨ ᠡᠮᠨᠡᠬᠦ ᠦᠶᠯᠡᠴᠢᠯᠡᠭᠡᠨ ᠤ ᠰᠢᠰᠲ᠋ᠧᠮ ᠤᠨ ᠬᠡᠯᠬᠢᠶᠡᠵᠢᠯ ᠢ ᠰᠢᠯᠤᠭᠤᠳᠬᠠᠨ᠎ᠠ᠃     ᠭᠤᠷᠪᠠ ᠳᠤ᠂ ︽ᠡᠮᠴᠢᠯᠡᠬᠡᠨ ᠤ ᠳᠠᠭᠠᠳᠬᠠᠯ ᠤᠨ ᠶᠡᠷᠤᠩᠬᠡᠢ ᠲᠤᠭ᠎ᠠ ᠶᠢᠨ ᠵᠠᠷᠤᠳᠠᠯ ᠲᠤᠰᠢᠶᠠᠬᠤ︾ ᠲᠦᠷᠢᠮ ᠢ ᠯᠠᠪᠳᠠᠭᠤᠨ ᠢᠶᠠᠷ ᠠᠬᠢᠭᠤᠯᠤᠨ᠎ᠠ᠃     ᠳᠥᠷᠪᠡ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ᠃     ᠲᠠᠪᠤ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ᠃     ᠰᠢᠨ᠎ᠡ ᠨᠢᠭᠡᠨ ᠵᠢᠯ ᠳᠤ᠂ ᠪᠢᠳᠡ ᠡᠷᠡᠭᠦᠯ ᠡᠩᠬᠡ ᠤᠷᠠᠳ ᠤᠨ ᠳᠤᠮᠳᠠᠳᠤ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠠᠳ ᠤᠨ ᠳᠤᠮᠳᠠᠳᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︕ 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ