ᠪᠣᠯᠪᠠᠰᠤᠨ ᠤᠷᠤᠭ ᠬᠤᠷᠢᠮ ᠤᠨ ᠵᠠᠩᠰᠢᠯ ᠰᠤᠷᠲᠠᠯ ᠢ ᠪᠣᠢ ᠪᠣᠯᠭᠠᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2025/2/28
ᠥᠷᠭᠡᠨ ᠣᠯᠠᠨ ᠰᠠᠭᠤᠭᠠᠯᠢ ᠠᠷᠠᠳ ᠲᠤ᠄    ᠵᠣᠯ ᠵᠢᠷᠭᠠᠯᠲᠤ ᠤᠷᠤᠭ ᠬᠤᠷᠢᠮ ᠪᠣᠯ ᠢᠨᠠᠭᠯᠠᠵᠤ ᠪᠠᠶᠢᠭ᠎ᠠ ᠡᠷᠡᠭᠲᠡᠢ ᠡᠮᠡᠭᠲᠡᠢ ᠶᠢᠨ ᠬᠦᠰᠡᠯ ᠡᠷᠡᠮᠡᠯᠵᠡᠯ ᠪᠠᠶᠢᠵᠤ᠂ ᠠᠵᠠ ᠵᠢᠷᠭᠠᠯᠲᠠᠢ ᠭᠡᠷ ᠪᠦᠯᠢ  ᠶᠢ ᠪᠠᠶᠢᠭᠤᠯᠬᠤ ᠪᠣᠯ ᠡᠶ᠎ᠡ ᠵᠣᠬᠢᠴᠠᠯᠲᠤ ᠨᠡᠶᠢᠭᠡᠮ ᠤᠨ ᠰᠠᠭᠤᠷᠢ ᠪᠣᠯᠬᠤ ᠶᠤᠮ᠃ ᠤᠯᠠᠮᠵᠢᠯᠠᠯᠲᠤ ᠰᠠᠶᠢᠬᠠᠨ ᠵᠠᠩᠰᠢᠯ ᠳᠠᠳᠬᠠᠯ  ᠢ ᠵᠠᠯᠭᠠᠮᠵᠢᠯᠠᠨ᠂ ᠰᠢᠯᠢᠳᠡᠭ ᠰᠠᠶᠢᠬᠠᠨ ᠭᠡᠷ ᠤᠨ ᠰᠤᠷᠲᠠᠯ ᠢ ᠪᠠᠳᠠᠷᠠᠭᠤᠯᠵᠤ᠂ ᠬᠡᠪ ᠵᠠᠩᠰᠢᠯ  ᠢ ᠥᠭᠡᠷᠡᠴᠢᠯᠡᠬᠦ ᠶᠢ ᠰᠠᠨᠠᠭᠠᠴᠢᠯᠠᠨ᠂ ᠵᠠᠯᠠᠭᠤᠴᠤᠳ ᠢ ᠬᠥᠲᠥᠯᠥᠨ ᠵᠢᠯᠣᠭᠤᠳᠴᠤ ᠵᠥᠪ ᠣᠨᠣᠪᠴᠢᠲᠠᠶ ᠤᠷᠤᠭ ᠬᠤᠷᠢᠮ  ᠤᠨ ᠦᠵᠡᠯᠲᠡ᠂ ᠭᠡᠷ ᠪᠦᠯᠢ  ᠶᠢᠨ ᠦᠵᠡᠯᠲᠡ ᠶᠢ ᠪᠤᠢ ᠪᠣᠯᠭᠠᠵᠤ᠂ ᠠᠷᠪᠢᠴᠢ ᠪᠣᠷᠤᠭᠵᠢᠭᠤᠨ᠂ ᠡᠷᠬᠢᠮᠰᠦᠭ᠂ ᠪᠣᠯᠪᠠᠰᠤᠨ᠂ ᠡᠷᠡᠭᠦᠯ ᠰᠠᠶᠢᠬᠠᠨ ᠣᠷᠤᠭ ᠬᠤᠷᠢᠮ ᠤᠨ ᠶᠣᠰᠣᠯᠠᠯ ᠢ ᠶᠠᠪᠤᠭᠳᠠᠭᠤᠯᠵᠤ᠂ ᠠᠵᠢᠯᠴᠢ ᠠᠷᠪᠢᠴᠢ᠂ ᠡᠷᠡᠭᠦᠯ ᠥᠭᠡᠳᠡᠷᠬᠡᠭ ᠤᠷᠤᠭ ᠬᠤᠷᠢᠮ ᠤᠨ ᠵᠠᠩᠰᠢᠯ ᠰᠤᠷᠲᠠᠯ  ᠢ ᠪᠤᠢ ᠪᠣᠯᠭᠠᠬᠤ  ᠶᠢᠨ ᠲᠥᠯᠥᠭᠡ ᠂ ᠪᠢᠳᠡ ᠥᠷᠭᠡᠨ ᠣᠯᠠᠨ ᠰᠠᠭᠤᠭᠠᠯᠢ ᠠᠷᠠᠳ ᠪᠣᠯᠣᠨ ᠨᠠᠶᠢᠵᠠ ᠨᠠᠷ ᠲᠤ ᠪᠠᠨ ᠳᠣᠤᠷᠠᠬᠢ ᠬᠡᠳᠦᠨ ᠲᠠᠯ᠎ᠠ ᠪᠠᠷ ᠰᠠᠨᠠᠭᠠᠴᠢᠯᠠᠶ᠎ᠠ᠄   ᠠᠵᠢᠯᠴᠢ ᠠᠷᠪᠢᠴᠢ ᠪᠠᠶᠢᠬᠤ ᠶᠢ ᠰᠠᠨᠠᠭᠠᠴᠢᠯᠠᠵᠤ᠂ ᠪᠦᠷᠢᠯᠭᠡᠨ ᠰᠦᠢᠳᠬᠡᠬᠦ ᠶᠢ ᠳᠡᠪᠴᠢᠶ᠎ᠡ   ᠠᠪᠤ ᠡᠵᠢ ᠶᠢᠨ ᠢᠶᠠᠨ ᠠᠴᠢ ᠡᠨᠡᠷᠢᠯ ᠢ ᠣᠶᠢᠯᠠᠭᠠᠨ ᠮᠡᠳᠡᠷᠡᠵᠦ᠂ ᠪᠠᠶᠠᠷᠯᠠᠨ ᠲᠠᠯᠠᠷᠬᠠᠵᠤ᠂ ᠯᠠᠷᠵᠢᠶ᠎ᠠ ᠶᠠᠩᠪᠠ ᠲᠠᠲᠠᠬᠤ ᠦᠭᠡᠢ᠂ ᠪᠦᠷᠢᠯᠭᠡᠨ ᠰᠦᠢᠳᠭᠡᠬᠦ ᠦᠭᠡᠢ ᠪᠠᠶᠢᠬᠤ ᠬᠡᠷᠡᠭᠲᠡᠢ᠃ ᠬᠤᠷᠢᠮ ᠨᠠᠶᠢᠷ ᠢ ᠶᠡᠬᠡᠪᠡᠷ ᠲᠠᠩᠰᠣᠭᠯᠠᠨ ᠬᠢᠬᠦ ᠦᠭᠡᠢ᠂ ᠳᠥᠭᠦᠮᠴᠢᠯᠡᠬᠦ  ᠶᠢ ᠰᠠᠨᠠᠭᠠᠴᠢᠯᠠᠨ᠂ ᠣᠷᠤᠭ ᠬᠤᠷᠢᠮ ᠤᠨ ᠶᠠᠪᠤᠳᠠᠯ ᠢ ᠰᠢᠨᠡᠳᠭᠡᠨ ᠬᠢᠵᠦ᠂ ᠪᠣᠬᠢᠷᠲᠤᠯ ᠦᠭᠡᠢ ᠪᠣᠯᠪᠠᠰᠤᠨ ᠰᠢᠨ᠎ᠡ ᠬᠡᠪ ᠰᠤᠷᠲᠠᠯ ᠢ ᠪᠣᠢ ᠪᠣᠯᠭᠠᠶ᠎ᠠ᠃   ᠬᠤᠷᠢᠮ ᠨᠠᠶᠢᠷ ᠢ ᠴᠢᠳᠠᠯ ᠤᠨ ᠢᠶᠠᠨ ᠬᠢᠷᠢ ᠪᠠᠷ ᠬᠢᠬᠦ ᠶᠢ ᠰᠠᠨᠠᠭᠠᠴᠢᠯᠠᠵᠤ᠂ ᠦᠨ᠎ᠡ ᠦᠷᠲᠡᠭ ᠢᠶᠠᠷ ᠦᠨᠳᠦᠷ ᠪᠡᠯᠡᠭ ᠰᠡᠯᠲᠡ ᠬᠤᠷᠢᠶᠠᠬᠤ ᠶᠢ ᠬᠤᠷᠢᠭᠯᠠᠶ᠎ᠠ    ᠥᠪᠡᠷ ᠤᠨ ᠬᠦᠴᠦ ᠪᠠᠷ ᠢᠶᠠᠨ ᠳᠡᠭᠵᠢᠷᠡᠵᠦ᠂ ᠠᠵᠢᠯᠴᠢ ᠠᠷᠪᠢᠴᠢ ᠪᠠᠷ ᠠᠵᠤ ᠲᠥᠷᠥᠨ᠎ᠡ᠃ ᠪᠠᠶᠠᠨ ᠲᠠᠩᠰᠤᠭ  ᠢᠶᠠᠨ ᠠᠳᠠᠯᠢᠳᠬᠠᠨ ᠭᠠᠶᠢᠬᠠᠭᠤᠯᠬᠤ ᠦᠭᠡᠢ᠂ ᠬᠤᠷᠢᠮ ᠨᠠᠶᠢᠷ ᠬᠢᠬᠦ ᠪᠠᠷ ᠳᠠᠯᠢᠮᠳᠠᠭᠤᠯᠤᠨ ᠵᠣᠭᠤᠰ ᠮᠦᠩᠭᠦ ᠬᠤᠷᠠᠮᠳᠤᠭᠤᠯᠬᠤ ᠦᠭᠡᠢ᠂ ᠦᠨ᠎ᠡ ᠦᠷᠲᠡᠭ ᠢᠶᠠᠷ ᠥᠨᠳᠥᠷ ᠪᠡᠯᠡᠭ ᠰᠠᠯᠳᠠ ᠠᠪᠬᠤ ᠪᠠ ᠬᠡᠭᠡᠨᠴᠢᠷ ᠨᠠᠶᠢᠷ ᠬᠤᠷᠢᠮ ᠬᠢᠬᠦ  ᠶᠢ ᠡᠷᠡᠰ ᠲᠡᠪᠴᠢᠵᠦ᠂ ᠬᠡᠪ ᠵᠠᠩᠰᠢᠯ  ᠢ ᠥᠭᠡᠷᠡᠴᠢᠯᠡᠬᠦ᠂ ᠡᠷᠡᠭᠦᠯ ᠥᠭᠡᠳᠡᠷᠬᠡᠭ ᠦᠯᠢᠭᠡᠷ ᠳᠠᠭᠤᠷᠢᠶᠠᠯ ᠪᠣᠯᠬᠤ  ᠪᠠᠷ ᠴᠢᠷᠮᠠᠶᠢᠶ᠎ᠠ ᠃   ᠪᠣᠯᠪᠠᠰᠤᠨ ᠬᠤᠷᠢᠮ ᠨᠠᠢᠷ ᠢ ᠰᠠᠨᠠᠭᠠᠴᠢᠯᠠᠨ᠂ ᠪᠣᠯᠬᠢ ᠪᠦᠲᠦᠭᠦᠯᠢᠭ ᠦᠢᠯᠡ ᠠᠵᠢᠯᠯᠠᠭ᠎ᠠ  ᠶᠢ ᠳᠡᠯᠪᠡᠴᠢᠶ᠎ᠡ   ᠬᠤᠷᠢᠮ ᠤᠨ ᠶᠣᠰᠣᠯᠠᠯ ᠳᠤ ᠵᠥᠪ ᠢᠶᠠᠷ ᠬᠠᠨᠳᠤᠵᠤ᠂ ᠶᠣᠰᠣ ᠰᠤᠷᠲᠠᠬᠤᠨ ᠢ ᠡᠷᠬᠢᠮᠯᠡᠵᠦ᠂ ᠢᠳᠡᠪᠬᠢᠲᠡᠢ ᠪᠠᠷ ᠥᠭᠡᠳᠡᠯᠡᠨ ᠲᠠᠪᠰᠢᠬᠤ ᠶᠢ ᠴᠢᠬᠤᠯᠠᠴᠢᠯᠠᠵᠤ᠂ ᠬᠠᠮᠲᠤ ᠶᠢᠨ ᠬᠤᠷᠢᠮ᠂ ᠵᠢᠭᠤᠯᠴᠢᠯᠠᠯ ᠤᠨ ᠬᠤᠷᠢᠮ᠂ ᠭᠡᠷ ᠪᠦᠯᠢ  ᠶᠢᠨ ᠬᠤᠷᠢᠮ᠂ ᠨᠡᠶᠢᠲᠡ ᠶᠢᠨ ᠠᠰᠠᠷᠠᠮᠵᠢ  ᠶᠢᠨ ᠬᠤᠷᠢᠮ ᠤᠨ ᠶᠣᠰᠣᠯᠠᠯ ᠵᠡᠷᠭᠡ ᠰᠢᠨ᠎ᠡ ᠬᠡᠯᠪᠡᠷᠢ ᠶᠢᠨ ᠶᠣᠰᠣᠯᠠᠯ ᠢ ᠰᠣᠩᠭᠤᠵᠤ᠂ ᠣᠷᠤᠭ ᠬᠤᠷᠢᠮ ᠤᠨ ᠪᠣᠯᠪᠠᠰᠤᠨ ᠰᠤᠷᠲᠠᠯ᠂ ᠶᠣᠰᠣᠯᠠᠯ ᠤᠨ ᠰᠤᠷᠲᠠᠯ᠂ ᠣᠷᠴᠢᠨ ᠲᠣᠭᠤᠷᠢᠨ ᠢ ᠬᠠᠮᠠᠭᠠᠯᠠᠬᠤ ᠰᠤᠷᠲᠠᠯ ᠢ ᠪᠤᠢ ᠪᠣᠯᠭᠠᠵᠤ᠂ ᠨᠡᠶᠢᠭᠡᠮ ᠤᠨ ᠢᠳᠡᠪᠬᠢ ᠬᠦᠴᠦᠨ ᠢ‌‍ᠲ᠋ᠠᠮᠵᠢᠭᠤᠯᠤᠶ᠎ᠠ᠃  ᠤᠯᠠᠮᠵᠢᠯᠠᠯᠲᠤ ᠰᠠᠢᠬᠠᠨ ᠵᠠᠩᠰᠢᠯ ᠰᠤᠷᠲᠠᠯ ᠢ ᠪᠠᠳᠠᠷᠠᠭᠤᠯᠵᠤ᠂ ᠰᠢᠯᠢᠳᠡᠭ ᠭᠡᠷ  ᠤᠨ ᠰᠤᠷᠲᠠᠯ ᠢ ᠤᠯᠠᠮᠵᠢᠯᠠᠶ᠎ᠠ  ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠤᠬᠠᠮᠰᠠᠷ  ᠠᠴᠠ  ᠪᠠᠨ ᠦᠢᠯᠡᠳᠦᠯᠭᠡᠵᠢᠭᠦᠯᠬᠦ ᠬᠡᠷᠡᠭᠲᠡᠢ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ  ᠢ ᠶᠡᠬᠡᠪᠡᠷ ᠪᠠᠳᠠᠷᠠᠭᠤᠯᠵᠤ᠂ ᠢᠳᠡᠪᠬᠢᠲᠡᠶ ᠪᠠᠷ ᠭᠡᠷ ᠤᠨ ᠶᠣᠰᠣ ᠰᠤᠷᠲᠠᠯ ᠢ ᠪᠣᠢ ᠪᠣᠯᠭᠠᠵᠤ᠂ ᠭᠡᠷ ᠤᠨ ᠰᠤᠷᠭᠠᠯ ᠢ ᠤᠯᠠᠮᠵᠢᠯᠠᠵᠤ᠂ ᠭᠡᠷ ᠤᠨ ᠰᠤᠷᠲᠠᠯ ᠢ ᠲᠥᠪ ᠪᠣᠯᠭᠠᠵᠤ᠂ ᠹᠧᠣᠳᠠᠯ  ᠤᠨ ᠮᠤᠬᠤᠷ ᠪᠢᠰᠢᠷᠡᠯ ᠢ ᠳᠡᠪᠴᠢᠨ᠂ ᠬᠠᠭᠤᠴᠢᠨ  ᠤ ᠪᠣᠯᠬᠢ ᠪᠦᠳᠦᠭᠦᠯᠢᠭ ᠵᠠᠩ ᠳᠠᠳᠬᠠᠯ  ᠢ ᠡᠪᠳᠡᠵᠦ᠂ ᠭᠠᠵᠢᠭᠤ ᠰᠤᠷᠲᠠᠯ ᠢ ᠡᠰᠡᠷᠭᠦᠴᠡᠵᠦ᠂ ᠲᠦᠷᠦᠯ ᠰᠠᠳᠤᠨ ᠨᠠᠶᠢᠵᠠ ᠨᠥᠬᠦᠳ  ᠢᠶᠠᠨ ᠳᠠᠶᠢᠴᠢᠯᠠᠨ ᠬᠤᠷᠢᠮ ᠨᠠᠶᠢᠷ ᠤᠨ ᠶᠠᠪᠤᠳᠠᠯ ᠢ ᠰᠢᠨᠡᠳᠭᠡᠨ ᠡᠷᠬᠢᠯᠡᠵᠦ᠂ ᠳᠥᠭᠦᠮᠴᠢᠯᠡᠨ ᠬᠢᠬᠦ ᠰᠠᠶᠢᠨ ᠰᠠᠶᠢᠬᠠᠨ ᠬᠡᠪ ᠰᠤᠷᠲᠠᠯ  ᠢ ᠪᠤᠢ ᠪᠣᠯᠭᠠᠵᠤ᠂ ᠰᠢᠯᠢᠳᠡᠭ ᠰᠠᠶᠢᠬᠠᠨ ᠭᠡᠷ ᠤᠨ ᠰᠤᠷᠲᠠᠯ ᠢᠶᠠᠷ ᠨᠡᠶᠢᠭᠡᠮ ᠤᠨ ᠬᠡᠪ ᠵᠠᠩᠰᠢᠯ ᠢ ᠪᠣᠢ ᠪᠣᠯᠭᠠᠶ᠎ᠠ᠃   ᠥᠷᠭᠡᠨ ᠣᠯᠠᠨ ᠰᠠᠭᠤᠭᠠᠯᠢ ᠠᠷᠠᠳ ᠪᠣᠯᠣᠨ ᠨᠠᠶᠢᠵᠠ ᠨᠠᠷ ᠡ᠂ ᠪᠣᠯᠪᠠᠰᠤᠨ ᠬᠤᠷᠢᠮ ᠨᠠᠶᠢᠷ ᠤᠨ ᠵᠠᠩᠰᠢᠯ ᠰᠣᠷᠲᠠᠯ ᠢ ᠪᠣᠢ ᠪᠣᠯᠭᠠᠬᠤ ᠶᠢ ᠪᠠᠳᠠᠷᠠᠭᠤᠯᠵᠤ᠂ ᠤᠷᠤᠭ ᠬᠤᠷᠢᠮ  ᠤᠨ ᠪᠣᠯᠬᠢ ᠪᠦᠳᠦᠭᠦᠯᠢᠭ ᠵᠠᠩ ᠳᠠᠳᠬᠠᠯ ᠢ ᠠᠷᠢᠯᠭᠠᠬᠤ ᠪᠣᠯ ᠨᠡᠶᠢᠭᠡᠮ ᠳᠠᠶᠠᠭᠠᠷ ᠤᠨ ᠬᠠᠮᠲᠤ ᠶᠢᠨ ᠬᠠᠷᠢᠭᠤᠴᠠᠯᠭ᠎ᠠ ᠪᠣᠯᠣᠨ᠎ᠠ᠃ ᠪᠢᠳᠡ ᠢᠳᠡᠪᠬᠢᠲᠡᠢ ᠬᠥᠳᠡᠯᠦᠯᠴᠡᠵᠦ᠂ ᠬᠠᠭᠤᠴᠢᠨ ᠤ ᠭᠠᠵᠢᠭᠤ ᠪᠣᠯᠬᠢ ᠶᠣᠰᠣ ᠵᠢᠷᠤᠮ ᠢ ᠡᠪᠳᠡᠵᠦ᠂ ᠪᠣᠯᠪᠠᠰᠤᠨ ᠰᠣᠷᠲᠠᠯ ᠢ ᠤᠯᠠᠮᠵᠢᠯᠠᠵᠤ᠂ ᠰᠢᠨ᠎ᠡ ᠰᠤᠷᠲᠠᠯ ᠢ ᠪᠤᠢ ᠪᠣᠯᠭᠠᠵᠤ᠂ ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠢᠶᠠᠷ ᠣᠷᠤᠭᠯᠠᠵᠤ ᠬᠤᠷᠢᠮᠯᠠᠬᠤ ᠶᠢ ᠰᠠᠨᠠᠭᠠᠴᠢᠯᠠᠭᠴᠢ᠂ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠵᠤ᠂ ᠪᠣᠯᠪᠠᠰᠤᠨ ᠰᠢᠨ᠎ᠡ ᠬᠥᠮᠦᠨ ᠪᠣᠯᠵᠤ᠂ ᠵᠣᠯ ᠵᠢᠷᠭᠠᠯᠲᠤ ᠭᠡᠷ ᠪᠦᠯᠢ ᠶᠢ ᠪᠠᠶᠢᠭᠤᠯᠤᠶ᠎ᠠ︕                                              ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ                                                  2025 ᠣᠨ ᠤ 2 ᠰᠠᠷ᠎ᠠ ᠶᠢᠨ 24 ᠤ ᠡᠳᠦᠷ     
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ