ᠪᠥᠬᠦ ᠬᠤᠰᠢᠭᠤᠨ ᠤ ᠥᠷᠭᠡᠨ ᠣᠯᠠᠨ ᠲᠦᠮᠡᠨ ᠳᠤ᠄ | ᠣᠶᠢᠷ᠎ᠠ ᠶᠢᠨ ᠵᠢᠯ ᠳᠤ᠂ ᠮᠠᠨ ᠤ ᠬᠤᠰᠢᠭᠤᠨ ᠤ ᠣᠷᠣᠰᠢᠭᠤᠯᠭ᠎ᠠ ᠵᠢᠨᠠᠵᠢᠯ ᠤᠨ ᠥᠭᠡᠷᠡᠴᠢᠯᠡᠯᠲᠡ ᠶᠢᠨ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ | ᠥᠷᠭᠡᠨ ᠣᠯᠠᠨ ᠲᠦᠮᠡᠨ ᠤ ᠣᠷᠣᠰᠢᠭᠤᠯᠭ᠎ᠠ ᠶᠢᠨ ᠲᠤᠬᠠᠢ ᠦᠵᠡᠯ ᠤᠬᠠᠮᠰᠠᠷ ᠠᠯᠬᠤᠮ ᠠᠯᠬᠤᠮ ᠢᠶᠠᠷ ᠬᠤᠪᠢᠷᠠᠯᠲᠠ ᠭᠠᠷᠴᠤ᠂ ᠰᠢᠨᠵᠢᠯᠡᠬᠦ ᠤᠬᠠᠭᠠᠨᠴᠢ᠂ ᠠᠷᠪᠢᠴᠢ | ᠪᠣᠷᠤᠭᠵᠢᠭᠤᠨ᠂ ᠪᠣᠯᠪᠠᠰᠤᠨ᠂ ᠠᠮᠢ ᠠᠬᠤᠶᠢᠯᠠᠭ ᠣᠷᠣᠰᠢᠭᠤᠯᠭ᠎ᠠ ᠶᠢᠨ ᠣᠶᠢᠯᠠᠭᠠᠭᠳᠠᠬᠤᠨ ᠠᠯᠬᠤᠮ ᠠᠯᠬᠤᠮ ᠢᠶᠠᠷ ᠪᠣᠢ ᠪᠣᠯᠣᠭᠰᠠᠨ ᠪᠠᠶᠢᠨ᠎ᠠ᠃ ᠭᠡᠪᠡᠴᠦ | ᠣᠷᠣᠰᠢᠭᠤᠯᠭ᠎ᠠ ᠵᠢᠨᠶᠠᠪᠤᠳᠠᠯ ᠢ ᠶᠡᠬᠡᠪᠡᠷ ᠬᠢᠬᠦ᠂ ᠳᠤᠷ᠎ᠠ ᠲᠠᠪᠠ ᠪᠠᠷ ᠢᠶᠠᠨ ᠴᠢᠨᠳᠠᠷ ᠤᠨ ᠲᠠᠩᠬᠢᠮ ᠪᠠᠶᠢᠭᠤᠯᠬᠤ ᠵᠡᠷᠭᠡ ᠪᠣᠯᠪᠠᠰᠤᠨ ᠪᠤᠰᠤ ᠦᠵᠡᠭᠳᠡᠯ ᠪᠠᠶᠢᠨ ᠳᠠᠬᠢᠨ | ᠢᠯᠡᠷᠡᠵᠦ ᠪᠠᠶᠢᠨ᠎ᠠ᠃ ᠤᠷᠤᠰᠢᠭᠤᠯᠭ᠎ᠠ ᠶᠢᠨ ᠶᠤᠰᠤᠯᠠᠯ ᠤᠨ ᠶᠠᠪᠤᠴᠠ ᠳᠠᠬᠢ ᠪᠤᠯᠬᠢ ᠪᠦᠳᠦᠭᠦᠯᠢᠭ ᠦᠢᠯᠡ ᠠᠵᠢᠯᠯᠠᠭ᠎ᠠ ᠶᠢ ᠬᠤᠷᠢᠭᠯᠠᠨ ᠲᠡᠪᠴᠢᠵᠦ᠂ ᠰᠢᠯᠢᠳᠡᠭ | ᠤᠯᠠᠮᠵᠢᠯᠠᠯ ᠢ ᠵᠠᠯᠭᠠᠮᠵᠢᠯᠠᠨ᠂ ᠦᠨᠳᠦᠰᠦᠲᠡᠨ ᠤ ᠣᠳᠤᠮᠰᠢᠯᠲᠦ ᠰᠣᠶᠣᠯ ᠢ ᠪᠠᠳᠠᠷᠠᠭᠤᠯᠵᠤ᠂ ᠪᠣᠯᠪᠠᠰᠤᠨ ᠣᠷᠣᠰᠢᠭᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠨᠡᠶᠢᠭᠡᠮ ᠤᠨ ᠪᠣᠯᠪᠠᠰᠤᠨ ᠰᠢᠨ᠎ᠡ ᠰᠤᠷᠲᠠᠯ ᠢ ᠪᠣᠢ ᠪᠣᠯᠭᠠᠨ᠂ ᠡᠶ᠎ᠡ ᠵᠣᠬᠢᠴᠠᠯ ᠲᠠᠢ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠣᠨᠴᠠᠭᠠᠶᠢᠯᠠᠨ | ᠥᠷᠭᠡᠨ ᠣᠯᠠᠨ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠬᠦᠮᠦᠰ ᠲᠤ ᠪᠣᠯᠪᠠᠰᠤᠨ ᠢᠶᠠᠷ ᠣᠷᠣᠰᠢᠭᠤᠯᠭ᠎ᠠ ᠬᠢᠬᠦ ᠰᠠᠨᠠᠭᠠᠴᠢᠯᠠᠭ᠎ᠠ ᠶᠢ ᠣᠷᠢᠶᠠᠯᠠᠵᠤ ᠪᠠᠶᠢᠨ᠎ᠠ᠄ | ᠨᠢᠭᠡ᠂ ᠠᠮᠢᠳᠣ ᠪᠠᠶᠢᠬᠤ ᠳᠤ ᠨᠢ ᠡᠯᠪᠡᠷᠢᠯ ᠵᠢᠷᠤᠮ ᠢᠶᠠᠨ ᠭᠦᠢᠴᠡᠳᠭᠡᠵᠦ᠂ ᠠᠯᠠᠭ᠎ᠠ ᠪᠣᠯᠣᠭᠰᠠᠨ ᠤ ᠳᠠᠷᠠᠭ᠎ᠠ ᠳᠦᠭᠦᠮ ᠢᠶᠠᠷ ᠤᠷᠤᠰᠢᠭᠤᠯᠬᠤ ᠠᠴᠢᠯᠠᠯ ᠤᠨ | ᠪᠣᠯᠪᠠᠰᠤᠨ ᠣᠶᠢᠯᠠᠭᠠᠭᠳᠠᠬᠤᠨ ᠢ ᠪᠤᠢ ᠪᠣᠯᠭᠠᠬᠤ ᠬᠡᠷᠡᠭᠲᠡᠶ | ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ | ᠠᠮᠢᠳᠤ ᠪᠠᠶᠢᠬᠤ ᠳᠤ ᠨᠢ ᠰᠠᠶᠢᠬᠠᠨ ᠠᠰᠠᠷᠠᠨ ᠬᠠᠷᠠᠭᠠᠯᠵᠠᠵᠤ᠂ ᠨᠠᠰᠤ ᠪᠠᠷᠠᠪᠠᠯ ᠲᠦᠬᠦᠮᠬᠡᠨ ᠣᠷᠣᠰᠢᠭᠤᠯᠬᠤ᠂ ᠠᠴᠢᠯᠠᠯ ᠡᠨᠡᠷᠢᠯ ᠤᠨ ᠪᠣᠯᠪᠠᠰᠤᠨ ᠰᠤᠷᠲᠠᠯ ᠢ ᠪᠣᠢ | ᠪᠣᠯᠭᠠᠬᠤ ᠬᠡᠷᠡᠭᠲᠡᠢ᠃ ᠠᠬᠠᠰ ᠵᠠᠬᠠᠰ ᠢᠶᠠᠨ ᠠᠮᠢᠳᠤ ᠪᠠᠶᠢᠬᠤ ᠳᠤ ᠨᠢ ᠢᠯᠡᠭᠦᠬᠡᠨ ᠬᠠᠯᠠᠮᠵᠢᠯᠠᠵᠤ᠂ ᠠᠴᠢᠯᠠᠯ ᠤᠨ ᠰᠡᠳᠬᠢᠯ ᠢᠶᠠᠨ ᠭᠦᠢᠴᠡᠳᠬᠡᠵᠦ᠂ ᠲᠡᠳᠡᠨ ᠢ ᠥᠲᠡᠯᠦᠭᠡ | ᠨᠠᠰᠤᠨ ᠳᠤ ᠪᠠᠨ ᠦᠮᠦᠭ ᠲᠦᠰᠢᠭ ᠲᠠᠢ᠂ ᠪᠠᠶᠠᠷ ᠵᠢᠷᠭᠠᠯ ᠲᠠᠢ ᠪᠠᠶᠢᠯᠭᠠᠵᠤ᠂ ᠨᠠᠰᠤ ᠪᠠᠷᠠᠭᠰᠠᠨ ᠤ ᠳᠠᠷᠠᠭ᠎ᠠ ᠭᠠᠰᠢᠭᠤᠳᠠᠯ ᠤᠨ ᠶᠤᠰᠤᠯᠠᠯ ᠢ ᠳᠦᠭᠦᠮᠴᠢᠯᠡᠨ ᠬᠢᠬᠦ | ᠪᠣᠯᠪᠠᠰᠤᠨ ᠣᠷᠣᠰᠢᠭᠤᠯᠭ᠎ᠠ ᠶᠢ ᠰᠠᠨᠠᠭᠠᠴᠢᠯᠠᠬᠤ ᠬᠡᠷᠡᠭᠲᠡᠢ᠃ | ᠬᠤᠶᠠᠷ᠂ ᠪᠣᠯᠪᠠᠰᠤᠨ ᠰᠢᠨᠵᠢᠯᠡᠬᠦ ᠤᠬᠠᠭᠠᠨᠴᠢ ᠣᠷᠣᠰᠢᠭᠤᠯᠭ᠎ᠠ ᠶᠢᠨ ᠶᠣᠰᠣᠯᠠᠯ ᠢ ᠰᠣᠷᠲᠠᠯᠴᠢᠯᠠᠬᠤ ᠬᠡᠷᠡᠭᠲᠡᠢ | ᠵᠠᠩ ᠳᠠᠳᠬᠠᠯ ᠢᠶᠠᠨ ᠥᠭᠡᠷᠡᠴᠢᠯᠡᠬᠦ ᠶᠢ ᠰᠠᠨᠠᠭᠠᠴᠢᠯᠠᠵᠤ᠂ ᠣᠷᠣᠰᠢᠭᠤᠯᠭ᠎ᠠ ᠶᠢᠨ ᠰᠢᠨ᠎ᠡ ᠬᠡᠪ ᠰᠤᠷᠲᠠᠯ ᠢ ᠪᠣᠢ ᠪᠣᠯᠭᠠᠵᠤ᠂ ᠰᠢᠨᠵᠢᠯᠡᠬᠦ ᠤᠬᠠᠭᠠᠨ ᠢ ᠡᠷᠬᠢᠮᠯᠡᠨ᠂ | ᠹᠧᠣᠳᠠᠯ ᠤᠨ ᠮᠤᠬᠤᠷ ᠪᠢᠰᠢᠷᠡᠯ ᠤᠨ ᠠᠵᠢᠯᠯᠠᠭ᠎ᠠ ᠶᠢ ᠲᠡᠪᠴᠢᠨ᠂ ᠪᠣᠯᠪᠠᠰᠤᠨ᠂ ᠡᠷᠡᠭᠦᠯ ᠬᠡᠯᠪᠡᠷᠢ ᠪᠠᠷ ᠨᠠᠰᠤ ᠨᠥᠭᠴᠢᠭᠰᠡᠳ ᠢ ᠦᠳᠡᠨ ᠮᠣᠷᠳᠠᠭᠤᠯᠵᠤ᠂ ᠦᠨᠡᠨᠴᠢ | ᠲᠠᠯᠠᠷᠬᠠᠯ ᠤᠨ ᠰᠡᠳᠬᠢᠯᠭᠡ ᠪᠠ ᠠᠴᠢ ᠡᠨᠡᠷᠢᠯ ᠤᠨ ᠰᠡᠳᠬᠢᠯᠭᠡ ᠪᠠᠷ ᠲᠥᠷᠥᠯ ᠰᠠᠳᠤᠨ ᠢᠶᠠᠨ ᠳᠤᠷᠠᠰᠤᠨ ᠰᠠᠨᠠᠭᠠᠯᠵᠠᠨ᠎ᠠ᠃ ᠱᠠᠯᠢᠭ ᠰᠠᠮᠠᠭᠤᠨ᠂ ᠪᠣᠯᠬᠢ ᠪᠦᠳᠦᠭᠦᠯᠢᠭ᠂ | ᠹᠧᠣᠳᠠᠯ ᠤᠨ ᠮᠤᠬᠤᠷ ᠪᠢᠰᠢᠷᠡᠯ ᠵᠡᠷᠭᠡ ᠠᠭᠤᠯᠭ᠎ᠠ ᠪᠦᠬᠦᠢ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠣᠷᠣᠰᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡ ᠶᠢ ᠵᠥᠪ ᠢᠶᠠᠷ ᠬᠥᠲᠥᠯᠥᠨ ᠵᠢᠯᠣᠭᠤᠳᠴᠤ ᠳᠦᠷᠢᠮᠵᠢᠭᠦᠯᠬᠦ ᠬᠡᠷᠡᠭᠲᠡᠶ᠃ ᠳᠤᠷ᠎ᠠ ᠪᠠᠷ ᠢᠶᠠᠨ ᠴᠢᠨᠳᠠᠷ ᠤᠨ ᠲᠠᠩᠬᠢᠮ | ᠪᠠᠶᠢᠭᠤᠯᠬᠤ ᠦᠭᠡᠢ᠂ ᠣᠷᠴᠢᠨ ᠲᠣᠭᠤᠷᠢᠨ ᠢ ᠪᠣᠬᠢᠷᠲᠤᠭᠤᠯᠬᠤ ᠦᠭᠡᠢ᠂ ᠵᠠᠮ ᠬᠠᠷᠢᠯᠴᠠᠭ᠎ᠠ ᠶᠢ ᠬᠠᠷᠰᠢᠯᠠᠬᠤ ᠦᠭᠡᠢ᠂ ᠤᠯᠠᠨ ᠨᠡᠶᠢᠲᠡ ᠶᠢᠨ ᠲᠠᠯᠠᠪᠠᠢ ᠳᠤ ᠴᠠᠭᠠᠰᠤᠨ | ᠵᠣᠭᠤᠰ ᠰᠢᠲᠠᠭᠠᠬᠤ ᠦᠭᠡᠢ᠂ ᠪᠤᠰᠤᠳ ᠤᠨ ᠬᠡᠪ ᠤᠨ ᠠᠮᠢᠳᠤᠷᠠᠯ ᠢ ᠨᠥᠯᠥᠭᠡᠯᠡᠬᠦ ᠦᠭᠡᠢ᠂ ᠤᠬᠠᠮᠰᠠᠷ ᠠᠴᠠ ᠪᠠᠨ ᠪᠤᠰᠤᠳ ᠤᠨ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠬᠠᠮᠠᠭᠠᠯᠠᠬᠤ ᠬᠡᠷᠡᠭᠲᠡᠢ᠃ | ᠭᠤᠷᠪᠠ᠂ ᠪᠣᠬᠢᠷᠲᠤᠯ ᠦᠭᠡᠶ ᠠᠮᠢ ᠠᠬᠤᠶᠢᠯᠠᠭ ᠣᠷᠤᠰᠢᠭᠤᠯᠭ᠎ᠠ ᠶᠢᠨ ᠠᠷᠭ᠎ᠠ ᠶᠢ ᠠᠪᠬᠤ ᠬᠡᠷᠡᠭᠲᠡᠢ | ᠭᠠᠯ ᠢᠶᠠᠷ ᠳᠡᠭᠳᠡᠭᠡᠬᠦ ᠶᠢ ᠬᠡᠷᠡᠭᠵᠢᠭᠦᠯᠵᠦ᠂ ᠪᠤᠯᠠᠰᠢᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠨᠡᠶᠢᠲᠡ ᠶᠢᠨ ᠣᠩᠭᠤᠨ ᠳᠤ ᠲᠥᠪᠯᠡᠷᠡᠭᠦᠯᠦᠨ ᠪᠤᠯᠠᠰᠢᠯᠠᠬᠤ ᠶᠢ | ᠶᠡᠭᠡ ᠪᠠᠷ ᠬᠡᠷᠡᠭᠵᠢᠭᠦᠯᠵᠦ᠂ ᠴᠢᠨᠳᠠᠷ ᠢ ᠲᠠᠬᠢᠨ ᠠᠪᠰᠠᠯᠠᠵᠤ ᠪᠤᠯᠠᠰᠢᠯᠠᠵᠤ ᠣᠭᠳᠤ ᠪᠣᠯᠬᠤ ᠦᠭᠡᠢ᠃ ᠴᠢᠨᠳᠠᠷ ᠢ ᠠᠰᠬᠠᠬᠤ᠂ ᠭᠦᠨ ᠪᠤᠯᠠᠬᠤ᠂ ᠬᠡᠭᠦᠷ ᠣᠩᠭᠤᠨ | ᠪᠠᠶᠢᠭᠤᠯᠬᠤ ᠦᠭᠡᠢ ᠪᠠᠶᠢᠬᠤ ᠤᠷᠤᠰᠢᠭᠤᠯᠭ᠎ᠠ ᠶᠢᠨ ᠬᠡᠯᠪᠡᠷᠢ ᠶᠢ ᠰᠠᠨᠠᠭᠠᠴᠢᠯᠠᠵᠦ᠂ ᠴᠢᠨᠳᠠᠷ ᠢ ᠬᠠᠳᠠᠭᠠᠯᠠᠬᠤ᠂ ᠮᠤᠳᠤᠨ ᠣᠷᠣᠰᠢᠭᠤᠯᠭ᠎ᠠ᠂ ᠵᠦᠯᠭᠡᠨ ᠣᠷᠣᠰᠢᠭᠤᠯᠭ᠎ᠠ᠂ | ᠬᠠᠨᠠᠨ ᠣᠷᠣᠰᠢᠭᠤᠯᠭ᠎ᠠ ᠵᠡᠷᠭᠡ ᠠᠮᠢ ᠠᠬᠤᠶᠢᠯᠠᠭ ᠭᠠᠵᠠᠷ ᠠᠷᠪᠢᠯᠠᠬᠤ ᠬᠡᠯᠪᠡᠷᠢ ᠶᠢᠨ ᠣᠷᠣᠰᠢᠭᠤᠯᠭ᠎ᠠ ᠬᠢᠬᠦ ᠶᠢ ᠰᠠᠨᠠᠭᠠᠴᠢᠯᠠᠨ᠎ᠠ᠃ ᠳᠤᠷ᠎ᠠ ᠪᠠᠷ ᠢᠶᠠᠨ ᠪᠤᠯᠠᠰᠢᠯᠠᠵᠦ | ᠳᠤᠷ᠎ᠠ ᠪᠠᠷ ᠢᠶᠠᠨ ᠣᠷᠤᠰᠢᠭᠤᠯᠬᠤ ᠪᠠ ᠬᠠᠤᠯᠢ ᠲᠣᠭᠲᠠᠭᠠᠯ ᠠᠴᠠ ᠵᠦᠷᠢᠴᠡᠨ ᠣᠩᠭᠤᠨ ᠪᠤᠯᠠᠰᠢ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ | ᠳᠥᠷᠪᠡ᠂ ᠡᠷᠡᠭᠦᠯ ᠪᠣᠯᠪᠠᠰᠤᠨ᠂ ᠲᠠᠬᠢᠯᠭ᠎ᠠ ᠬᠢᠬᠦ ᠰᠢᠨ᠎ᠡ ᠰᠤᠷᠲᠠᠯ ᠢ ᠪᠣᠶ ᠪᠣᠯᠭᠠᠬᠤ ᠬᠡᠷᠡᠭᠲᠡᠢ | ᠤᠯᠠᠮᠵᠢᠯᠠᠯᠲᠤ ᠲᠠᠬᠢᠯᠭ᠎ᠠ ᠶᠢᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠵᠤ᠂ ᠪᠣᠯᠪᠠᠰᠤᠨ ᠠᠮᠤᠷ ᠲᠦᠪᠰᠢᠨ ᠲᠠᠬᠢᠯᠭ᠎ᠠ ᠶᠢᠨ ᠬᠡᠯᠪᠡᠷᠢ ᠶᠢ | ᠬᠡᠷᠡᠭᠵᠢᠭᠦᠯᠬᠦ ᠬᠡᠷᠡᠭᠲᠡᠶ᠃ ᠦᠵᠡᠰᠬᠦᠯᠡᠩᠲᠦ ᠰᠠᠶᠢᠬᠠᠨ ᠬᠤᠲᠠ ᠬᠥᠳᠡᠭᠡ ᠶᠢᠨ ᠣᠷᠴᠢᠨ ᠲᠣᠭᠤᠷᠢᠨ ᠢ ᠶᠡᠬᠡᠪᠡᠷ ᠬᠠᠮᠠᠭᠠᠯᠠᠵᠤ᠂ ᠵᠡᠭᠡᠯᠢ ᠭᠤᠳᠤᠮᠵᠢ᠂ ᠬᠤᠷᠢᠶᠠᠯᠠᠯ | ᠲᠣᠭᠤᠷᠢᠭ᠂ ᠴᠡᠴᠡᠷᠯᠢᠭ᠂ ᠠᠭᠤᠳᠠᠮ ᠲᠠᠯᠠᠪᠠᠢ ᠵᠡᠷᠭᠡ ᠭᠠᠵᠠᠷ ᠤᠳ ᠲᠤ ᠬᠡᠩᠰᠢᠭᠦᠦ ᠬᠢᠵᠦ ᠴᠠᠭᠠᠰᠣ ᠰᠢᠲᠠᠭᠠᠬᠤ ᠶᠢ ᠴᠠᠭᠠᠵᠠᠯᠠᠬᠤ ᠬᠡᠷᠡᠭᠲᠡᠶ᠃ ᠴᠡᠴᠡᠭᠲᠦ ᠲᠠᠬᠢᠯᠭ᠎ᠠ᠂ | ᠮᠣᠳᠤ ᠲᠠᠷᠢᠬᠤ ᠲᠠᠬᠢᠯᠭ᠎ᠠ᠂ ᠰᠦᠯᠵᠢᠶᠡᠨ ᠳᠡᠭᠡᠷᠡᠬᠢ ᠲᠠᠬᠢᠯᠭ᠎ᠠ ᠵᠡᠷᠭᠡ ᠤᠳᠤ ᠦᠶ᠎ᠡ ᠶᠢᠨ ᠪᠤᠯᠪᠠᠰᠤᠨ ᠡᠷᠡᠭᠦᠯ ᠰᠠᠷᠠᠭᠤᠯ ᠢᠯᠡᠳᠭᠡᠬᠦ ᠬᠡᠯᠪᠡᠷᠢ ᠪᠠᠷ ᠲᠡᠭᠡᠳᠦᠰ ᠢᠶᠠᠨ | ᠰᠠᠨᠠᠭᠠᠯᠵᠠᠵᠤ ᠨᠦᠭᠴᠢᠭᠰᠡᠳ ᠢᠶᠠᠨ ᠳᠤᠷᠠᠰᠤᠨ ᠰᠠᠨᠠᠭᠠᠯᠵᠠᠵᠤ᠂ ᠱᠠᠯᠢᠨ ᠪᠦᠷᠢᠯᠭᠡᠬᠦ᠂ ᠪᠣᠯᠬᠢ ᠪᠦᠲᠦᠭᠦᠯᠢᠭ᠂ ᠲᠡᠨᠡᠭ ᠮᠣᠩᠬᠠᠭ ᠢᠶᠠᠷ ᠲᠠᠬᠢᠯᠭ᠎ᠠ ᠬᠢᠬᠦ ᠶᠢ ᠡᠰᠡᠷᠭᠦᠴᠡᠬᠦ | ᠬᠡᠷᠡᠭᠲᠡᠢ᠃ | ᠲᠠᠪᠤ᠂ ᠨᠠᠮ ᠤᠨ ᠭᠡᠰᠢᠭᠦᠨ ᠺᠠᠳ᠋ᠷᠴᠣᠳ ᠳᠠᠭᠠᠭᠤᠯᠤᠭᠴᠢ ᠶᠢᠨ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ | ᠪᠦᠬᠦ ᠨᠠᠮ ᠤᠨ ᠭᠡᠰᠢᠭᠦᠨ ᠺᠠᠳ᠋ᠷᠴᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ︽ᠨᠠᠮ ᠤᠨ ᠭᠡᠰᠢᠭᠦᠨ ᠺᠠᠳ᠋ᠷᠴᠤᠳ ᠤᠨ ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠵᠤ | ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠪᠣᠯᠪᠠᠰᠤᠨ | ᠰᠢᠨᠵᠢᠯᠡᠬᠦ ᠤᠬᠠᠭᠠᠨᠴᠢ ᠰᠠᠨᠠᠭᠠᠴᠢᠯᠠᠭᠴᠢ ᠪᠠ ᠤᠯᠠᠮᠵᠢᠯᠠᠭᠴᠢ ᠪᠣᠯᠬᠤ ᠪᠠᠷ ᠴᠢᠷᠮᠠᠶᠢᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠵᠢᠱᠢᠶ᠎ᠡ ᠦᠵᠡᠭᠦᠯᠦᠨ᠂ | ᠳᠠᠭᠠᠭᠤᠯᠤᠭᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠲᠦᠷᠦᠭᠦᠯᠡᠨ ᠪᠣᠯᠪᠠᠰᠤᠨ ᠢᠶᠠᠷ ᠠᠷᠪᠢᠯᠠᠨ ᠭᠠᠮᠨᠠᠬᠤ ᠣᠷᠣᠰᠢᠭᠤᠯᠭ᠎ᠠ ᠶᠢᠨ ᠶᠠᠪᠤᠳᠠᠯ ᠢ ᠰᠠᠨᠠᠭᠠᠴᠢᠯᠠᠨ | ᠭᠦᠢᠴᠡᠳᠬᠡᠵᠦ᠂ ᠲᠦᠷᠦᠭᠦᠯᠡᠨ ᠠᠮᠢ ᠠᠬᠤᠶᠢᠯᠠᠭ ᠣᠷᠣᠰᠢᠭᠤᠯᠭ᠎ᠠ ᠬᠢᠬᠦ ᠶᠢ ᠰᠠᠨᠠᠭᠠᠴᠢᠯᠠᠵᠤ᠂ ᠲᠦᠷᠦᠭᠦᠯᠡᠨ ᠪᠣᠯᠪᠠᠰᠤᠨ ᠳᠣᠣᠷ᠎ᠠ ᠨᠡᠭᠦᠷᠡᠰᠦᠲᠥ᠋ᠷᠥᠭᠴᠢᠲᠦ ᠳᠠᠬᠢᠯᠭ᠎ᠠ | ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠤᠬᠠᠭᠤᠯᠵᠤ᠂ ᠪᠣᠯᠪᠠᠰᠤᠨ ᠪᠤᠰᠤ᠂ ᠲᠦᠷᠢᠮᠵᠢᠯ ᠦᠭᠡᠢ ᠳᠠᠬᠢᠯᠭ᠎ᠠ ᠶᠢᠨ ᠠᠵᠢᠯᠯᠠᠭ᠎ᠠ ᠳᠤ ᠬᠢᠨᠠᠯᠲᠠ ᠲᠠᠯᠪᠢᠨ | ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠢᠶᠠᠷ ᠳᠠᠬᠢᠯᠭ᠎ᠠ ᠬᠢᠬᠦ᠂ ᠠᠷᠪᠢᠴᠢ ᠭᠠᠮᠲᠠᠢ ᠪᠠᠷ ᠭᠠᠰᠢᠭᠤᠳᠠᠯ ᠤᠨ ᠶᠠᠪᠤᠳᠠᠯ ᠢ ᠡᠷᠬᠢᠯᠡᠬᠦ ᠵᠢᠱᠢᠶ᠎ᠡ ᠦᠵᠡᠭᠦᠯᠬᠦ | ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ | ᠡᠷᠬᠢᠮ ᠬᠦᠨᠳᠦᠲᠦ ᠥᠷᠭᠡᠨ ᠣᠯᠠᠨ ᠲᠦᠮᠡᠨ᠂ ᠨᠡᠶᠢᠭᠡᠮ ᠤᠨ ᠡᠯ᠎ᠡ ᠡᠲᠡᠭᠡᠤᠨ ᠤᠨ ᠨᠠᠶᠢᠵᠠ ᠨᠠᠷ ᠡ᠂ ᠪᠢᠳᠡ ᠬᠠᠮᠲᠤ ᠪᠠᠷ ᠢᠶᠠᠨ ᠭᠠᠷ ᠭᠠᠷ ᠢᠶᠠᠨ ᠬᠤᠯᠪᠣᠯᠴᠠᠵᠤ᠂ | ᠪᠣᠯᠪᠠᠰᠤᠨ ᠢᠶᠠᠷ ᠲᠠᠬᠢᠯᠭ᠎ᠠ ᠬᠢᠬᠦ᠂ ᠵᠠᠩ ᠳᠠᠳᠬᠠᠯ ᠢ ᠥᠭᠡᠷᠡᠴᠢᠯᠡᠬᠦ᠂ ᠰᠢᠯᠢᠳᠡᠭ ᠤᠯᠠᠮᠵᠢᠯᠠᠯᠲᠤ ᠣᠷᠣᠰᠢᠭᠤᠯᠭ᠎ᠠ ᠶᠢᠨ ᠰᠣᠶᠣᠯ ᠢ ᠤᠯᠠᠮᠵᠢᠯᠠᠨ ᠰᠠᠨᠠᠭᠠᠴᠢᠯᠠᠵᠤ᠂ ᠣᠶᠤᠨ | ᠤ ᠪᠣᠯᠪᠠᠰᠤᠨ ᠤ ᠪᠠᠶᠢᠭᠤᠯᠤᠯᠲᠠ ᠪᠠᠨ ᠴᠢᠩᠭᠠᠳᠬᠠᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠡᠶ᠎ᠡ ᠵᠣᠬᠢᠴᠠᠩᠭᠤᠶ ᠦᠵᠡᠰᠬᠦᠯᠡᠩᠲᠦ ᠰᠠᠶᠢᠬᠠᠨ ᠤᠷᠠᠳ ᠤᠨ | ᠳᠤᠮᠳᠠᠳᠤ ᠬᠤᠰᠢᠭᠤ ᠶᠢ ᠪᠥᠲᠥᠭᠡᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠶ᠎ᠡ᠃ | | ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ | 2025 ᠣᠨ ᠤ 2 ᠰᠠᠷ᠎ᠠ ᠶᠢᠨ 24 ᠤ ᠡᠳᠦᠷ | |