ᠰᠤᠷᠭᠠᠭᠤᠯᠢ ᠡᠬᠢᠯᠡᠭᠰᠡᠨ ᠠᠩᠬᠠᠨ ᠤ ᠡᠳᠦᠷ ᠂ ᠪᠠᠭᠰᠢ ᠶᠢᠨ ᠬᠥᠭᠵᠢᠯᠲᠡ ᠶᠢᠨ ᠲᠥᠪ ᠤᠨ ᠪᠥᠬᠦ ᠵᠢᠭᠠᠨ ᠰᠤᠳᠤᠯᠤᠭᠴᠢᠳ ᠲᠤᠷᠰᠢᠯᠲᠠ ᠶᠢᠨ ᠰᠤᠷᠭᠠᠭᠤᠯᠢ ᠳᠤ | ᠬᠦᠷᠴᠦ᠂ ᠬᠢᠴᠢᠶᠡᠯ ᠰᠣᠨᠣᠰᠬᠤ ᠵᠢᠴᠢ ᠦᠨᠡᠯᠡᠨ ᠵᠢᠯᠣᠭᠤᠳᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢᠨ | ᠵᠣᠷᠢᠯᠭ᠎ᠠ ᠨᠢ ᠲᠤᠷᠰᠢᠯᠲᠠ ᠶᠢᠨ ᠰᠤᠷᠭᠠᠭᠤᠯᠢ ᠶᠢᠨ ᠡᠯ᠎ᠡ ᠰᠠᠯᠠᠭᠠᠨ ᠤ ᠵᠢᠭᠠᠨ ᠰᠤᠷᠭᠠᠯᠲᠠ ᠶᠢᠨ ᠣᠳᠣᠬᠢ ᠪᠠᠶᠢᠳᠠᠯ ᠢ ᠣᠨᠣᠪᠴᠢᠲᠠᠶ ᠡᠵᠡᠮᠳᠡᠵᠦ᠂ ᠪᠠᠭᠰᠢ ᠶᠢ | ᠬᠠᠪᠰᠤᠷᠤᠨ ᠵᠢᠭᠠᠨ ᠰᠤᠷᠭᠠᠯᠲᠠ ᠶᠢᠨ ᠠᠷᠭ᠎ᠠ ᠶᠢ ᠰᠢᠯᠢᠳᠡᠭᠵᠢᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ | ᠲᠥᠯᠥᠭᠡ ᠶᠤᠮ᠃ | ᠠᠵᠢᠯᠯᠠᠭ᠎ᠠ ᠶᠢᠨ ᠳᠤᠮᠳᠠ᠂ ᠡᠯ᠎ᠡ ᠵᠢᠭᠠᠨ ᠰᠤᠳᠤᠯᠤᠭᠴᠢ ᠲᠣᠰ ᠲᠣᠰ ᠬᠡᠯᠡ ᠪᠢᠴᠢᠭ᠂ ᠲᠣᠭᠠᠨ ᠤ ᠤᠬᠠᠭᠠᠨ᠂ ᠠᠩᠭ᠍ᠯᠢ ᠬᠡᠯᠡ ᠵᠡᠷᠭᠡ ᠣᠯᠠᠨ ᠰᠢᠨᠵᠢᠯᠡᠭᠡᠨ ᠤ | ᠬᠢᠴᠢᠶᠡᠯ ᠤᠨ ᠲᠠᠩᠬᠢᠮ ᠳᠤ ᠭᠦᠨᠵᠡᠭᠡᠶᠢᠷᠡᠵᠦ᠂ ᠪᠠᠭᠰᠢ ᠶᠢᠨ ᠬᠢᠴᠢᠶᠡᠯ ᠪᠠ ᠰᠤᠷᠤᠭᠴᠢᠳ ᠤᠨ ᠰᠤᠷᠤᠯᠭ᠎ᠠ ᠶᠢᠨ ᠪᠠᠶᠢᠳᠠᠯ ᠢ ᠨᠠᠷᠢᠨ ᠬᠢᠨᠠᠮᠠᠭᠠᠶ ᠠᠵᠢᠭᠯᠠᠵᠤ᠂ ᠵᠢᠭᠠᠨ | ᠰᠤᠷᠭᠠᠬᠤ ᠶᠠᠪᠤᠴᠠ ᠳᠠᠬᠢ ᠭᠤᠭᠴᠤᠭ᠎ᠠ ᠨᠢᠭᠡᠪᠦᠷᠢ ᠶᠢ ᠨᠠᠷᠢᠨ ᠲᠣᠳᠣᠷᠬᠠᠶ ᠲᠡᠮᠳᠡᠭᠯᠡᠪᠡ᠃ | ᠬᠢᠴᠢᠶᠡᠯ ᠰᠣᠨᠣᠰᠴᠤ ᠳᠠᠭᠤᠰᠤᠭᠰᠠᠨ ᠤ ᠳᠠᠷᠠᠭ᠎ᠠ᠂ ᠪᠠᠭᠰᠢ ᠶᠢᠨ ᠬᠥᠭᠵᠢᠯᠲᠡ ᠶᠢᠨ ᠲᠥᠪ ᠠᠴᠠ ᠡᠯ᠎ᠡ ᠬᠢᠴᠢᠶᠡᠯ ᠲᠥᠷᠥᠯ ᠤᠨ ᠪᠠᠭᠰᠢ ᠶᠢ ᠵᠣᠬᠢᠶᠠᠨ | ᠪᠠᠶᠢᠭᠤᠯᠵᠤ ᠦᠨᠡᠯᠡᠨ ᠵᠢᠯᠣᠭᠤᠳᠬᠤ ᠬᠤᠷᠠᠯ ᠬᠤᠷᠠᠯᠳᠤᠭᠤᠯᠪᠠ᠃ ᠵᠢᠭᠠᠨ ᠰᠣᠳᠣᠯᠣᠭᠴᠢ ᠡᠯᠪᠡᠭ ᠪᠠᠶᠠᠯᠢᠭ ᠵᠢᠭᠠᠨ ᠰᠤᠷᠭᠠᠯᠲᠠ ᠶᠢᠨ ᠲᠤᠷᠰᠢᠯᠭ᠎ᠠ ᠪᠠ ᠲᠤᠰᠬᠠᠶ | ᠮᠡᠷᠭᠡᠵᠢᠯ ᠤᠨ ᠮᠡᠳᠡᠯᠭᠡ ᠳᠡᠭᠡᠨ ᠲᠦᠰᠢᠭᠯᠡᠨ᠂ ᠵᠢᠭᠠᠨ ᠰᠤᠷᠭᠠᠯᠲᠠ ᠶᠢᠨ ᠬᠠᠷᠠᠯᠲᠠ ᠶᠢ ᠲᠣᠭᠲᠠᠭᠠᠬᠤ᠂ ᠵᠢᠭᠠᠨ ᠰᠤᠷᠭᠠᠯᠲᠠ ᠶᠢᠨ ᠠᠭᠤᠯᠭ᠎ᠠ ᠶᠢ ᠵᠣᠬᠢᠶᠠᠨ ᠪᠠᠶᠢᠭᠤᠯᠬᠤ᠂ | ᠵᠢᠭᠠᠨ ᠰᠤᠷᠭᠠᠯᠲᠠ ᠶᠢᠨ ᠠᠷᠭ᠎ᠠ ᠶᠢ ᠬᠡᠷᠡᠭᠯᠡᠬᠦ᠂ ᠬᠢᠴᠢᠶᠡᠯ ᠤᠨ ᠲᠠᠩᠬᠢᠮ ᠤᠨ ᠬᠠᠷᠢᠯᠴᠠᠨ ᠬᠥᠳᠡᠯᠦᠯᠴᠡᠭᠰᠡᠨ ᠦᠷ᠎ᠡ ᠪᠦᠲᠦᠮᠵᠢ᠂ ᠰᠤᠷᠤᠭᠴᠢᠳ ᠤᠨ ᠣᠷᠣᠯᠴᠠᠬᠤ | ᠬᠡᠮᠵᠢᠶ᠎ᠡ᠂ ᠳᠠᠰᠬᠠᠯ ᠬᠢᠨᠠᠵᠣ ᠵᠠᠰᠠᠭᠰᠠᠨ ᠪᠠᠶᠢᠳᠠᠯ ᠵᠡᠷᠭᠡ ᠣᠯᠠᠨ ᠲᠠᠯ᠎ᠠ ᠠᠴᠠ ᠬᠢᠴᠢᠶᠡᠯ ᠨᠢᠭᠡᠪᠦᠷᠢ ᠳᠤ ᠨᠠᠷᠢᠨ ᠨᠢᠮᠪᠠᠶ ᠵᠠᠳᠠᠯᠤᠯᠲᠠ ᠪᠠ ᠦᠨᠡᠯᠡᠯᠲᠡ ᠬᠢᠵᠡᠶ᠃ | ᠪᠠᠭᠰᠢ ᠨᠠᠷ ᠤᠨ ᠵᠢᠭᠠᠨ ᠰᠤᠷᠭᠠᠯᠲᠠ ᠶᠢᠨ ᠶᠠᠪᠤᠴᠠ ᠳᠠᠬᠢ ᠬᠢᠯᠠᠰ ᠴᠡᠭ ᠪᠠ ᠰᠢᠨ᠎ᠡ ᠶᠢ ᠡᠭᠦᠳᠦᠭᠰᠡᠨ ᠲᠠᠯ᠎ᠠ ᠶᠢ ᠨᠤᠲᠠᠯᠠᠭᠰᠠᠨ ᠪᠥᠭᠡᠳ ᠪᠠᠰᠠ ᠣᠷᠣᠰᠢᠵᠤ ᠪᠠᠶᠢᠭ᠎ᠠ | ᠠᠰᠠᠭᠤᠳᠠᠯ ᠳᠤ ᠴᠢᠭᠯᠡᠭᠦᠯᠦᠨ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠨᠢ ᠲᠤᠷᠰᠢᠯᠲᠠ ᠶᠢᠨ ᠰᠤᠷᠭᠠᠭᠤᠯᠢ ᠶᠢᠨ ᠪᠠᠭᠰᠢ ᠨᠠᠷ ᠲᠤ ᠡᠷᠬᠢᠮ ᠨᠠᠨᠳᠢᠨ ᠰᠤᠷᠤᠯᠴᠠᠬᠤ ᠲᠣᠬᠢᠶᠠᠯ ᠬᠠᠩᠭᠠᠭᠰᠠᠨ ᠢᠶᠠᠷ ᠪᠠᠷᠠᠬᠤ | ᠥᠬᠡᠶ᠂ ᠪᠠᠰᠠ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠢᠷᠡᠭᠡᠳᠦᠶ ᠳᠤ ᠪᠠᠭᠰᠢ ᠶᠢᠨ ᠬᠥᠭᠵᠢᠯᠲᠡ ᠶᠢᠨ ᠲᠥᠪ ᠠᠴᠠ ᠲᠤᠷᠰᠢᠯᠲᠠ ᠶᠢᠨ ᠰᠤᠷᠭᠠᠭᠤᠯᠢ ᠶᠢᠨ | ᠵᠢᠭᠠᠨ ᠰᠤᠷᠭᠠᠯᠲᠠ ᠶᠢᠨ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠬᠠᠮᠢᠶ᠎ᠠ ᠪᠥᠬᠦᠶ ᠵᠢᠯᠣᠭᠤᠳᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠭᠰᠢ ᠶᠢᠨ | ᠬᠦᠭᠵᠢᠯᠲᠡ ᠬᠢᠭᠡᠳ ᠰᠤᠷᠭᠠᠨ ᠬᠥᠮᠦᠵᠢᠯ ᠤᠨ ᠦᠢᠯᠡᠰ ᠤᠨ ᠳᠠᠪᠰᠢᠯᠲᠠ ᠳᠤ ᠬᠦᠴᠦᠨ ᠨᠡᠮᠡᠷᠢᠯᠡᠬᠦ ᠪᠠᠷ ᠪᠣᠢ᠃ | | |