ᠡᠮ ᠡᠮᠨᠡᠯᠭᠡ ᠶᠢᠨ ᠳᠠᠭᠠᠳᠬᠠᠯ ᠤᠨ ᠲᠤᠭᠠᠴᠢᠭ᠎ᠠ ᠬᠢᠬᠦ ᠬᠢᠷᠢ ᠭᠡᠮ ᠤᠨ ᠬᠠᠮᠢᠶᠠᠷᠤᠯᠲᠠ ︽ᠬᠤᠪᠢ ᠲᠡᠮᠳᠡᠭᠯᠡᠬᠦ︾ ᠴᠠᠭ ᠦᠶ᠎ᠡ ᠳᠤ ᠣᠷᠤᠪᠠ
ᠨᠡᠶᠢᠲᠡᠯᠡᠭᠰᠡᠨ ᠴᠠᠭ᠄
2025/3/11
    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮᠴᠢᠯᠡᠭᠡᠨ ᠤ ᠪᠠᠳᠣᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦ ᠶᠢᠨ ᠠᠮᠤᠷ ᠲᠦᠪᠰᠢᠨ ᠢ ᠬᠠᠮᠠᠭᠠᠯᠠᠵᠤ᠂ ᠳᠠᠭᠠᠳᠬᠠᠯ ᠳᠤ ᠣᠷᠤᠯᠴᠠᠭᠰᠠᠳ ᠤᠨ ᠬᠠᠤᠯᠢ ᠶᠤᠰᠤᠨ ᠤ ᠡᠷᠭᠡ ᠠᠰᠢᠭ ᠬᠠᠮᠠᠭᠠᠯᠠᠬᠤ  ᠶᠢᠨ ᠲᠦᠯᠦᠭᠡ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮᠴᠢᠯᠡᠭᠡᠨ ᠤ ᠪᠠᠳᠣᠯᠠᠭ᠎ᠠ ᠶᠢᠨ ᠲᠣᠪᠴᠢᠶ᠎ᠠ᠂ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠭᠦᠯ ᠮᠡᠨᠲᠦ ᠶᠢᠨ ᠵᠦᠪᠯᠡᠯ᠂ ᠦᠪᠡᠷᠲᠡᠭᠡᠨ ᠵᠠᠰᠠᠬᠤ ᠤᠷᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ︽ᠦᠪᠦᠷ ᠮᠣᠩᠭᠤᠯ  ᠤᠨ ᠦᠪᠡᠷᠲᠡᠭᠡᠨ ᠵᠠᠰᠠᠬᠤ ᠤᠷᠤᠨ ᠤ ᠡᠮ ᠡᠮᠨᠡᠯᠭᠡ ᠶᠢᠨ ᠳᠠᠭᠠᠳᠬᠠᠯ ᠤᠨ ᠴᠡᠭ ᠲᠣᠭᠳᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶ᠎ᠠ ᠪᠦᠬᠦᠢ ᠬᠦᠮᠦᠰ ᠤᠨ ᠡᠮ ᠡᠮᠨᠡᠯᠭᠡ ᠶᠢᠨ ᠳᠠᠭᠠᠳᠬᠠᠯ ᠤᠨ ᠲᠤᠭᠠᠴᠢᠭ᠎ᠠ ᠬᠢᠬᠦ ᠬᠢᠷᠢ ᠭᠡᠮ ᠤᠨ ᠬᠠᠮᠢᠶᠠᠷᠤᠯᠲᠠ ᠶᠢᠨ ᠬᠡᠷᠡᠭᠵᠢᠬᠦᠯᠬᠦ ᠨᠠᠷᠢᠨ ᠳᠦᠷᠢᠮ︾ ᠢ ᠲᠠᠷᠤᠮᠠᠯᠯᠠᠨ ᠲᠠᠷᠬᠠᠭᠠᠵᠤ᠂ 3 ᠰᠠᠷ᠎ᠠ ᠶᠢᠨ 1 ᠤ ᠡᠳᠦᠷ ᠠᠴᠠ ᠡᠬᠢᠯᠡᠨ ᠴᠡᠭ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶ᠎ᠠ ᠪᠦᠬᠦᠢ ᠬᠦᠮᠦᠰ  ᠲᠤ ︽ᠬᠤᠪᠢ ᠲᠡᠮᠳᠡᠭᠯᠡᠬᠦ︾ ᠶᠢ ᠬᠡᠷᠡᠭᠵᠢᠭᠦᠯᠵᠦ᠂ ᠬᠦᠳᠡᠯᠦᠩᠭᠦᠢ ᠪᠦᠭᠡᠳ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠡᠶᠡᠯᠡᠬᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦ  ᠶᠢ ᠳᠣᠷ᠎ᠠ ᠪᠠᠷ ᠬᠡᠷᠡᠭᠯᠡᠬᠦ ᠦᠵᠡᠭᠳᠡᠯ ᠢ ᠪᠦᠲᠦᠮᠵᠢᠲᠡᠢ ᠬᠤᠷᠢᠭᠯᠠᠨ᠎ᠠ᠃    ︽ᠨᠠᠷᠢᠨ ᠳᠦᠷᠢᠮ︾ ᠳᠤ ᠬᠠᠮᠢᠶ᠎ᠠ ᠪᠦᠬᠦᠢ ᠬᠦᠮᠦᠰ  ᠤᠨ ᠬᠤᠪᠢ ᠲᠡᠮᠳᠡᠭᠯᠡᠬᠦ ᠶᠢ ᠡᠮᠴᠢᠯᠡᠭᠡᠨ ᠤ ᠪᠠᠳᠣᠯᠠᠭ᠎ᠠ ᠶᠢᠨ ᠰᠠᠯᠠᠭ᠎ᠠ ᠮᠦᠴᠢᠷ ᠤᠨ ᠭᠠᠷᠭᠠᠭᠰᠠᠨ ᠵᠠᠰᠠᠭ ᠵᠠᠬᠢᠷᠭᠠᠨ ᠤ ᠰᠢᠢᠳᠭᠡᠯ ᠪᠤᠶᠤ ᠵᠦᠪᠳᠡᠯᠴᠡᠭᠡᠷ ᠢᠶᠠᠷ ᠰᠢᠢᠳᠪᠦᠷᠢᠯᠡᠬᠦ ᠰᠠᠭᠤᠷᠢᠨ ᠳᠡᠭᠡᠷ᠎ᠡ ᠪᠠᠶᠢᠭᠤᠯᠵᠤ᠂ 1 — 3 ᠬᠤᠪᠢ᠂ 4 — 6 ᠬᠤᠪᠢ᠂ 7 — 9  ᠬᠤᠪᠢ᠂ 10 — 12 ᠬᠤᠪᠢ ᠭᠡᠬᠦ ᠲᠦᠷᠪᠡᠨ ᠳᠡᠰ ᠬᠤᠪᠢᠶᠠᠵᠤ᠂ ᠬᠤᠪᠢ ᠲᠡᠮᠳᠡᠭᠯᠡᠬᠦ ᠦᠷ᠎ᠡ ᠳ᠋ᠦᠩ ᠢ ᠦᠨᠳᠦᠰᠦᠯᠡᠨ᠂ ᠡᠮ ᠡᠮᠨᠡᠯᠭᠡ ᠶᠢᠨ ᠳᠠᠭᠠᠳᠬᠠᠯ ᠢ ᠭᠠᠷᠳᠠᠨ ᠭᠦᠢᠴᠡᠳᠭᠡᠬᠦ ᠪᠠᠶᠢᠭᠤᠯᠤᠮᠵᠢ ᠠᠴᠠ ᠬᠠᠮᠢᠶ᠎ᠠ ᠪᠦᠬᠦᠢ ᠬᠠᠷᠢᠭᠤᠴᠠᠯᠭᠠᠳᠠᠨ ᠳᠤ ᠶᠠᠷᠢᠯᠴᠠᠨ ᠰᠠᠨᠠᠭᠤᠯᠬᠤ᠂ ᠡᠮ ᠡᠮᠨᠡᠯᠭᠡ ᠶᠢᠨ ᠳᠠᠭᠠᠳᠬᠠᠯ  ᠤᠨ ᠲᠣᠭᠠᠴᠢᠭ᠎ᠠ ᠬᠢᠬᠦ ᠬᠢᠷᠢ ᠬᠡᠮ ᠢ ᠬᠡᠵᠢᠶᠡᠳᠡ ᠵᠣᠭᠰᠣᠭᠠᠬᠤ ᠵᠡᠷᠭᠡ ᠶᠢ ᠪᠠᠭᠳᠠᠭᠠᠭᠰᠠᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠤᠨ᠎ᠠ ᠭᠡᠵᠦ ᠲᠤᠭᠲᠠᠭᠠᠵᠠᠢ᠃                                                                                             【 ᠦᠪᠦᠷ ᠮᠤᠩᠭᠤᠯ ᠤᠨ ᠮᠤᠩᠭᠤᠯ ᠷᠠᠳᠢᠤ᠋ 】 ᠠᠴᠠ ᠪᠠᠭᠤᠯᠭᠠᠪᠠ
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ