ᠦᠨ᠎ᠡ ᠲᠥᠯᠥᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠦ ᠡᠷᠡᠭᠦᠯ ᠮᠡᠨᠳᠦ ᠶᠢ ᠰᠠᠬᠢᠨ ᠬᠠᠮᠠᠭᠠᠯᠠᠵᠣ ᠬᠥᠮᠦᠰ ᠤᠨ ᠰᠡᠳᠬᠢᠯ ᠢ ᠳᠤᠯᠠᠭᠠᠴᠠᠭᠤᠯᠵᠤ ᠪᠣᠢ
ᠨᠡᠶᠢᠲᠡᠯᠡᠭᠰᠡᠨ ᠴᠠᠭ᠄
2025/3/12
    ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠲᠣᠭᠤᠰᠢᠯᠠᠭᠤᠯᠵᠣ᠂ ᠤᠷᠠᠳ ᠤᠨ ᠳᠤᠮᠳᠠᠳᠤ ᠬᠤᠰᠢᠭᠤᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 2025 ᠣᠨ ᠤ 2 ᠰᠠᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠨᠠᠰᠤᠲᠠᠶᠢᠴᠤᠳ᠂ ᠠᠷᠬᠠᠭ ᠡᠪᠡᠳᠴᠢᠲᠡᠨ ᠵᠡᠷᠭᠡ ᠭᠤᠤᠯᠳᠠᠯᠭ᠎ᠠ ᠲᠠᠢ ᠬᠥᠮᠦᠰ ᠲᠤ ᠰᠦᠢᠳᠬᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠠᠵᠢᠯᠯᠠᠭ᠎ᠠ ᠶᠢᠨ ᠬᠠᠷᠠᠯᠲᠠ ᠲᠣᠳᠣᠷᠬᠠᠶ᠂ ᠭᠤᠤᠯᠳᠠᠯᠭ᠎ᠠ ᠨᠢ ︽ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠴᠠᠲᠠᠶ ᠪᠠᠷ ᠰᠢᠭᠰᠢᠨ ᠪᠠᠶᠢᠴᠠᠭᠠᠬᠤ ᠪᠠᠷ ᠳᠠᠮᠵᠢᠭᠤᠯᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠦᠵᠡᠯ ᠤᠬᠠᠮᠰᠠᠷ ᠢ ᠦᠨᠡᠨ ᠬᠦ ᠴᠢᠩᠭᠠᠷᠠᠭᠤᠯᠪᠠ᠃ ᠠᠵᠢᠯᠯᠠᠭ᠎ᠠ ᠳᠣᠮᠳᠠ᠂ ᠡᠮᠴᠢ ᠰᠣᠪᠢᠯᠠᠭᠴᠢᠳ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠵᠡᠷᠭᠡ ᠪᠠᠷ ᠲᠡᠭᠦᠯᠳᠡᠷᠵᠢᠭᠦᠯᠵᠦ᠂ ᠲᠠᠷᠠᠭᠠᠴᠢ ᠶᠢᠨ ᠡᠷᠡᠭᠦᠯ ᠮᠡᠨᠳᠦ ᠶᠢᠨ ᠬᠠᠮᠢᠶᠠᠷᠣᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠳᠤ ᠨᠠᠷᠢᠨ ᠪᠣᠳᠠᠲᠠᠶ ᠦᠨᠳᠦᠰᠦᠯᠡᠯ ᠬᠠᠩᠭᠠᠪᠠ᠃    ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠤᠨ ᠲᠣᠬᠢᠷᠠᠭᠤᠯᠤᠯᠲᠠ ᠨᠢ ᠰᠢᠨᠵᠢᠯᠡᠬᠦ ᠤᠬᠠᠭᠠᠨᠴᠢ ᠪᠥᠭᠡᠳ ᠪᠥᠬᠦ ᠲᠠᠯ᠎ᠠ  ᠶᠢ ᠬᠠᠮᠤᠷᠴᠤ᠂ ᠪᠡᠶ᠎ᠡ ᠶᠢᠨ ᠪᠠᠶᠢᠴᠠᠭᠠᠯᠲᠠ᠂ ᠲᠤᠷᠰᠢᠯᠲᠠ ᠶᠢᠨ ᠲᠠᠰᠤᠭ ᠤᠨ ᠭᠦᠢᠴᠡᠳᠬᠡᠯ ᠲᠤᠭ᠎ᠠ ᠶᠢᠨ ᠪᠠᠶᠢᠴᠠᠭᠠᠨ ᠬᠡᠮᠵᠢᠯᠲᠡ᠂ ᠲᠤᠰᠬᠠᠶ ᠵᠦᠢᠯ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠵᠢᠴᠢ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠵᠥᠪᠯᠡᠯᠭᠡ ᠥᠭᠬᠦ ᠵᠡᠷᠭᠡ ᠳᠥᠷᠪᠡᠨ ᠶᠡᠭᠡ ᠬᠡᠰᠡᠭ ᠢ ᠬᠠᠮᠤᠷᠴᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠠᠶᠢᠳᠠᠯ ᠳᠤ ᠪᠥᠬᠦ ᠲᠠᠯ᠎ᠠ ᠶᠢᠨ ᠦᠨᠡᠯᠡᠯᠲᠡ ᠬᠢᠵᠦ᠂ ︽ᠨᠢᠭᠡ ᠬᠥᠮᠦᠨ ᠳᠤ ᠨᠢᠭᠡ ᠲᠠᠩᠰᠠ ᠡᠪᠬᠡᠮᠡᠯ ᠲᠠᠢ ᠪᠠᠶᠢᠬᠤ᠂ ᠨᠠᠷᠢᠯᠢᠭ ᠣᠨᠣᠴᠠᠲᠠᠶ ᠪᠠᠷ ᠦᠢᠯᠡᠴᠢᠯᠡᠬᠦ︾ ᠶᠢ ᠦᠨᠡᠨ ᠬᠦ ᠪᠡᠶᠡᠯᠡᠭᠦᠯᠪᠡ᠃    ᠲᠠᠷᠠᠭᠠᠴᠢ ᠶᠢᠨ ᠠᠯᠬᠤᠮ ᠳᠤ᠂ ᠤᠷᠠᠳ ᠤᠨ ᠳᠤᠮᠳᠠᠳᠤ ᠬᠤᠰᠢᠭᠤᠨ ᠤ ᠬᠢᠨ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠣᠷᠣᠨ ᠪᠦᠰᠡ ᠶᠢᠨ ᠴᠢᠨᠠᠷᠲᠠᠶ ᠠᠷᠬᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠵᠠᠭᠪᠤᠷ ᠢ ᠴᠢᠷᠮᠠᠶᠢᠨ ᠪᠣᠶ ᠪᠣᠯᠭᠠᠵᠤ᠂ ᠪᠥᠬᠦ ᠬᠤᠰᠢᠭᠤᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠬᠤ ᠳᠤ ᠪᠠᠲᠣᠯᠠᠭ᠎ᠠ ᠬᠠᠩᠭᠠᠬᠤ ᠪᠠᠷ ᠪᠣᠢ᠃ 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ