ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ | ᠰᠤᠷᠭᠠᠭᠤᠯᠢ ᠶᠢᠨ ᠬᠦᠷᠢᠶᠡᠨ ᠤ ᠬᠠᠪᠤᠷ ᠤᠨ ᠤᠯᠠᠷᠢᠯ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠂ ᠢᠳᠡᠭᠡᠨ ᠤᠮᠳᠠᠭᠠᠨ ᠤ ᠠᠮᠤᠷ ᠲᠦᠪᠰᠢᠨ ᠤ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠢᠳᠡᠭᠡᠨ ᠤᠮᠳᠠᠭᠠᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢᠨ | ᠲᠥᠯᠥᠭᠡ᠂ 2 ᠰᠠᠷ᠎ᠠ ᠶᠢᠨ 24 ᠤ ᠡᠳᠦᠷ᠂ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠸᠧᠨ ᠯᠠᠨ ᠪᠠᠯᠭᠠᠰᠤᠨ ᠤ ᠢᠳᠡᠭᠡᠨ ᠤᠮᠳᠠᠭᠠᠨ ᠤ ᠠᠮᠤᠷ | ᠲᠦᠪᠰᠢᠨ ᠤ ᠠᠯᠪᠠᠨ ᠬᠡᠷ ᠤᠨ ᠺᠠᠳ᠋ᠷ᠂ ᠦᠵᠦᠬᠦᠷ ᠭᠤᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠠᠵᠢᠯᠲᠠᠳ ᠬᠠᠮᠳᠤᠷᠠᠨ ᠬᠠᠷᠢᠶᠠᠲᠤ | ᠣᠷᠣᠨ ᠤ ᠰᠤᠷᠭᠠᠭᠤᠯᠢ ᠶᠢᠨ ᠬᠤᠭᠤᠯᠠᠨ ᠬᠡᠷ ᠲᠤ ᠬᠦᠷᠴᠦ ᠢᠳᠡᠭᠡᠨ ᠤᠮᠳᠠᠭᠠᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯ ᠥᠷᠨᠢᠭᠦᠯᠪᠡ᠃ | | | | | | ᠪᠠᠶᠢᠴᠠᠭᠠᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠬᠤᠭᠤᠯᠠᠨ ᠬᠡᠷ ᠲᠤ ᠬᠦᠷᠴᠦ᠂ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ᠂ ᠬᠠᠳᠠᠭᠠᠯᠠᠬᠤ᠂ | ᠪᠤᠯᠪᠠᠰᠤᠷᠠᠭᠤᠯᠬᠤ᠂ ᠬᠤᠭᠤᠯᠠᠨ ᠤ ᠰᠠᠪᠠ ᠬᠡᠷᠡᠭᠰᠡᠯ ᠢ ᠠᠷᠢᠭᠤᠳᠬᠠᠬᠤ ᠵᠢᠴᠢ ᠠᠵᠢᠯᠲᠠᠨ ᠤ ᠬᠠᠮᠢᠶᠠᠷᠤᠯᠲᠠ ᠵᠡᠷᠭᠡ ᠭᠤᠭᠴᠤᠭ᠎ᠠ ᠠᠴᠠ ᠬᠠᠮᠢᠶ᠎ᠠ ᠪᠥᠬᠦᠶ ᠪᠠᠶᠢᠳᠠᠯ ᠢ | ᠨᠢᠭᠡᠳ ᠨᠢᠭᠡ ᠪᠠᠷ ᠪᠠᠶᠢᠴᠠᠭᠠᠨ ᠦᠵᠡᠵᠦ᠂ ᠨᠠᠷᠢᠨ ᠣᠶᠢᠯᠠᠭᠠᠪᠠ᠃ ᠨᠢᠭᠡ ᠳᠤ᠂ ᠰᠤᠷᠭᠠᠭᠤᠯᠢ ᠶᠢᠨ ᠬᠤᠭᠤᠯᠠᠨ ᠭᠡᠷ ᠤᠨ ᠡᠯ᠎ᠡ ᠵᠦᠢᠯ ᠤᠨ ᠢᠳᠡᠭᠡᠨ ᠤᠮᠳᠠᠭᠠᠨ ᠵᠢᠴᠢ | ᠲᠦᠭᠦᠬᠡᠶ ᠮᠠᠲ᠋ᠧᠷᠢᠶᠠᠯ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠪᠠᠲᠤᠯᠠᠬᠤ ᠬᠤᠭᠤᠴᠠᠭ᠎ᠠ ᠶᠢ ᠪᠠᠶᠢᠴᠠᠭᠠᠨ ᠦᠵᠡᠵᠦ᠂ ᠢᠳᠡᠭᠡᠨ ᠤᠮᠳᠠᠭᠠᠨ ᠤ ᠲᠦᠭᠦᠬᠡᠶ | ᠮᠠᠲ᠋ᠧᠷᠢᠶᠠᠯ ᠢ ᠴᠥᠮ ᠲᠤᠰᠠᠭᠠᠷᠯᠠᠬᠤ ᠠᠷᠭ᠎ᠠ ᠪᠠᠷ ᠬᠠᠳᠠᠭᠠᠯᠠᠬᠤ ᠵᠡᠷᠭᠡ ᠶᠢ ᠪᠠᠶᠢᠴᠠᠭᠠᠪᠠ᠃ ᠬᠤᠶᠠᠷ ᠲᠤ᠂ ᠰᠤᠷᠭᠠᠭᠤᠯᠢ ᠶᠢᠨ ᠬᠤᠭᠤᠯᠠᠨ ᠭᠡᠷ ᠤᠨ ᠭᠤᠷᠪᠠ ᠶᠢ | ᠰᠡᠷᠭᠡᠶᠢᠯᠡᠬᠦ ᠲᠦᠬᠦᠬᠡᠷᠤᠮᠵᠢ ᠨᠢ ᠪᠣᠳᠠᠲᠠᠶ ᠪᠠᠶᠢᠬᠤ ᠡᠰᠡᠬᠦ᠂ ᠢᠯᠠᠭ᠎ᠠ ᠬᠤᠷᠣᠬᠠᠶ ᠶᠢ ᠰᠡᠷᠭᠡᠶᠢᠯᠡᠬᠦ ᠲᠦᠬᠦᠬᠡᠷᠤᠮᠵᠢ ᠨᠢ ᠬᠡᠪ ᠤᠨ ᠶᠣᠰᠣᠭᠠᠷ ᠠᠵᠢᠯᠯᠠᠵᠤ ᠪᠠᠶᠢᠬᠤ ᠡᠰᠡᠬᠦ᠂ | ᠪᠣᠬᠢᠷ ᠤᠰᠤᠨ ᠤ ᠬᠤᠭᠤᠯᠠᠶ᠂ ᠭᠠᠵᠠᠷ ᠲᠤᠤᠷᠠᠬᠢ ᠤᠰᠤ ᠶᠠᠪᠤᠭᠤᠯᠬᠤ ᠬᠤᠭᠤᠯᠠᠢ ᠨᠢ ᠲᠣᠭᠲᠠᠭᠠᠯ ᠳᠤ ᠨᠡᠶᠢᠴᠡᠬᠦ ᠡᠰᠡᠬᠦ ᠶᠢ ᠪᠠᠶᠢᠴᠠᠭᠠᠪᠠ᠃ ᠭᠤᠷᠪᠠ ᠳᠤ᠂ ᠡᠬᠡ | ᠲᠠᠩᠰᠠ ᠶᠢᠨ ᠲᠡᠮᠳᠡᠭᠯᠡᠯ ᠤᠨ ᠳᠡᠪᠲᠡᠷ ᠢ ᠤᠷᠪᠠᠭᠤᠯᠤᠨ ᠦᠵᠡᠵᠦ᠂ ᠬᠠᠮᠢᠶᠠᠷᠤᠯᠲᠠ ᠶᠢᠨ ᠠᠵᠢᠯᠲᠠᠨ ᠴᠠᠭ ᠲᠤᠬᠠᠶ ᠳᠤᠨᠢ᠂ ᠦᠨᠡᠨ ᠪᠣᠳᠠᠲᠠᠶ ᠪᠠᠷ ᠲᠠᠭᠯᠠᠨ ᠪᠢᠴᠢᠭᠰᠡᠨ | ᠡᠰᠡᠬᠦ ᠶᠢ ᠪᠠᠶᠢᠴᠠᠭᠠᠨ ᠦᠵᠡᠪᠡ᠃ ᠳᠥᠷᠪᠡ ᠳᠤ᠂ ᠢᠳᠡᠭᠡᠨ ᠤ ᠦᠯᠢᠬᠡᠷ ᠦᠯᠡᠳᠡᠭᠡᠬᠦ ᠲᠥᠬᠦᠭᠡᠷᠦᠮᠵᠢ ᠶᠢᠨ ᠬᠡᠪ ᠤᠨ ᠶᠣᠰᠣᠭᠠᠷ ᠠᠵᠢᠯᠯᠠᠭᠰᠠᠨ ᠡᠰᠡᠬᠦ᠂ ᠲᠣᠭᠲᠠᠭᠠᠯ | ᠶᠣᠰᠣᠭᠠᠷ ᠦᠯᠢᠬᠡᠷ ᠦᠯᠡᠳᠡᠭᠡᠭᠰᠡᠨ ᠡᠰᠡᠬᠦ᠂ ᠦᠯᠢᠬᠡᠷ ᠦᠯᠡᠳᠡᠭᠡᠭᠰᠡᠨ ᠲᠡᠮᠳᠡᠭᠯᠡᠯ ᠨᠢ ᠪᠦᠷᠢᠨ ᠲᠡᠭᠦᠯᠳᠡᠷ ᠪᠠᠶᠢᠬᠤ ᠡᠰᠡᠬᠦ ᠶᠢ ᠪᠠᠶᠢᠴᠠᠭᠠᠨ ᠦᠵᠡᠪᠠ᠃ | | | | | | | | | ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠨᠢ ᠥᠷᠭᠡᠨ ᠣᠯᠠᠨ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ | ᠮᠡᠨᠳᠦ ᠪᠣᠯᠤᠨ ᠠᠮᠢ ᠨᠠᠰᠤᠨ ᠤ ᠠᠮᠤᠷ ᠲᠦᠪᠰᠢᠨ ᠲᠠᠢ ᠰᠢᠭᠤᠳ ᠬᠤᠯᠪᠣᠭᠳᠠᠬᠤ ᠪᠣᠯᠬᠤᠷ ᠲᠤᠶᠢᠯ ᠤᠨ ᠴᠢᠬᠤᠯᠠ ᠪᠠᠶᠢᠳᠠᠭ᠃ ᠲᠠᠷᠠᠭᠠᠴᠢ ᠶᠢᠨ ᠠᠯᠬᠤᠮ ᠳᠤ᠂ | ᠦᠵᠦᠬᠦᠷ ᠭᠤᠤᠯ ᠪᠠᠯᠭᠠᠰᠤ ᠦᠷᠭᠦᠯᠵᠢᠯᠡᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠰᠤᠷᠭᠠᠭᠤᠯᠢ | ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ | ᠶᠢᠨ ᠬᠦᠴᠦᠯᠡᠴᠡ ᠪᠠᠨ ᠴᠢᠩᠭᠠᠤᠨᠬᠠᠨ᠂ ᠰᠤᠷᠭᠠᠭᠤᠯᠢ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ | ᠥᠷᠭᠡᠨ ᠤᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠰᠠᠬᠢᠨ ᠬᠠᠮᠠᠭᠠᠯᠠᠨ᠎ᠠ᠃ | | | | |