ᠪᠡᠭᠡᠵᠢᠩ ᠶᠡᠭᠡ ᠰᠤᠷᠭᠠᠭᠤᠯᠢ ᠦᠷᠭᠡᠳᠭᠡᠨ ᠡᠯᠰᠡᠬᠦ ᠪᠠᠷ ᠵᠠᠷᠯᠠᠪᠠ
ᠨᠡᠶᠢᠲᠡᠯᠡᠭᠰᠡᠨ ᠴᠠᠭ᠄
2025/3/11
   3 ᠰᠠᠷ᠎ᠠ ᠶᠢᠨ 8 ᠤ ᠡᠳᠦᠷ᠂ ᠪᠡᠭᠡᠵᠢᠩ ᠶᠡᠭᠡ ᠰᠤᠷᠭᠠᠭᠤᠯᠢ ᠶᠢᠨ ᠨᠡᠶᠢᠲᠡᠯᠡᠭᠰᠡᠨ ᠮᠡᠳᠡᠭᠡ ᠶᠢ ᠦᠨᠳᠦᠰᠦᠯᠡᠪᠡᠯ᠂ 2025 ᠣᠨ ᠳᠤ ᠲᠣᠰ ᠰᠤᠷᠭᠠᠭᠤᠯᠢ ᠪᠦᠷᠢᠨ ᠮᠡᠷᠭᠡᠵᠢᠯ ᠤᠨ ᠠᠩᠭᠢ ᠶᠢᠨ ᠰᠣᠷᠤᠭᠴᠢ ᠡᠯᠰᠡᠬᠦ ᠣᠷᠤᠨ ᠲᠤᠭ᠎ᠠ ᠶᠢ 150 ᠨᠡᠮᠡᠭᠳᠡᠭᠦᠯᠵᠦ᠂ ᠤᠯᠤᠰ ᠤᠨ ᠪᠠᠴᠢᠮ ᠬᠡᠷᠡᠭᠰᠡᠬᠦ ᠴᠢᠳᠠᠪᠤᠷᠢᠲᠠᠨ ᠬᠦᠮᠦᠵᠢᠭᠦᠯᠬᠦ ᠡᠷᠴᠢᠮ  ᠢᠶᠠᠨ ᠴᠢᠩᠭᠠᠷᠠᠭᠤᠯᠬᠤ ᠪᠣᠯᠣᠨ᠎ᠠ᠃ ᠰᠢᠨ᠎ᠡ ᠪᠠᠷ ᠨᠡᠮᠡᠭᠳᠡᠭᠦᠯᠭᠦ ᠰᠣᠷᠤᠭᠴᠢ ᠡᠯᠰᠡᠬᠦ ᠲᠦᠯᠦᠪᠯᠡᠭᠡ ᠨᠢ ᠭᠤᠣᠯᠳᠠᠭᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠴᠢᠮ ᠬᠡᠷᠡᠭᠴᠡᠭᠡ᠂ ᠰᠠᠭᠤᠷᠢ ᠰᠢᠨᠵᠢᠯᠡᠭᠡᠨ ᠤ ᠰᠠᠯᠠᠭ᠎ᠠ ᠪᠠ ᠰᠢᠨ᠎ᠡ ᠪᠠᠷ ᠬᠦᠭᠵᠢᠭᠰᠡᠨ ᠬᠤᠰᠢᠭᠤᠷᠠᠯ ᠬᠦᠷᠢᠶᠡᠨ ᠤ ᠲᠣᠭᠤᠷᠢᠨ ᠳᠤ᠂ ᠰᠤᠷᠭᠠᠭᠤᠯᠢ ᠶᠢᠨ ᠲᠦᠯᠦᠪᠵᠢᠭᠦᠯᠦᠭᠰᠡᠨ ᠬᠦᠭᠵᠢᠯᠲᠡ ᠶᠢᠨ ᠴᠢᠭᠯᠡᠯ  ᠲᠠᠢ ᠨᠢᠭᠲᠠ ᠤᠶᠠᠯᠳᠤᠭᠤᠯᠤᠨ᠂ ᠪᠡᠭᠡᠵᠢᠩ ᠶᠡᠭᠡ ᠰᠤᠷᠭᠠᠭᠤᠯᠢ ᠶᠢᠨ ᠳᠠᠪᠠᠭᠤᠯᠢᠭ ᠪᠠ ᠣᠨᠴᠠᠯᠢᠭ ᠢ ᠲᠣᠪᠣᠶᠢᠯᠭᠠᠵᠤ᠂ ᠭᠤᠣᠯᠳᠠᠭᠤ ᠶᠤᠸᠠᠨᠫᠸᠢ ᠳᠡᠭᠡᠲᠦ ᠰᠣᠷᠭᠠᠭᠤᠯᠢ᠂ ᠠᠵᠤ ᠦᠢᠯᠡᠳᠪᠦᠷᠢ ᠶᠢᠨ ᠳᠡᠭᠡᠲᠦ ᠰᠣᠷᠭᠠᠭᠤᠯᠢ ᠵᠢᠴᠢ ᠡᠮᠴᠢᠯᠡᠭᠡᠨ ᠤ ᠲᠣᠰᠬᠠᠢ ᠮᠡᠷᠭᠡᠵᠢᠯ ᠳᠤ ᠲᠦᠰᠢᠭᠯᠡᠨ ᠬᠦᠮᠦᠵᠢᠭᠦᠯᠦᠨ᠎ᠡ᠃                                                                                   【 ᠦᠪᠦᠷ ᠮᠤᠩᠭᠤᠯ ᠤᠨ ᠮᠤᠩᠭᠤᠯ ᠷᠠᠳᠢᠤ᠋ 】 ᠠᠴᠠ ᠪᠠᠭᠤᠯᠭᠠᠪᠠ
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ