ᠡᠯ᠎ᠡ ᠰᠤᠮᠤ ᠪᠠᠯᠭᠠᠰᠤ ︵ᠲᠥᠪ᠂ ᠺᠣᠮᠫᠠᠨᠢ︶᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ | ᠵᠢᠯᠣᠭᠤᠳᠬᠤ ᠭᠠᠵᠠᠷ ᠤᠨ ᠪᠦᠷᠢᠯᠳᠦᠬᠦᠨ ᠪᠠᠶᠢᠭᠤᠯᠭ᠎ᠠ ᠨᠢᠭᠡᠴᠢ᠄ | ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠲᠤ ᠭᠠᠯ ᠲᠣᠶᠢᠮᠡᠷ ᠤᠨ | ᠠᠶᠤᠯ ᠭᠠᠮᠰᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠬᠦᠮᠦᠰ ᠤᠨ ᠠᠵᠢᠯᠯᠠᠭ᠎ᠠ ᠠᠴᠠ ᠪᠣᠯᠵᠤ ᠣᠶ ᠰᠢᠭᠤᠶ ᠨᠤᠲᠤᠭ ᠪᠡᠯᠴᠢᠭᠡᠷ ᠲᠤ ᠭᠠᠯ | ᠲᠦᠢᠮᠡᠷ ᠲᠠᠯᠪᠢᠬᠤ ᠶᠢ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ | ᠬᠠᠮᠠᠭᠠᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠣᠶ ᠰᠢᠭᠤᠶ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠣᠶ ᠰᠢᠭᠤᠶ ᠶᠢᠨ | ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠦᠷᠢᠮ︾ ︽ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠦᠷᠢᠮ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠦᠷᠢᠮ︾ ᠵᠡᠷᠭᠡ ᠬᠤᠯᠪᠣᠭᠳᠠᠯ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠣᠰ ᠵᠠᠷᠯᠢᠭ ᠢ ᠣᠨᠴᠠᠭᠠᠶᠢᠯᠠᠨ ᠨᠡᠶᠢᠲᠡᠯᠡᠪᠡ᠃ | ᠨᠢᠭᠡ᠂ ᠭᠠᠯ ᠲᠣᠶᠢᠮᠠᠷ ᠢ ᠴᠢᠩᠭ᠎ᠠ ᠬᠤᠷᠢᠭᠯᠠᠨ ᠰᠡᠷᠭᠡᠶᠢᠯᠡᠬᠦ ᠴᠠᠭ ᠬᠤᠭᠤᠴᠠᠭ᠎ᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠦᠷᠢᠮ︾ ᠤᠨ | ᠬᠠᠮᠢᠶ᠎ᠠ ᠪᠥᠬᠦᠶ ᠬᠠᠤᠯᠢ ᠲᠣᠭᠲᠠᠭᠠᠯ ᠶᠣᠰᠣᠭᠠᠷ᠂ ᠮᠠᠨ ᠤ ᠬᠤᠰᠢᠭᠤ ᠲᠣᠰ ᠵᠠᠰᠠᠭ ᠵᠠᠬᠢᠷᠭᠠᠨ ᠤ ᠣᠷᠣᠨ ᠲᠣᠭᠤᠷᠢᠭ ᠤᠨ ᠬᠡᠪᠴᠢᠶᠡᠨ ᠳᠠᠬᠢ ᠪᠠᠶᠢᠭᠠᠯᠢ ᠶᠢᠨ ᠠᠭᠤᠷ | ᠠᠮᠢᠰᠬᠤᠯ ᠤᠨ ᠨᠥᠬᠦᠴᠡᠯ ᠪᠠ ᠭᠠᠯ ᠤᠨ ᠠᠶᠤᠯ ᠡᠭᠦᠰᠬᠦ ᠵᠢᠮ᠎ᠡ ᠶᠣᠰᠣ ᠶᠢ ᠦᠨᠳᠦᠰᠦᠯᠡᠨ᠂ ᠪᠥᠬᠦ ᠬᠤᠰᠢᠭᠤᠨ ᠤ 2025 ᠣᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠬᠤᠭᠤᠴᠠᠭ᠎ᠠ ᠶᠢ ᠬᠠᠪᠤᠷ ᠤᠨ ᠤᠯᠠᠷᠢᠯ ᠤᠨ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ | 15 ᠤ ᠡᠳᠦᠷ ᠪᠣᠯᠲᠠᠯ᠎ᠠ ᠪᠠ ᠨᠠᠮᠤᠷ ᠤᠨ ᠤᠯᠠᠷᠢᠯ ᠤᠨ 9 ᠰᠠᠷ᠎ᠠ ᠶᠢᠨ 15 ᠤ ᠡᠳᠦᠷ ᠠᠴᠠ 11 ᠰᠠᠷ᠎ᠠ ᠶᠢᠨ 15 ᠤ ᠡᠳᠦᠷ ᠪᠣᠯᠳᠠᠯᠠᠬᠢ ᠴᠠᠭ ᠬᠤᠷᠭᠤᠴᠠᠭ᠎ᠠ ᠪᠠᠷ | ᠲᠣᠭᠲᠠᠭᠠᠪᠠ᠃ | ᠬᠤᠶᠠᠷ᠂ ᠭᠠᠯ ᠲᠦᠢᠮᠡᠷ ᠢ ᠴᠢᠩᠭ᠎ᠠ ᠬᠤᠷᠢᠭᠯᠠᠨ ᠰᠡᠷᠭᠡᠶᠢᠯᠡᠬᠦ ᠣᠷᠣᠨ ᠪᠦᠰᠡ | ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠴᠢᠩᠭ᠎ᠠ ᠬᠤᠷᠢᠭᠯᠠᠨ ᠰᠡᠷᠭᠡᠶᠢᠯᠡᠬᠦ ᠣᠷᠣᠨ ᠪᠦᠰᠡ ᠭᠡᠪᠡᠯ᠂ ᠪᠥᠬᠦ ᠬᠤᠰᠢᠭᠤᠨ ᠤ | ᠬᠡᠪᠴᠢᠶᠡᠨ ᠳᠠᠬᠢ ᠣᠶᠢᠲᠤ ᠭᠠᠵᠠᠷ᠂ ᠨᠤᠲᠤᠭ ᠪᠡᠯᠴᠢᠭᠡᠷ᠂ ᠣᠶ ᠶᠢᠨ ᠪᠦᠰᠡ ᠵᠢᠴᠢ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠬᠤ ᠶᠢ ᠰᠡᠷᠭᠦᠭᠡᠬᠦ ᠲᠥᠷᠥᠯ ᠵᠦᠢᠯ ᠤᠨ | ᠣᠷᠣᠨ ᠪᠠ ᠨᠢᠰᠬᠡᠯ ᠢᠶᠠᠷ ᠳᠠᠷᠢᠬᠤ ᠲᠥᠷᠥᠯ ᠵᠦᠢᠯ ᠤᠨ ᠣᠷᠣᠨ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠴᠢᠬᠢ ᠮᠣᠳᠣᠨ ᠤ ᠬᠦᠷᠢᠶᠡᠯᠡᠩ᠂ | ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ᠂ ᠴᠡᠴᠡᠷᠯᠢᠭ᠂ ᠨᠤᠭᠤ ᠭᠠᠵᠠᠷ᠂ ᠤᠯᠤᠰ ᠮᠤᠵᠢ ᠶᠢᠨ ᠭᠤᠤᠯ ᠵᠠᠮ ᠱᠤᠭᠤᠮ᠂ ᠬᠤᠲᠠ ᠶᠢᠨ ᠲᠡᠭᠦᠷᠭᠡ ᠶᠢᠨ | ᠨᠣᠭᠤᠭᠠᠷᠠᠭᠤᠯᠤᠯᠲᠠ ᠶᠢᠨ ᠣᠷᠣᠨ᠂ ᠳᠤᠮᠳᠠᠳᠤ ᠮᠣᠩᠭᠤᠯ ᠤᠨ ᠬᠢᠯᠢ ᠶᠢᠨ ᠱᠤᠭᠤᠮ᠂ ᠲᠡᠮᠦᠷ ᠵᠠᠮ ᠤᠨ ᠬᠤᠶᠠᠷ ᠲᠠᠯ᠎ᠠ ᠳᠠᠭᠠᠤ ᠶᠢᠨ 200 ᠮᠧᠲᠷ ᠤᠨ ᠣᠷᠤᠨ ᠪᠠ | ᠪᠤᠰᠤᠳ ᠭᠤᠤᠯᠳᠠᠯᠭ᠎ᠠ ᠲᠠᠢ ᠭᠠᠯ ᠲᠣᠶᠢᠮᠡᠷ ᠢ ᠰᠡᠷᠭᠡᠶᠢᠯᠡᠬᠦ ᠣᠷᠣᠨ ᠪᠦᠰᠡ ᠪᠠᠭᠲᠠᠨ᠎ᠠ᠃ ᠪᠥᠬᠦ ᠬᠤᠰᠢᠭᠤᠨ ᠤ ᠴᠠᠬᠢᠯᠭᠠᠨ ᠬᠦᠴᠦᠳᠡᠯ ᠢ ᠥᠭᠡᠷᠡᠴᠢᠯᠡᠬᠦ ᠥᠷᠲᠡᠭᠡ᠂ | ᠴᠠᠬᠢᠯᠭᠠᠨ ᠬᠦᠷᠭᠡᠬᠦ ᠲᠣᠣᠷ ᠱᠤᠭᠤᠮ ᠤᠨ ᠴᠢᠩᠭ᠎ᠠ ᠬᠤᠷᠢᠭᠯᠠᠨ ᠰᠡᠷᠭᠡᠶᠢᠯᠡᠬᠦ ᠣᠷᠣᠨ ᠪᠦᠰᠡ ᠳᠤ᠄ ᠪᠠᠶᠠᠨᠨᠠᠭᠤᠷ ᠤᠨ ᠴᠠᠬᠢᠯᠭᠠᠨ ᠬᠠᠩᠭᠠᠬᠤ ᠺᠣᠮᠫᠠᠨᠢ ᠶᠢᠨ | ᠬᠠᠮᠢᠶᠠᠷᠤᠯᠲᠠ ᠶᠢᠨ ᠬᠡᠪᠴᠢᠶᠡᠨ ᠳᠠᠬᠢ 220 ᠺᠢᠯᠣᠸᠠᠲ ᠤᠨ ᠴᠠᠬᠢᠯᠭᠠᠨ ᠬᠦᠴᠦᠳᠡᠯ ᠥᠭᠡᠷᠡᠴᠢᠯᠡᠬᠦ ᠥᠷᠲᠡᠭᠡ 2 ᠰᠠᠭᠤᠷᠢ᠂ 110 ᠺᠢᠯᠣᠸᠠᠲ ᠤᠨ ᠴᠠᠬᠢᠯᠭᠠᠨ | ᠬᠦᠴᠦᠳᠡᠯ ᠥᠭᠡᠷᠡᠴᠢᠯᠡᠬᠦ ᠥᠷᠲᠡᠭᠡ 10 ᠰᠠᠭᠤᠷᠢ᠂ 35 ᠺᠢᠯᠣᠸᠠᠲ ᠤᠨ ᠴᠠᠬᠢᠯᠭᠠᠨ ᠬᠦᠴᠦᠳᠡᠯ ᠥᠭᠡᠷᠡᠴᠢᠯᠡᠬᠦ ᠥᠷᠲᠡᠭᠡ 12 ᠰᠠᠭᠤᠷᠢ᠂ 220 ᠺᠢᠯᠣᠸᠠᠲ ᠤᠨ | ᠴᠠᠬᠢᠯᠭᠠᠨ ᠱᠤᠭᠤᠮ ᠤᠨ ᠪᠤᠴᠠᠯ ᠬᠡᠯᠬᠢᠶ᠎ᠡ 18 ᠰᠠᠭᠤᠷᠢ᠂ 110 ᠺᠢᠯᠣᠸᠠᠲ ᠤᠨ ᠴᠠᠬᠢᠯᠭᠠᠨ ᠱᠤᠭᠤᠮ ᠤᠨ ᠪᠤᠴᠠᠯ ᠬᠡᠯᠬᠢᠶ᠎ᠡ 17 ᠰᠠᠭᠤᠷᠢ᠂ 35 ᠺᠢᠯᠣᠸᠠᠲ ᠤᠨ | ᠴᠠᠬᠢᠯᠭᠠᠨ ᠱᠤᠭᠤᠮ ᠤᠨ ᠪᠤᠴᠠᠯ ᠬᠡᠯᠬᠢᠶ᠎ᠡ 31 ᠰᠠᠭᠤᠷᠢ᠂ 10 ᠺᠢᠯᠣᠸᠠᠲ ᠤᠨ ᠣᠯᠠᠨ ᠨᠡᠶᠢᠲᠡ ᠶᠢᠨ ᠬᠡᠷᠡᠭᠯᠡᠭᠡᠨ ᠤ ᠱᠤᠭᠤᠮ ᠤᠨ 111 ᠰᠠᠭᠤᠷᠢ ᠪᠤᠴᠠᠯ | ᠬᠡᠯᠬᠢᠶ᠎ᠡ ᠵᠢᠴᠢ ᠡᠷᠬᠢᠨ ᠲᠣᠭᠤᠷᠢᠨ ᠤ ᠴᠠᠬᠢᠯᠭᠠᠨ ᠬᠦᠴᠦᠨ ᠤ ᠲᠣᠨᠤᠭ ᠲᠦᠬᠦᠭᠡᠷᠦᠮᠵᠢ ᠶᠢᠨ ᠬᠠᠮᠠᠭᠠᠯᠠᠯᠲᠠ ᠶᠢᠨ ᠣᠷᠣᠨ ᠪᠠᠭᠲᠠᠨ᠎ᠠ᠃ ᠥᠪᠥᠷ ᠮᠣᠩᠭᠤᠯ ᠤᠨ ᠭᠦᠸᠧ | ᠾᠧ ᠴᠠᠬᠢᠯᠭᠠᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠮᠢᠶᠠᠷᠤᠯᠲᠠ ᠶᠢᠨ ᠬᠡᠪᠴᠢᠶᠡᠨ ᠳᠠᠬᠢ 220 ᠺᠢᠯᠣᠸᠠᠲ ᠤᠨ ᠴᠠᠬᠢᠯᠭᠠᠨ ᠱᠤᠭᠤᠮ ᠤᠨ | ᠥᠷᠲᠡᠭᠡ 1 ᠰᠠᠭᠤᠷᠢ᠂ 220 ᠺᠢᠯᠣᠸᠠᠲ ᠤᠨ ᠴᠠᠬᠢᠯᠭᠠᠨ ᠱᠤᠭᠤᠮ ᠤᠨ ᠪᠤᠴᠠᠯ ᠬᠡᠯᠬᠢᠶ᠎ᠡ 2 ᠵᠢᠴᠢ ᠡᠷᠬᠢᠨ ᠲᠣᠭᠤᠷᠢᠨ ᠤ ᠴᠠᠬᠢᠯᠭᠠᠨ ᠬᠦᠴᠦᠨ ᠤ ᠲᠣᠨᠤᠭ | ᠲᠦᠬᠦᠭᠡᠷᠦᠮᠵᠢ ᠶᠢᠨ ᠬᠠᠮᠠᠭᠠᠯᠠᠯᠲᠠ ᠶᠢᠨ ᠣᠷᠣᠨ ᠪᠠᠭᠲᠠᠨ᠎ᠠ᠃ ᠦᠬᠠᠢ ᠶᠢᠨ ᠦᠨᠳᠦᠷ ᠬᠦᠴᠦᠲᠡᠯᠲᠦ ᠴᠠᠬᠢᠯᠭᠠᠨ ᠬᠠᠩᠭᠠᠬᠤ ᠺᠤᠮᠫᠠᠨᠢ ᠶᠢᠨ ᠬᠠᠷᠢᠶᠠᠨ ᠤ 500 | ᠺᠢᠯᠣᠸᠠᠲ ᠤᠨ ᠴᠠᠬᠢᠯᠭᠠᠨ ᠬᠦᠴᠦᠳᠡᠯ ᠦᠭᠡᠷᠡᠴᠢᠯᠡᠬᠦ ᠦᠷᠲᠡᠭᠡ 500 ᠺᠢᠯᠣᠸᠠᠲ ᠤᠨ ᠴᠠᠬᠢᠯᠭᠠᠨᠬᠦ᠋ᠷᠭᠡᠬᠦ ᠱᠤᠭᠤᠮ ᠤᠨ ᠪᠤᠴᠠᠯ ᠬᠡᠯᠬᠢᠶ᠎ᠡ 4 ᠵᠢᠴᠢ ᠡᠷᠬᠢᠨ | ᠲᠣᠭᠤᠷᠢᠨ ᠤ ᠴᠠᠬᠢᠯᠭᠠᠨ ᠬᠦᠴᠦᠨ ᠤ ᠲᠣᠨᠤᠭ ᠲᠦᠬᠦᠭᠡᠷᠦᠮᠵᠢ ᠶᠢᠨ ᠬᠠᠮᠠᠭᠠᠯᠠᠯᠲᠠ ᠶᠢᠨ ᠣᠷᠣᠨ ᠪᠠᠭᠲᠠᠨ᠎ᠠ᠃ | ᠭᠤᠷᠪᠠ᠂ ᠭᠠᠯ ᠲᠣᠶᠢᠮᠠᠷ ᠢ ᠬᠤᠷᠢᠭᠯᠠᠨ ᠰᠡᠷᠭᠡᠶᠢᠯᠡᠬᠦ ᠴᠢᠩᠭ᠎ᠠ ᠲᠣᠭᠲᠠᠭᠠᠯ | ︵ ᠨᠢᠭᠡ︶ ᠳᠡᠭᠡᠷ᠎ᠡ ᠳᠤᠷᠠᠳᠤᠭᠰᠠᠨ ᠣᠷᠣᠨ ᠪᠦᠰᠡ ᠶᠢᠨ ᠬᠡᠪᠴᠢᠶᠡᠨ ᠲᠣᠳᠣᠷ᠎ᠠ ᠬᠡᠭᠡᠷ᠎ᠡ ᠭᠠᠳᠠᠨ᠎ᠠ ᠲᠣᠭᠲᠠᠭᠠᠯ ᠠᠴᠠ ᠵᠥᠷᠢᠴᠡᠨ ᠭᠠᠯ ᠲᠣᠶᠢᠮᠠᠷ ᠲᠠᠯᠪᠢᠬᠤ | ᠰᠢᠨᠵᠢ ᠴᠢᠨᠠᠷ ᠲᠠᠢ ᠦᠢᠯᠡ ᠠᠵᠢᠯᠯᠠᠭ᠎ᠠ ᠶᠢ ᠴᠢᠩᠭ᠎ᠠ ᠬᠤᠷᠢᠭᠯᠠᠵᠤ᠂ ᠴᠠᠭᠠᠰᠣᠨ ᠵᠣᠭᠤᠰ ᠰᠢᠲᠠᠭᠠᠬᠤ᠂ ᠲᠠᠮᠠᠬᠢ ᠲᠠᠲᠠᠬᠤ᠂ ᠡᠪᠡᠰᠦ ᠮᠣᠳᠣ᠂ ᠡᠰᠢ ᠰᠦᠷᠡᠯ ᠰᠢᠲᠠᠭᠠᠬᠤ᠂ | ᠰᠢᠷᠠᠮᠠᠯ ᠰᠢᠷᠠᠬᠤ᠂ ᠬᠤᠸᠠᠷ ᠫᠤᠤᠵᠢᠩ ᠲᠠᠯᠪᠢᠬᠤ ᠪᠠ ᠺᠦᠩ ᠮᠢᠩ ᠳ᠋ᠧᠩ ᠠᠰᠠᠭᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷ᠎ᠠ ᠦᠢᠯᠡᠳᠪᠦᠷᠢᠯᠡᠯ ᠠᠮᠢᠳᠤᠷᠠᠯ ᠳᠤ ᠪᠠᠨ ᠵᠠᠪᠠᠯ ᠭᠠᠯ ᠬᠡᠷᠡᠭᠯᠡᠬᠦ ᠴᠢᠬᠤᠯᠠ ᠲᠠᠢ ᠪᠠᠶᠢᠭᠤᠯᠭ᠎ᠠ | ᠨᠢᠭᠡᠴᠢ ᠪᠣᠯᠤᠨ ᠰᠠᠭᠤᠭᠠᠯᠢ ᠠᠷᠠᠳ ᠲᠤᠰ ᠴᠢᠩᠭ᠎ᠠ ᠬᠤᠷᠢᠭᠯᠠᠨ ᠰᠡᠷᠭᠡᠶᠢᠯᠡᠬᠦ ᠵᠠᠷᠯᠢᠭ ᠤᠨ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠡᠭᠡᠷ᠎ᠡ | ᠭᠠᠳᠠᠨ᠎ᠠ ᠵᠠᠪᠠᠯ ᠭᠠᠯ ᠬᠡᠷᠡᠭᠯᠡᠬᠦ ᠴᠢᠬᠤᠯᠠᠲᠠᠶ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠶᠠᠭᠤᠨ ᠤ ᠣᠷᠢᠳ ᠲᠤᠬᠠᠶ ᠶᠢᠨ ᠭᠠᠵᠠᠷ ᠤᠨ ᠣᠶ ᠰᠢᠭᠤᠶ ᠨᠤᠲᠤᠭ | ᠪᠡᠯᠴᠢᠭᠡᠷ ᠤᠨ ᠭᠠᠯ ᠲᠣᠶᠢᠮᠠᠷ ᠢ ᠰᠡᠷᠭᠡᠶᠢᠯᠡᠨ ᠤᠨᠲᠠᠷᠠᠭᠠᠬᠤ ᠪᠠᠶᠢᠭᠤᠯᠤᠮᠵᠢ ᠶᠢᠨ ᠵᠦᠪᠰᠢᠶᠡᠷᠡᠯ ᠢ ᠣᠯᠬᠤ ᠬᠡᠷᠡᠭᠲᠡᠢ᠃ ᠭᠤᠷᠪᠠᠨ ᠳᠡᠰ ᠠᠴᠠ ᠳᠡᠭᠡᠭᠰᠢᠬᠢ ᠰᠠᠯᠬᠢᠨ ᠲᠠᠢ | ᠡᠳᠦᠷ ᠲᠤ᠂ ᠣᠢ ᠰᠢᠭᠤᠢ ᠶᠢᠨ ᠬᠢᠯᠢ ᠬᠢᠵᠠᠭᠠᠷ ᠠᠴᠠ 200 ᠮᠧᠲᠷ ᠤᠨ ᠬᠡᠪᠴᠢᠶᠡᠨ ᠳᠣᠲᠣᠷ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠡᠳᠦᠷ ᠲᠤᠲᠤᠮ ᠭᠠᠯ | ᠢ ᠬᠡᠷᠡᠭᠯᠡᠬᠦ ᠳᠤ ᠪᠠᠨ ᠡᠷᠬᠡᠪᠰᠢ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ᠂ ᠦᠨᠡᠰᠦ ᠬᠤᠭ ᠢ ᠭᠡᠭᠡᠬᠦ ᠭᠠᠵᠠᠷ ᠵᠡᠷᠭᠡ ᠶᠢ ᠭᠠᠷᠭᠠᠵᠤ᠂ ᠭᠠᠯ ᠤᠨ ᠣᠴᠢ ᠲᠠᠢ | ᠰᠢᠲᠠᠵᠤ ᠮᠡᠳᠡᠬᠦ ᠪᠤᠳᠠᠰ ᠢ ᠭᠠᠯ ᠲᠣᠶᠢᠮᠠᠷ ᠢ ᠰᠡᠷᠭᠡᠶᠢᠯᠡᠬᠦ ᠲᠣᠰᠭᠠᠷᠯᠠᠬᠤ ᠪᠦᠰᠡ ᠠᠴᠠ ᠭᠠᠳᠠᠭᠤᠷ ᠬᠠᠶᠠᠬᠤ ᠶᠢ ᠴᠢᠩᠭ᠎ᠠ ᠰᠡᠷᠭᠡᠶᠢᠯᠡᠨ᠎ᠡ᠃ | ︵ᠭᠤᠷᠪᠠ︶ ᠴᠢᠩᠭ᠎ᠠ ᠰᠡᠷᠭᠡᠶᠢᠯᠡᠯᠲᠡ ᠶᠢᠨ ᠣᠷᠣᠨ ᠤ ᠬᠡᠪᠴᠢᠶᠡᠨ ᠳᠠᠬᠢ ᠡᠯ᠎ᠡ ᠦᠢᠯᠡᠳᠪᠦᠷᠢᠯᠡᠯ ᠤᠨ ᠠᠵᠢᠯᠯᠠᠬᠤ ᠭᠠᠵᠠᠷ᠂ ᠵᠢᠭᠤᠯᠴᠢᠯᠠᠯ ᠤᠨ ᠢᠳᠡᠭᠡᠨ | ᠤᠮᠳᠠᠭᠠᠨ ᠤ ᠭᠠᠵᠠᠷ ᠲᠤ ᠡᠷᠬᠡᠪᠰᠢ ᠲᠤᠰᠬᠠᠶ ᠠᠵᠢᠯ ᠤᠨ ᠪᠠᠶᠢᠷᠢ ᠶᠢᠨ ᠣᠢ ᠶᠢᠨ ᠬᠠᠮᠠᠭᠠᠯᠠᠭᠴᠢ ᠪᠠ ᠭᠠᠯ ᠤᠨᠲᠠᠷᠠᠭᠠᠬᠤ ᠮᠠᠰᠢᠨ ᠪᠠᠭᠠᠵᠢ ᠲᠣᠬᠢᠷᠠᠭᠤᠯᠵᠤ᠂ ᠭᠠᠯ | ᠰᠡᠷᠭᠡᠶᠢᠯᠡᠬᠦ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠬᠦ ᠦᠭᠡᠶ ᠪᠦᠬᠦᠨ ᠢ ᠴᠥᠮ ᠠᠵᠢᠯ ᠢ ᠨᠢ ᠵᠣᠭᠰᠣᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ︵ᠳᠥᠷᠪᠡ︶ ᠴᠢᠩᠭ᠎ᠠ ᠰᠡᠷᠭᠡᠶᠢᠯᠡᠯᠲᠡ ᠶᠢᠨ ᠣᠷᠣᠨ ᠢᠶᠠᠷ ᠦᠩᠭᠡᠷᠡᠬᠦ ᠲᠡᠷᠭᠡ ᠮᠠᠰᠢᠨ ᠳᠤ ᠭᠠᠯ ᠢ ᠰᠡᠷᠭᠡᠶᠢᠯᠡᠬᠦ ᠠᠶᠤᠯᠭᠦᠢ ᠶᠢᠨ ᠪᠠᠶᠢᠴᠠᠭᠠᠯᠲᠠ ᠬᠢᠬᠦ ᠵᠡᠷᠭᠡ | ᠴᠢᠬᠤᠯᠠ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃ ᠨᠠᠰᠢ ᠴᠠᠰᠢ ᠵᠣᠷᠴᠢᠬᠤ ᠠᠶᠠᠨᠴᠢᠳ ᠤᠨ ᠮᠠᠰᠢᠨ ᠲᠡᠷᠭᠡ ᠶᠢᠨ ᠵᠢᠯᠣᠭᠤᠴᠢ ᠪᠠ | ᠠᠶᠠᠨᠴᠢᠳ ᠲᠤ ᠭᠠᠯ ᠲᠣᠶᠢᠮᠠᠷ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠲᠠᠮᠠᠬᠢ ᠲᠠᠲᠠᠬᠤ ᠶᠢ ᠴᠢᠩᠭ᠎ᠠ ᠴᠠᠭᠠᠵᠠᠯᠠᠬᠤ | ᠬᠡᠷᠡᠭᠲᠡᠶ᠃ | ︵ᠲᠠᠪᠤ ︶ ᠬᠡᠦᠬᠡᠳ᠂ ᠰᠤᠷᠤᠭᠴᠢ ᠪᠣᠯᠤᠨ ᠮᠠᠯᠴᠢᠳ ᠲᠤ ᠭᠠᠯ ᠲᠣᠶᠢᠮᠠᠷ ᠢ ᠰᠡᠷᠭᠡᠶᠢᠯᠡᠬᠦ ᠲᠣᠬᠠᠢ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠭᠠᠯ ᠢᠶᠠᠷ | ᠨᠠᠭᠠᠳᠬᠤ᠂ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ | ︵ᠵᠢᠷᠭᠤᠭ᠎ᠠ︶ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠢᠳᠡᠪᠬᠢᠲᠡᠢ ᠪᠠᠷ | ᠰᠡᠷᠭᠡᠶᠢᠯᠡᠨ ᠤᠨᠲᠠᠷᠠᠭᠠᠬᠤ ᠶᠢ ᠤᠶᠠᠯᠳᠤᠭᠤᠯᠬᠤ︾ ᠴᠢᠭᠯᠡᠯᠲᠡ ᠶᠢ ᠪᠠᠷᠢᠮᠲᠠᠯᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ︽ | ᠲᠣᠣᠷᠵᠢᠭᠤᠯᠤᠭᠰᠠᠨ︾ ᠬᠠᠮᠢᠶᠠᠷᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠳᠤᠷᠢᠳᠬᠤ ᠬᠠᠷᠢᠭᠤᠴᠠᠯᠭ᠎ᠠ ᠪᠠᠨ ᠴᠢᠩᠭᠠᠷᠠᠭᠤᠯᠤᠨ᠂ ᠡᠯ᠎ᠡ | ᠵᠦᠢᠯ ᠤᠨ ᠤᠬᠠᠭᠤᠯᠭ᠎ᠠ ᠶᠢᠨ ᠠᠷᠭ᠎ᠠ ᠵᠠᠮ ᠢ ᠭᠦᠢᠴᠡᠳ ᠠᠰᠢᠭᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠣᠶᠢᠮᠠᠷ ᠢ ᠰᠡᠷᠭᠡᠶᠢᠯᠡᠨ ᠤᠨᠲᠠᠷᠠᠭᠠᠬᠤ | ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠤᠢᠭᠡᠢ ᠴᠢᠩᠭᠠᠷᠠᠭᠤᠯᠤᠨ᠂ ᠪᠥᠬᠦ ᠲᠠᠯ᠎ᠠ ᠪᠠᠷ᠂ ᠨᠡᠶᠢᠳᠡᠮ ᠬᠠᠮᠤᠷᠬᠤ ᠶᠢ ᠪᠡᠶᠡᠯᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠵᠠᠰᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃ ᠤᠢ ᠰᠢᠭᠤᠶ ᠬᠠᠮᠠᠭᠠᠯᠠᠭᠴᠢ᠂ | ᠨᠤᠲᠤᠭ ᠪᠡᠯᠴᠢᠭᠡᠷ ᠤᠨ ᠬᠠᠮᠢᠶᠠᠷᠤᠭᠴᠢ᠂ ᠬᠠᠤᠯᠢ ᠶᠢᠨ ᠠᠵᠢᠯᠳᠠᠳ ᠤᠨ ᠲᠣᠭᠤᠷᠢᠨ ᠬᠠᠮᠠᠭᠠᠯᠠᠵᠤ ᠲᠣᠭᠤᠷᠢᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠵᠢᠯᠳᠠᠨ ᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠪᠠᠲᠤᠯᠠᠭ᠎ᠠ ᠶᠢ ᠪᠣᠳᠠᠲᠠᠶᠢᠵᠢᠭᠤᠯᠬᠤ ᠶᠢ | ᠦᠨᠡᠨ ᠬᠦ ᠪᠡᠶᠡᠯᠡᠭᠦᠯᠬᠦ ᠬᠡᠷᠡᠭᠲᠡᠶ᠃ | ︵ᠳᠣᠯᠤᠭ᠎ᠠ︶ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠨᠢᠭᠡᠴᠢ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠢ ᠰᠠᠶᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠣᠶᠢᠮᠠᠷ ᠢ ᠰᠡᠷᠭᠡᠶᠢᠯᠡᠨ ᠤᠨᠲᠠᠷᠠᠭᠠᠬᠤ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ | ᠳᠠᠭᠠᠭᠤᠯᠤᠨ ᠵᠢᠵᠢᠭᠦᠷᠯᠡᠬᠦ ᠲᠦᠷᠢᠮ ᠢ ᠬᠡᠷᠡᠭᠵᠢᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ | ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠬᠦ ᠵᠡᠷᠭᠡ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ ᠭᠠᠯ ᠢ ᠰᠡᠷᠭᠡᠶᠢᠯᠡᠨ ᠭᠠᠯ ᠤᠨᠲᠠᠷᠠᠭᠠᠬᠤ ᠡᠳ᠋ | ᠪᠣᠳᠠᠰ ᠢ ᠤᠷᠢᠳᠴᠢᠯᠠᠨ ᠨᠥᠭᠡᠴᠡᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡᠨ ᠤ ᠡᠳᠦᠷ ᠲᠤᠳᠤᠮ ᠤᠨ ᠪᠣᠯᠪᠠᠰᠣᠷᠠᠯ ᠰᠣᠷᠢᠯᠲᠠ ᠶᠢ ᠴᠢᠩᠭᠠᠳᠬᠠᠨ᠂ ᠲᠡᠷᠭᠡ | ᠮᠠᠰᠢᠨ ᠲᠣᠨᠣᠭᠯᠠᠯ ᠪᠠᠭᠠᠵᠢ ᠶᠢ ᠪᠦᠬᠦ ᠲᠠᠯ᠎ᠠ ᠪᠠᠷ ᠪᠠᠶᠢᠴᠠᠭᠠᠨ ᠬᠠᠮᠠᠭᠠᠯᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ | ᠬᠡᠷᠡᠭᠲᠡᠶ᠃ | ︵ᠨᠠᠢᠮᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠣᠶᠢᠮᠠᠷ ᠢ ᠰᠡᠷᠭᠡᠶᠢᠯᠡᠬᠦ ᠣᠷᠣᠨ ᠳᠤ ᠬᠤᠷᠢᠭ᠎ᠠ ᠬᠠᠮᠢᠶᠠᠷᠤᠯᠲᠠ ᠬᠢᠬᠦ ᠶᠢ ᠬᠡᠷᠡᠭᠵᠢᠭᠦᠯᠵᠦ᠂ ᠣᠷᠣᠴᠠ | ᠭᠠᠷᠤᠴᠠ ᠳᠤ ᠪᠠᠶᠢᠴᠠᠭᠠᠯᠲᠠ ᠶᠢᠨ ᠴᠡᠭ ᠳᠣᠬᠢᠷᠠᠭᠤᠯᠤᠨ᠂ ᠰᠡᠷᠡᠮᠵᠢ ᠶᠢᠨ ᠫᠠᠶᠢᠰᠠ ᠡᠯᠭᠦᠵᠦ᠂ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠵᠡᠷᠭᠡ ᠶᠢ ᠠᠪᠴᠣ ᠣᠷᠤᠬᠤ ᠶᠢ | ᠴᠠᠭᠠᠵᠠᠯᠠᠵᠤ᠂ ᠬᠤᠶᠠᠷ ᠬᠡᠮᠵᠢᠯᠲᠦ ᠺᠣᠳ᠋ ᠢ ᠰᠢᠷᠪᠢᠵᠦ ᠳᠠᠩᠰᠠᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠲᠡᠷᠭᠡ ᠮᠠᠰᠢᠨ ᠪᠠ ᠬᠥᠮᠦᠰ ᠢ ᠦᠨᠡᠨ ᠨᠡᠷ᠎ᠡ ᠪᠠᠷ ᠨᠢ | ᠳᠠᠩᠰᠠᠯᠠᠭᠤᠯᠬᠤ ᠬᠡᠷᠡᠭᠲᠡᠢ᠃ ᠬᠦᠮᠦᠰ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠬᠠᠤᠯᠢ ᠶᠣᠰᠣᠭᠠᠷ ᠬᠦᠯᠢᠶᠡᠵᠦ᠂ ᠭᠠᠯ ᠰᠡᠷᠭᠡᠶᠢᠯᠡᠬᠦ ᠲᠣᠭᠲᠠᠭᠠᠯ ᠢ | ᠵᠢᠷᠤᠮᠯᠠᠬᠤ ᠬᠡᠷᠡᠭᠲᠡᠶ᠃ ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠬᠦᠮᠦᠨ ᠪᠠᠶᠢᠴᠠᠭᠠᠯᠲᠠ ᠶᠢ ᠬᠠᠷᠰᠢᠯᠠᠵᠤ᠂ ᠲᠡᠪᠴᠢᠵᠦ ᠪᠣᠯᠬᠤ ᠦᠭᠡᠢ᠃ ᠳᠡᠭᠡᠷᠡᠬᠢ ᠲᠣᠭᠲᠠᠭᠠᠯ ᠢ | ᠵᠥᠷᠢᠴᠡᠭᠰᠡᠨ ᠪᠦᠬᠦᠨ ᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠢᠳᠬᠡᠨ ᠲᠣᠷᠭᠠᠬᠤ ᠶᠢᠨ ᠬᠠᠮᠲᠤ ᠢᠯᠡ ᠪᠠᠷ ᠨᠡᠶᠢᠲᠡᠯᠡᠨ | ᠢᠯᠡᠴᠢᠯᠡᠵᠦ᠂ ᠠᠯᠪᠠᠨ ᠲᠤᠰᠢᠶᠠᠯᠲᠠᠨ ᠤ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠲᠣᠭᠲᠠᠭᠠᠯ ᠰᠠᠬᠢᠯᠭ᠎ᠠ ᠪᠠᠲᠤ ᠶᠣᠰᠣᠭᠠᠷ | ᠴᠠᠭ ᠲᠤᠬᠠᠶ ᠳᠤ ᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠂ ᠶᠠᠯ᠎ᠠ ᠪᠣᠯᠵᠤ | ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ︵ᠶᠢᠰᠦ︶ ᠶᠠᠮᠠᠷᠪᠠ ᠪᠠᠶᠢᠭᠤᠯᠭ᠎ᠠ ᠨᠢᠭᠡᠴᠢ ᠪᠣᠯᠤᠨ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠳᠡᠭᠡᠷ᠎ᠡ ᠭᠠᠯ ᠤᠨ ᠭᠠᠮᠰᠢᠭ ᠠᠶᠤᠯ ᠭᠠᠷᠣᠭᠰᠠᠨ ᠢ | ᠣᠯᠵᠤ ᠮᠡᠳᠡᠪᠡᠯ᠂ ᠲᠤᠬᠠᠶ ᠶᠢᠨ ᠭᠠᠵᠠᠷ ᠤᠨ ᠭᠠᠯ ᠲᠣᠶᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠳᠤ ᠳᠠᠷᠤᠶ ᠲᠦᠷᠭᠡᠨ ᠮᠡᠳᠡᠭᠦᠯᠬᠦ | ᠬᠡᠷᠡᠭᠲᠡᠶ᠂ ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠴᠦᠮ ᠨᠥᠬᠦᠴᠡᠯ ᠦᠭᠡᠢ ᠪᠠᠷ ᠲᠦᠭᠰᠢᠭᠦᠷᠢ ᠮᠡᠳᠡᠭᠦᠯᠬᠦ ᠳᠤ ᠲᠥᠬᠦᠮ ᠦᠵᠡᠭᠦᠯᠵᠦ᠂ ᠣᠶ ᠰᠢᠭᠤᠶ | ᠨᠤᠲᠤᠭ ᠪᠡᠯᠴᠢᠭᠡᠷ ᠤᠨ ᠭᠠᠯ ᠲᠣᠶᠢᠮᠠᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ ᠶᠢ ᠴᠠᠭᠠᠵᠠᠯᠠᠬᠤ ᠬᠡᠷᠡᠭᠲᠡᠶ᠃ | ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠲᠦᠭᠰᠢᠭᠦᠷᠢ ᠮᠡᠳᠡᠭᠦᠯᠬᠦ ᠤᠲᠠᠰᠤ᠄ 12119 | ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ ᠤᠨ ᠵᠢᠵᠢᠭᠦᠷᠯᠡᠬᠦ | ᠤᠲᠠᠰᠤ᠄ 047 — 5912969 13722186969 | ᠬᠤᠰᠢᠭᠤᠨ ᠤ ᠣᠢ ᠰᠢᠭᠤᠢ ᠪᠠ ᠨᠣᠲᠤᠭ ᠪᠡᠯᠴᠢᠭᠡᠷ ᠤᠨ ᠲᠣᠪᠴᠢᠶᠠᠨ ᠤ ᠵᠢᠵᠢᠭᠦᠷᠯᠡᠬᠦ ᠤᠲᠠᠰᠤ᠄ 0478— 5912620 | ︵ᠠᠷᠪᠠ︶ ᠪᠤᠰᠤᠳ ᠭᠤᠤᠯᠳᠠᠯᠭ᠎ᠠ ᠲᠠᠢ ᠭᠠᠵᠠᠷ ᠣᠷᠤᠨ ᠳᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠪᠤᠶᠤ ᠴᠢᠩᠭ᠎ᠠ | ᠰᠡᠷᠭᠡᠶᠢᠯᠡᠯᠲᠡ ᠶᠢᠨ ᠬᠤᠭᠤᠴᠠᠭ᠎ᠠ ᠶᠢ ᠤᠷᠲᠤᠳᠬᠠᠬᠤ ᠴᠢᠬᠤᠯᠠᠲᠠᠶ ᠪᠣᠯ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠣᠶᠢᠮᠠᠷ ᠢ ᠰᠡᠷᠭᠡᠶᠢᠯᠡᠨ | ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠪᠣᠳᠠᠲᠤ ᠪᠠᠶᠢᠳᠠᠯ ᠢᠶᠠᠨ ᠦᠨᠳᠦᠰᠦᠯᠡᠨ ᠠᠰ ᠲᠤᠨᠢ ᠨᠡᠶᠢᠲᠡᠯᠡᠨ᠎ᠡ᠃ ᠲᠤᠰ ᠵᠠᠷᠯᠢᠭ ᠢ ᠨᠡᠶᠢᠲᠡᠯᠡᠭᠰᠡᠨ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ ︵ ᠲᠣᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ ︶ | | ᠤᠷᠠᠳ ᠤᠨ ᠳᠤᠮᠳᠠᠳᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠲᠣᠶᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ | | 2025 ᠣᠨ ᠤ 3 ᠰᠠᠷ᠎ᠠ ᠶᠢᠨ 5 ᠤ ᠡᠳᠦᠷ | | | | | |