ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠩ ᠰᠠᠶᠢᠲᠤᠷ ᠨᠠᠶᠢᠳᠠᠪᠤᠷᠢᠵᠢᠭᠤᠯᠵᠤ᠂ ᠨᠠᠮ ᠪᠠ ᠵᠠᠰᠠᠭ ᠤᠨ ᠣᠷᠳᠣᠨ ᠤ | ᠴᠡᠷᠢᠭ᠂ ᠴᠡᠷᠢᠭ ᠤᠨ ᠬᠡᠷ ᠪᠦᠯᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠵᠦ ᠪᠠᠶᠢᠭ᠎ᠠ ᠡᠲᠡᠭᠡᠳ ᠢ ᠬᠠᠯᠠᠮᠵᠢᠯᠠᠨ ᠬᠠᠶᠢᠷᠠᠯᠠᠵᠦ | ᠪᠠᠶᠢᠬᠤ ᠶᠢ ᠳᠠᠮᠵᠢᠭᠤᠯᠬᠤ ᠶᠢᠨ ᠲᠥᠯᠥᠭᠡ᠂ ᠤᠷᠠᠳ ᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠵᠦ | ᠪᠠᠶᠢᠭ᠎ᠠ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨᠬᠦ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠪᠤᠢ᠃ | ᠣᠶᠢᠷ᠎ᠠ ᠳᠤ᠂ ᠤᠷᠠᠤᠨ ᠤᠨ ᠲᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠪᠦᠷᠢᠨ ᠴᠢᠳᠠᠪᠬᠢᠳᠦ ᠺᠠᠷᠲ︾ ᠤᠨ ᠰᠢᠰᠲ᠋ᠧᠮ ᠢᠶᠠᠷ | ᠳᠠᠮᠵᠢᠭᠤᠯᠤᠨ 3 ᠰᠠᠷ᠎ᠠ ᠶᠢᠨ ᠨᠥᠬᠦᠪᠥᠷᠢ ᠨᠡᠶᠢᠲᠡ 305752.75 ᠲᠥᠭᠦᠷᠢᠭ ᠢ ᠲᠠᠷᠬᠠᠭᠠᠵᠤ᠂ 292 ᠬᠥᠮᠦᠨ ︵ᠤᠳᠠᠭ᠎ᠠ︶ ᠳᠤ ᠠᠰᠢᠭ ᠬᠦᠷᠲᠡᠭᠡᠪᠡ᠂ ᠡᠭᠦᠨ | ᠳᠤ ᠠᠰᠠᠷᠠᠨ ᠬᠠᠷᠠᠭᠠᠯᠵᠠᠵᠦ ᠪᠠᠶᠢᠭ᠎ᠠ ᠡᠲᠡᠭᠡᠳ ᠤᠨ ᠨᠥᠬᠦᠪᠥᠷᠢ 107500.75 ᠲᠥᠭᠦᠷᠢᠭ ᠪᠠᠶᠢᠵᠦ᠂ 52 ᠬᠥᠮᠦᠨ ︵ᠤᠳᠠᠭ᠎ᠠ︶ ᠳᠤ ᠠᠰᠢᠭ ᠬᠦᠷᠲᠡᠭᠡᠨ᠂ | ᠤᠯᠤᠰ ᠪᠠᠶᠢᠭᠤᠯᠤᠭᠳᠠᠬᠤ ᠠᠴᠠ ᠡᠮᠦᠨᠡᠬᠢ ᠠᠬᠠᠮᠠᠳ ᠨᠠᠮ ᠤᠨ ᠭᠡᠰᠢᠭᠦᠨ ᠤ ᠨᠥᠬᠦᠪᠥᠷᠢ 952 ᠲᠥᠭᠦᠷᠢᠭ ᠪᠠᠶᠢᠵᠦ᠂ 2 ᠬᠥᠮᠦᠨ ︵ᠤᠳᠠᠭ᠎ᠠ︶ ᠳᠤ ᠠᠰᠢᠭ | ᠬᠦᠷᠲᠡᠭᠡᠨ᠂ 60 ᠪᠦᠬᠦᠯᠢ ᠨᠠᠰᠦ ᠬᠦᠷᠦᠭᠰᠡᠨ ᠬᠥᠳᠡᠭᠡ ᠲᠣᠰᠬᠤᠨ ᠤ ᠴᠡᠷᠢᠭ ᠤᠨ ᠠᠯᠪᠠ ᠠᠴᠠ ᠬᠠᠯᠠᠭᠳᠠᠭᠰᠠᠨ ᠠᠬᠠᠮᠠᠳ ᠴᠡᠷᠢᠭ ᠤᠨ ᠠᠮᠢᠳᠤᠷᠠᠯ ᠤᠨ ᠨᠥᠬᠦᠪᠥᠷᠢ | 75420 ᠲᠥᠭᠦᠷᠢᠭ ᠪᠠᠶᠢᠵᠦ᠂ 232 ᠬᠥᠮᠦᠨ ᠳᠤ ᠠᠰᠢᠭ ᠬᠦᠷᠲᠡᠭᠡᠨ᠂ ᠴᠡᠷᠢᠭ ᠠᠩᠭᠢ ᠶᠢᠨ ᠵᠠᠰᠠᠭ ᠤᠨ ᠣᠷᠳᠣᠨ ᠳᠤ ᠰᠢᠯᠵᠢᠭᠦᠯᠦᠨ ᠲᠤᠰᠢᠶᠠᠭᠰᠠᠨ ᠬᠥᠮᠦᠰ ᠢ | ᠲᠥᠪᠬᠢᠨᠡᠭᠦᠯᠬᠦ ᠨᠥᠬᠦᠪᠥᠷᠢ 6011 ᠲᠥᠭᠦᠷᠢᠭ ᠪᠠᠶᠢᠵᠦ᠂ 4 ᠬᠥᠮᠦᠨ ︵ᠤᠳᠠᠭ᠎ᠠ︶ ᠳᠤ ᠠᠰᠢᠭ ᠬᠦᠷᠲᠡᠭᠡᠨ᠂ 93 — 99 ᠤᠨ ᠤ ᠴᠡᠷᠢᠭ ᠠᠩᠭᠢ ᠶᠢᠨ ᠴᠡᠷᠢᠭ | ᠠᠴᠠ ᠬᠠᠯᠠᠭᠳᠠᠭᠰᠠᠨ ᠺᠠᠳ᠋ᠷᠴᠤᠤᠨ ᠢ ᠲᠥᠪᠬᠢᠨᠡᠭᠦᠯᠬᠦ ᠨᠥᠬᠦᠪᠥᠷᠢ 1910 ᠲᠥᠭᠦᠷᠢᠭ ᠪᠠᠶᠢᠵᠦ᠂ 1 ᠬᠥᠮᠦᠨ ᠳᠤ ᠠᠰᠢᠭ ᠬᠦᠷᠲᠡᠭᠡᠨ᠂ 1 ᠬᠥᠮᠦᠨ ᠳᠤ 2024 | ᠣᠨ ᠤ 3 ᠰᠠᠷ᠎ᠠ ᠳᠤ ᠴᠡᠷᠢᠭ ᠲᠤ ᠤᠷᠤᠭᠰᠠᠨ ᠠᠯᠪᠠᠨ ᠵᠢᠷᠤᠮ ᠤᠨ ᠴᠡᠷᠢᠭ ᠤᠨ ᠬᠠᠷᠠᠭᠠᠯᠵᠠᠯ ᠤᠨ ᠨᠦᠬᠦᠪᠦᠷᠢ ᠶᠢᠨ ᠥᠨᠳᠦᠷᠯᠢᠭ ᠣᠷᠣᠨ ᠤ ᠵᠥᠷᠢᠶᠡᠳᠦ | ᠨᠦᠬᠦᠪᠦᠷᠢ 59859 ᠲᠥᠭᠦᠷᠢᠭ ᠢ ᠨᠥᠬᠦᠪᠥᠷᠢᠯᠡᠨ ᠣᠯᠭᠤᠪᠠ᠃ | ᠲᠤᠰ ᠤᠳᠠᠭᠠᠨ ᠤ ᠨᠥᠬᠦᠪᠥᠷᠢ ᠣᠯᠭᠤᠭᠰᠠᠨ ᠨᠢ ᠡᠯ᠎ᠡ ᠲᠦᠷᠦᠯ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠨᠳᠦᠰᠦᠨ ᠠᠮᠢᠳᠤᠷᠠᠯ ᠢ ᠦᠨᠡᠨᠬᠦ | ᠪᠠᠲᠤᠯᠠᠵᠤ᠂ ᠬᠤᠶᠢᠰᠢᠳᠠ ᠡᠳ᠋ ᠤᠨ ᠵᠠᠰᠠᠭ ᠤᠨ ᠲᠣᠪᠴᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠬᠦ ᠪᠠ | ᠪᠠᠲᠤᠯᠠᠭ᠎ᠠ ᠬᠠᠩᠭᠠᠬᠤ ᠠᠵᠢᠯ ᠢ ᠰᠡᠳᠬᠢᠯ ᠲᠠᠯᠪᠢᠨ᠂ ᠬᠠᠶᠢᠷ᠎ᠠ ᠰᠡᠳᠬᠢᠯᠭᠡ ᠲᠠᠢ ᠪᠠᠷ᠂ ᠬᠦᠴᠦ ᠣᠷᠣᠭᠤᠯᠤᠨ ᠰᠠᠶᠢᠲᠤᠷ ᠬᠢᠵᠦ᠂ ᠨᠠᠮ ᠪᠣᠯᠤᠨ ᠤᠯᠤᠰ ᠤᠨ ᠴᠡᠷᠢᠭ ᠤᠨ | ᠠᠯᠪᠠ ᠠᠴᠠ ᠬᠠᠯᠠᠭᠳᠠᠭᠰᠠᠳ ᠲᠤ ᠦᠭᠬᠦᠭᠰᠡᠨ ᠬᠠᠯᠠᠮᠵᠢᠯᠠᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ |