ᠠᠷᠠᠳ ᠲᠦᠮᠡᠨ ᠢ ᠵᠣᠯ ᠵᠢᠷᠭᠠᠯ ᠲᠠᠢ ᠠᠮᠢᠳᠤᠷᠠᠭᠤᠯᠬᠤ ᠪᠣᠯ ᠲᠡᠷᠢᠭᠦᠨ ᠴᠢᠬᠤᠯᠠ ᠶᠠᠪᠤᠳᠠᠯ ᠮᠥᠨ᠃ ᠡᠯ᠎ᠡ ᠲᠥᠷᠥᠯ ᠤᠨ ᠶᠠᠳᠠᠭᠤ ᠬᠦᠴᠢᠷᠳᠡᠯᠲᠡᠶ ᠣᠯᠠᠨ | ᠲᠦᠮᠡᠨ ᠤ ᠪᠠᠴᠢᠮ ᠬᠦᠴᠢᠷᠳᠡᠯ ᠪᠠ ᠬᠦᠰᠡᠯ ᠡᠷᠡᠮᠡᠯᠵᠡᠯ ᠤᠨ ᠠᠰᠠᠭᠤᠳᠠᠯ ᠳᠤ ᠴᠢᠭᠯᠡᠭᠦᠯᠦᠨ᠂ ᠤᠷᠠᠳ ᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ | ᠲᠣᠪᠴᠢᠶ᠎ᠠ ᠶᠠᠳᠠᠭᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠶᠢ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠴᠢᠩᠭ᠎ᠠ ᠪᠡᠶᠡᠯᠡᠭᠦᠯᠵᠦ᠂ | ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠨᠦᠬᠦᠪᠦᠷᠢ ᠶᠢ ᠤᠷᠢᠤᠨᠴᠢᠯᠠᠨ ᠲᠣᠬᠢᠷᠠᠭᠤᠯᠪᠠ᠃ | 3 ᠰᠠᠷ᠎ᠠ ᠶᠢᠨ 11 ᠤ ᠡᠳᠦᠷ᠂ ᠡᠳ᠋ ᠤᠨ ᠵᠠᠰᠠᠭ ᠤᠨ ᠲᠣᠪᠴᠢᠶ᠎ᠠ ︽ᠪᠦᠷᠢᠨ ᠴᠢᠳᠠᠪᠬᠢᠳᠦ ᠺᠠᠷᠲ︾ ᠤᠨ ᠰᠢᠰᠲ᠋ᠧᠮ ᠢᠶᠠᠷ ᠳᠠᠮᠵᠢᠭᠤᠯᠤᠨ᠂ 3 ᠰᠠᠷ᠎ᠠ ᠶᠢᠨ | ᠨᠥᠬᠦᠪᠥᠷᠢ ᠨᠡᠶᠢᠲᠡ 444.66 ᠲᠦᠮᠡᠨ ᠲᠥᠭᠦᠷᠢᠭ ᠲᠠᠷᠬᠠᠭᠠᠨ᠂ 16382 ᠬᠥᠮᠦᠨ ︵ᠤᠳᠠᠭ᠎ᠠ︶ ᠳᠤ ᠠᠰᠢᠭ ᠬᠦᠷᠲᠡᠭᠡᠪᠡ᠂ ᠡᠭᠦᠨ ᠳᠤ᠂ ᠬᠤᠲᠠ ᠬᠥᠳᠡᠭᠡ | ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠵᠦ ᠪᠠᠶᠢᠭ᠎ᠠ ᠡᠲᠡᠭᠡᠳ᠂ ᠣᠨᠴᠠ ᠶᠠᠳᠠᠭᠤ ᠬᠦᠴᠢᠷᠳᠡᠯᠲᠡᠶ ᠬᠥᠮᠦᠰ᠂ ᠣᠨᠴᠠ ᠶᠠᠳᠠᠭᠤ ᠬᠦᠴᠢᠷᠳᠡᠯᠲᠡᠶ | ᠬᠥᠮᠦᠰ ᠢ ᠬᠠᠷᠠᠭᠠᠯᠵᠠᠨ ᠰᠤᠪᠢᠯᠠᠬᠤ ᠨᠥᠬᠦᠪᠥᠷᠢ᠂ ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠶᠢᠨ ᠲᠥᠪᠯᠡᠷᠡᠭᠦᠯᠦᠨ ᠠᠰᠠᠷᠠᠨ | ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠤᠳ ᠲᠤ 332.02 ᠲᠦᠮᠡᠨ ᠲᠥᠭᠦᠷᠢᠭ ᠤᠨ ᠨᠥᠬᠦᠪᠥᠷᠢ | ᠣᠯᠭᠤᠵᠦ᠂ 6962 ᠬᠥᠮᠦᠨ ︵ᠤᠳᠠᠭ᠎ᠠ︶ ᠳᠤ ᠠᠰᠢᠭ ᠬᠦᠷᠲᠡᠭᠡᠨ᠂ ᠵᠡᠮᠳᠡᠭᠴᠦᠳ ᠤᠨ ᠬᠤᠶᠠᠷ ᠲᠦᠷᠦᠯ ᠤᠨ ᠨᠥᠬᠦᠪᠥᠷᠢ 57.61 ᠲᠦᠮᠡᠨ ᠲᠥᠭᠦᠷᠢᠭ | ᠲᠠᠷᠬᠠᠭᠠᠵᠦ᠂ 4609 ᠬᠥᠮᠦᠨ ︵ᠤᠳᠠᠭ᠎ᠠ︶ ᠳᠤ ᠠᠰᠢᠭ ᠬᠦᠷᠲᠡᠭᠡᠨ᠂ ᠥᠨᠳᠥᠷ ᠨᠠᠰᠤᠨ ᠤ ᠨᠠᠰᠤᠳᠠᠶᠢᠴᠤᠤᠨ ᠤᠨ ᠨᠥᠬᠦᠪᠥᠷᠢ ᠵᠡᠷᠭᠡ ᠳᠥᠷᠪᠡᠨ ᠲᠦᠷᠦᠯ ᠤᠨ | ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠥᠷᠢ 49.04 ᠲᠦᠮᠡᠨ ᠲᠥᠭᠦᠷᠢᠭ ᠲᠠᠷᠬᠠᠭᠠᠨ᠂ 4763 ᠬᠥᠮᠦᠨ ︵ᠤᠳᠠᠭ᠎ᠠ︶ ᠳᠤ ᠠᠰᠢᠭ ᠬᠦᠷᠳᠡᠭᠡᠨ᠂ ᠭᠤᠷᠪᠠᠨ | ᠲᠦᠷᠦᠯ ᠤᠨ ᠠᠷᠠᠳ ᠲᠤ 5.99 ᠲᠦᠮᠡᠨ ᠲᠥᠭᠦᠷᠢᠭ ᠤᠨ ᠲᠣᠭᠲᠠᠮᠠᠯ ᠬᠤᠭᠤᠴᠠᠭ᠎ᠠ ᠲᠠᠢ ᠨᠥᠬᠦᠪᠥᠷᠢ ᠤᠯᠭᠤᠬᠤ ᠮᠦᠩᠬᠦ ᠲᠠᠷᠬᠠᠭᠠᠨ᠂ 48 ᠬᠥᠮᠦᠨ ︵ᠤᠳᠠᠭ᠎ᠠ︶ | ᠳᠤ ᠠᠰᠢᠭ ᠬᠦᠷᠲᠡᠭᠡᠪᠡ᠃ | ᠡᠳ᠋ ᠤᠨ ᠵᠠᠰᠠᠭ ᠤᠨ ᠲᠣᠪᠴᠢᠶ᠎ᠠ ᠲᠤᠰᠬᠠᠶ ᠲᠦᠷᠦᠯ ᠤᠨ ᠪᠠᠯᠠ ᠮᠥᠩᠭᠦ ᠶᠢᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ | ᠠᠪᠤᠷᠠᠨ ᠲᠤᠰᠠᠯᠠᠯᠳᠠ ᠪᠠ ᠨᠥᠬᠦᠪᠥᠷᠢ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠣᠯᠭᠤᠵᠤ᠂ ᠶᠠᠳᠠᠭᠤ | ᠬᠦᠴᠢᠷᠳᠡᠯᠲᠡᠶ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠤᠨ | ᠪᠣᠳᠠᠲᠠᠶ ᠠᠰᠠᠭᠤᠳᠠᠯ ᠢ ᠲᠣᠬᠢᠲᠠᠶ ᠰᠢᠶᠳᠪᠦᠷᠢᠯᠡᠵᠦ ᠪᠤᠢ᠃ |