3 ᠰᠠᠷ᠎ᠠ ᠶᠢᠨ 5 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠷᠠᠳ ᠤᠨ ᠳᠤᠮᠳᠠᠳᠤ ᠬᠤᠰᠢᠭᠤᠨ ᠤ | ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠵᠦ᠂ ᠤᠷᠠᠳ ᠤᠨ ᠳᠤᠮᠳᠠᠳᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠠᠴᠠ ᠳᠠᠭᠠᠭᠠᠨ ᠡᠷᠭᠢᠯᠡᠭᠰᠡᠨ ᠤᠷᠠᠳ ᠤᠨ ᠳᠤᠮᠳᠠᠳᠤ ᠬᠤᠰᠢᠭᠤᠨ ᠤ ︽3 · 8︾ ᠤ ᠳᠡᠯᠡᠬᠡᠶ ᠶᠢᠨ ᠬᠥᠳᠡᠯᠮᠦᠷᠢᠴᠢᠨ | ᠡᠮᠡᠭᠲᠡᠶᠢᠴᠦᠳ ᠤᠨ ᠪᠠᠶᠠᠷ ᠤᠨ 115 ᠵᠢᠯ ᠤᠨ ᠣᠶ ᠶᠢ ᠳᠤᠷᠠᠰᠬᠠᠬᠤ ᠠᠵᠢᠯᠯᠠᠭ᠎ᠠ ᠵᠢᠴᠢ ᠠᠵᠢᠯᠲᠠᠨ ᠠᠵᠢᠯᠴᠢᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ | ᠬᠤᠲᠠ ᠶᠢᠨ ᠠᠷᠠᠳ ᠤᠨ ᠬᠦᠳᠡᠯᠭᠡᠭᠡᠨ ᠤ ᠲᠥᠪ ᠤᠨ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠪᠠ᠃ | ᠲᠣᠰ ᠤᠳᠠᠭᠠᠨ ᠤ ᠠᠵᠢᠯᠯᠠᠭ᠎ᠠ ᠳᠤ ᠮᠠᠰᠢ ᠣᠯᠠᠨ ᠡᠮᠡᠭᠲᠡᠶ ᠠᠵᠢᠯᠲᠠᠨ ᠠᠵᠢᠯᠴᠢᠨ ᠢᠳᠡᠪᠬᠢᠲᠡᠶ ᠣᠷᠣᠯᠴᠠᠪᠠ᠃ ᠬᠦᠳᠡᠯᠭᠡᠭᠡᠨ ᠤ ᠠᠭᠤᠯᠭ᠎ᠠ ᠨᠢ ᠡᠯᠪᠡᠭ | ᠪᠠᠶᠠᠯᠢᠭ ᠪᠥᠭᠡᠳ ᠣᠯᠠᠨ ᠶᠠᠩᠵᠤ ᠶᠢᠨ ᠪᠠᠶᠢᠵᠤ᠂ ᠡᠭᠦᠨ ᠳᠤ ᠥᠲᠥᠨ ᠪᠥᠮᠪᠦᠭᠡ᠂ ᠫᠢᠩᠫᠠᠩ ᠪᠥᠮᠪᠦᠭᠡ᠂ ᠠᠯᠠᠭᠠᠳᠠᠬᠤ ᠪᠥᠮᠪᠦᠭᠡ ᠵᠡᠷᠭᠡ ᠤᠷᠤᠯᠳᠤᠭᠠᠨ ᠤ ᠲᠥᠷᠥᠯ | ᠵᠦᠢᠯ ᠵᠢᠴᠢ ᠳᠤᠷ᠎ᠠ ᠰᠣᠨᠢᠷᠬᠠᠯ ᠤᠨ ᠬᠥᠳᠡᠯᠭᠡᠭᠡᠨ ᠤ ᠤᠷᠤᠯᠳᠤᠭᠠᠨ ᠪᠠᠭᠳᠠᠪᠠ᠃ | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠡᠮᠡᠭᠲᠡᠶ ᠠᠵᠢᠯᠲᠠᠨ ᠠᠵᠢᠯᠴᠢᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠤ᠂ ᠲᠡᠳᠡᠨ ᠤ ᠪᠡᠶ᠎ᠡ ᠮᠠᠬᠠᠪᠣᠳ ᠤᠨ ᠬᠡᠪ ᠴᠢᠨᠠᠷ ᠪᠠ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠤᠬᠠᠮᠰᠠᠷ ᠢ ᠴᠢᠩᠭᠠᠷᠠᠭᠤᠯᠤᠭᠰᠠᠨ ᠢᠶᠠᠷ ᠪᠠᠷᠠᠬᠤ | ᠥᠬᠡᠶ ᠪᠠᠰᠠ ᠤᠷᠠᠳ ᠤᠨ ᠳᠤᠮᠳᠠᠳᠤ ᠬᠤᠰᠢᠭᠤᠨ ᠤ ᠡᠮᠡᠭᠲᠡᠶᠢᠴᠦᠳ ᠤᠨ ᠢᠳᠡᠪᠬᠢᠲᠡᠶ ᠪᠠᠷ ᠥᠭᠡᠳᠡᠯᠡᠨ ᠳᠠᠪᠰᠢᠬᠤ᠂ ᠪᠦᠯᠬᠦᠮᠳᠡᠨ ᠲᠡᠮᠡᠴᠡᠬᠦ ᠣᠶᠤᠨ ᠰᠠᠨᠠᠭᠠᠨ ᠤ | ᠳᠦᠷᠰᠦ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃ | |