ᠤᠷᠠᠳ ᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠤ ᠠᠬᠤᠶᠢᠯᠠᠯ ᠢ ᠲᠦᠷᠭᠡᠨ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠵᠣ ᠪᠣᠢ
ᠨᠡᠶᠢᠲᠡᠯᠡᠭᠰᠡᠨ ᠴᠠᠭ᠄
2025/3/12
    ᠤᠷᠠᠳ ᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠪᠠᠷ ᠭᠠᠷᠳᠠᠴᠠ ᠪᠣᠯᠭᠠᠵᠤ᠂ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠤ ᠠᠬᠤᠶᠢᠯᠠᠯ ᠳᠤ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠶᠢᠨ ᠲᠦᠯᠦᠭᠡ᠂ ᠣᠶᠢᠷ᠎ᠠ ᠳᠤ᠂ ᠰᠢᠨ᠎ᠡ ᠪᠠᠷ ᠣᠷᠣᠭᠤᠯᠤᠨ ᠠᠪᠴᠢᠷᠠᠭᠰᠠᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠤ ᠠᠬᠤᠶᠢᠯᠠᠯ ᠳᠤ ᠡᠵᠡᠩᠨᠡᠯᠲᠡ ᠶᠢᠨ ᠦᠨᠡᠮᠯᠡᠯ ᠢ ᠭᠦᠢᠴᠡᠳᠬᠡᠬᠦ ᠶᠠᠪᠤᠴᠠ ᠳᠤ᠂ ᠦᠢᠯᠡᠴᠢᠯᠡᠭᠡᠨ ᠤ ᠵᠣᠷᠢᠭ ᠰᠠᠨᠠᠭ᠎ᠠ ᠪᠠ ᠲᠤᠰᠬᠠᠶ ᠮᠡᠷᠭᠡᠵᠢᠯ ᠤᠨ ᠪᠣᠳᠠᠲᠤ ᠬᠦᠴᠦᠨ ᠢᠶᠠᠨ ᠳᠠᠬᠢᠨᠲᠠ ᠢᠯᠡᠷᠡᠭᠦᠯᠪᠡ᠃    ᠤᠷᠠᠳ ᠤᠨ ᠳᠤᠮᠳᠠᠳᠤ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠤ ᠠᠬᠤᠶᠢᠯᠠᠯ ᠪᠣᠯᠬᠤ ︽ᠤᠷᠠᠳ ᠤᠨ ᠳᠤᠮᠳᠠᠳᠤ ᠬᠤᠰᠢᠭᠤᠨ ᠤ ᠴᠢ ᠮᠢᠩ ᠰᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ︾ ᠶᠢᠨ ᠬᠠᠷᠢᠭᠤᠴᠠᠯᠭᠠᠲᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠤ ᠬᠠᠪᠰᠤᠷᠤᠯᠭ᠎ᠠ ᠳᠣᠤᠷ᠎ᠠ᠂ ᠪᠦᠷᠢᠳᠬᠡᠨ ᠳᠠᠩᠰᠠᠯᠠᠭᠤᠯᠬᠤ ᠰᠠᠭᠠᠳ ᠦᠭᠡᠢ ᠨᠡᠪᠲᠡᠷᠡᠬᠦ ᠵᠠᠮ ᠢᠶᠠᠷ ᠳᠡᠮᠵᠢᠨ ᠨᠢᠭᠡ ᠴᠠᠭ ᠪᠣᠯᠤᠯ ᠥᠬᠡᠶ ᠪᠠᠷ ᠡᠵᠡᠩᠨᠡᠯᠲᠡ ᠶᠢᠨ ᠦᠨᠡᠮᠯᠡᠯ ᠤᠨ ᠵᠢᠩᠬᠢᠨᠢ ᠳᠡᠪᠲᠡᠷ᠂ ᠬᠠᠭᠤᠯᠪᠤᠷᠢ ᠳᠡᠪᠲᠡᠷ ᠢ ᠳᠠᠩᠰᠠᠯᠠᠨ ᠠᠪᠴᠣ ᠂ ᠠᠵᠤ ᠠᠬᠤᠶᠢᠯᠠᠯ ᠤᠨ ᠤᠷᠠᠳ ᠤᠨ ᠳᠤᠮᠳᠠᠳᠤ ᠬᠤᠰᠢᠭᠤᠨ ᠳᠤ ᠰᠠᠭᠤᠷᠢᠰᠢᠬᠤ ᠴᠢᠬᠤᠯᠠ ᠨᠢᠭᠡ ᠠᠯᠬᠤᠮ ᠢ ᠪᠡᠶᠡᠯᠡᠭᠦᠯᠪᠡ ᠃ ᠲᠤᠰ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠰᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠮᠠᠭᠲᠠᠨ ᠰᠠᠶᠢᠰᠢᠶᠠᠪᠠ ᠃ ᠤᠷᠠᠳ ᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠤᠯᠳᠠᠯᠭ᠎ᠠ ᠲᠠᠢ ᠲᠥᠷᠥᠯ ᠵᠣᠶᠢᠯ ᠤᠨ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ︾ ᠵᠠᠭᠪᠤᠷ ᠢᠶᠠᠷ ᠳᠠᠮᠵᠢᠭᠤᠯᠤᠨ᠂ ︽ᠠᠵᠤ ᠠᠬᠤᠶᠢᠯᠠᠯ ᠤᠨ ᠨᠠᠰᠢ ᠴᠠᠰᠢ ᠭᠦᠶᠦᠬᠦ ︾ ᠶᠢ ︽ᠵᠠᠰᠠᠭ ᠤᠨ ᠣᠷᠳᠣᠨ  ᠠᠴᠠ ᠬᠠᠪᠰᠤᠷᠤᠨ ᠣᠷᠣᠯᠠᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ᠬᠠᠪᠰᠤᠷᠤᠨ ᠭᠦᠢᠴᠡᠳᠬᠡᠬᠦ ᠬᠥᠮᠦᠰ ᠭᠤᠤᠯᠳᠠᠯᠭ᠎ᠠ ᠲᠠᠢ ᠲᠥᠷᠥᠯ ᠵᠣᠶᠢᠯ ᠤᠨ ᠬᠠᠷᠢᠭᠤᠴᠠᠯᠭᠠᠲᠠᠨ ᠲᠠᠢ ᠰᠠᠨᠠᠭᠠᠴᠢᠯᠠᠭ᠎ᠠ ᠠᠴᠠ ᠪᠠᠨ  ᠠᠵᠢᠯ ᠢᠶᠠᠨ ᠵᠣᠯᠭᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠯᠤᠭ᠎ᠠ ᠬᠠᠮᠳᠣᠷᠠᠨ ᠠᠵᠢᠯᠯᠠᠵᠣ ᠂ ᠠᠵᠤ ᠠᠬᠤᠶᠢᠯᠠᠯ  ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠵᠠᠯᠭᠠᠭᠠᠳ᠂ ᠤᠷᠠᠳ ᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠪᠡᠶ᠎ᠡ ᠶᠢᠨ ᠡᠭᠦᠷᠭᠡ ᠴᠢᠳᠠᠪᠤᠷᠢ ᠪᠠᠨ ᠦᠷᠭᠦᠯᠵᠢᠯᠡᠨ ᠪᠠᠲᠤ ᠰᠠᠬᠢᠵᠤ᠂ ᠰᠠᠭᠠᠳ ᠥᠬᠡᠶ ᠨᠡᠪᠲᠡᠷᠡᠬᠦ ᠵᠠᠮ ᠤᠨ ᠦᠢᠯᠡᠴᠢᠯᠡᠭᠡ᠂ ᠴᠠᠭ ᠢ ᠤᠷᠲᠤᠳᠬᠠᠬᠤ ᠦᠢᠯᠡᠴᠢᠯᠡᠭᠡ᠂ ᠣᠷᠢᠳᠴᠢᠯᠠᠨ ᠪᠣᠯᠵᠣᠬᠤ ᠦᠢᠯᠡᠴᠢᠯᠡᠭᠡ᠂ ᠪᠥᠬᠦ ᠶᠠᠪᠤᠴᠠ ᠶᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠡᠵᠡᠩᠨᠡᠯᠲᠡ ᠶᠢᠨ ᠭᠤᠤᠯ ᠴᠣᠭᠴᠠ ᠳᠤ ᠡᠷᠬᠡ ᠲᠡᠭᠰᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠪᠠᠷ ᠢᠮᠠᠭᠲᠠ ᠴᠢᠷᠮᠠᠶᠢᠵᠤ᠂ ᠤᠷᠠᠳ ᠤᠨ ᠳᠤᠮᠳᠠᠳᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠵᠥᠪᠰᠢᠶᠡᠷᠡᠨ ᠣᠷᠣᠭᠤᠯᠬᠤ ᠶᠢᠨ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠠᠷ ᠪᠣᠢ᠃ 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ