3 ᠰᠠᠷ᠎ᠠ ᠶᠢᠨ 7 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠤᠯᠠᠭᠠᠨᠮᠥ᠋ᠴᠢᠷ ᠪᠠᠶ᠋ᠬᠠᠣᠯᠠᠭᠠᠨᠰᠤᠮᠤ ᠳᠤ ᠬᠦᠷᠴᠦ᠂ ᠲᠤᠬᠠᠶ ᠶᠢᠨ ᠭᠠᠵᠠᠷ ᠤᠨ ᠮᠠᠯᠴᠢᠨ | ᠲᠠᠷᠢᠶᠠᠴᠢᠨ ᠳᠤ ᠨᠢᠭᠡ ᠤᠳᠠᠭᠠᠨ ᠤ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠳᠡᠪᠰᠢᠭᠦᠯᠵᠣ ᠂ ᠪᠠᠶᠠᠷ ᠪᠠᠶᠠᠰᠤᠯ ᠪᠠ ᠬᠠᠶᠢᠷ᠎ᠠ ᠬᠠᠯᠠᠮᠵᠢ ᠶᠢ ᠠᠷᠠᠳ | ᠣᠯᠠᠨ ᠳᠤ ᠪᠠᠨ ᠳᠡᠪᠰᠢᠭᠦᠯᠪᠡ ᠃ | ᠲᠣᠭᠯᠠᠯᠲᠠ ᠶᠢᠨ ᠲᠠᠯᠠᠪᠣᠷ ᠬᠥᠷ ᠬᠥᠭᠵᠢᠶᠡᠨ ᠲᠠᠢ ᠪᠠᠶᠢᠵᠣ᠂ ᠮᠣᠷᠢᠨ ᠬᠤᠭᠤᠷ ᠤᠨ ᠭᠤᠴᠣᠯᠠᠯ ᠬᠥᠭᠵᠢᠮ᠂ ᠭᠤᠴᠣᠯᠠᠯ ᠳᠠᠭᠤᠣ᠂ ᠬᠤᠣᠰᠯᠠᠯ ᠳᠠᠭᠤᠣ᠂ | ᠨᠠᠶᠢᠷᠠᠯ ᠳᠠᠭᠤᠣ᠂ ᠵᠡᠷᠭᠡ ᠨᠢ ᠪᠦᠬᠦ ᠲᠠᠯᠠᠪᠣᠷ ᠤᠨ ᠦᠵᠡᠭᠴᠢᠳ ᠤᠨ ᠪᠠᠭ᠋ᠠᠷᠬᠠᠯ ᠢ ᠲᠠᠲᠠᠵᠣ ᠬᠠᠯᠠᠭᠤᠨ ᠬᠦᠷᠢᠶᠡᠯᠡᠯ ᠢ ᠣᠯᠵᠣ᠂ ᠠᠯᠠᠭ᠎ᠠ ᠲᠠᠰᠢᠯᠲᠠ ᠶᠢᠨ ᠳᠠᠭᠤᠨ | ᠣᠳᠠᠳᠠᠯ᠎ᠠ ᠦᠷᠭᠦᠯᠵᠢᠯᠡᠨ᠎ᠡ᠃ | ᠤᠯᠠᠭᠠᠨᠮᠥ᠋ᠴᠢᠷ ᠨᠢ ᠡᠨᠡ ᠬᠦ ᠭᠤᠶᠢᠲᠠ ᠰᠠᠶᠢᠬᠠᠨ ᠲᠣᠭᠯᠠᠯᠲᠠ ᠪᠠᠷ ᠳᠠᠮᠵᠢᠨ ᠰᠣᠶᠣᠯ ᠤᠨ ᠬᠦᠴᠦᠨ ᠢ ᠳᠠᠮᠵᠢᠭᠤᠯᠵᠤ᠂ ᠣᠯᠠᠨ ᠲᠦᠮᠡᠨ ᠤ ᠣᠶᠤᠨ ᠰᠠᠨᠠᠭᠠᠨ ᠤ | ᠠᠮᠢᠳᠤᠷᠠᠯ ᠢ ᠪᠠᠶᠠᠯᠢᠭᠵᠢᠭᠤᠯᠪᠠ᠃ ᠢᠷᠡᠭᠡᠳᠦᠢ ᠳᠤ᠂ ᠦᠷᠭᠦᠯᠵᠢᠯᠡᠨ ᠣᠳᠬ᠎ᠠ ᠣᠷᠠᠯᠢᠭ ᠰᠣᠶᠣᠯ ᠤᠨ ᠦᠷ᠎ᠡ ᠶᠢ ᠣᠷᠣᠨ ᠨᠣᠲᠤᠭ ᠲᠤ ᠪᠠᠨ ᠰᠠᠴᠣᠵᠣ ᠂ | ᠰᠣᠶᠣᠯ ᠤᠨ ᠴᠡᠴᠡᠭ ᠢ ᠭᠠᠵᠠᠷ ᠪᠣᠯᠭᠠᠨ ᠳᠤ ᠳᠡᠯᠭᠡᠷᠡᠭᠦᠯᠬᠦ ᠪᠠᠷ ᠪᠣᠢ ᠃ | |