ᠤᠷᠠᠳ ᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠥᠳᠡᠯᠦᠩᠭᠦᠶ ᠮᠠᠰᠢᠨ ᠲᠡᠷᠭᠡᠨ ᠤ ᠠᠴᠢᠶᠠᠯᠠᠪᠤᠷᠢ ᠶᠢᠨ ᠬᠡᠮᠵᠢᠯᠲᠡ ᠶᠢᠨ ᠲᠤᠰᠬᠠᠶ ᠬᠢᠨᠠᠯᠲᠠ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/3/13
    ᠵᠠᠮ ᠬᠠᠷᠢᠯᠴᠠᠭᠠᠨ ᠤ ᠬᠦᠷᠢᠶ᠎ᠡ ᠬᠡᠪᠴᠢᠶᠡᠨ ᠳᠠᠬᠢ ᠬᠥᠳᠡᠯᠦᠩᠭᠦᠶ ᠮᠠᠰᠢᠨ ᠲᠡᠷᠭᠡᠨ ᠤ ᠠᠴᠢᠶᠠᠯᠠᠪᠤᠷᠢ ᠶᠢᠨ ᠬᠢᠨᠠᠯᠳᠠ ᠬᠠᠮᠢᠶᠠᠷᠤᠯᠲᠠ ᠶᠢ ᠴᠢᠩᠭᠠᠳᠬᠠᠵᠤ᠂ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠂ ᠠᠷᠠᠳ ᠤᠨ ᠠᠮᠢᠳᠤᠷᠠᠯ ᠤᠨ ᠬᠡᠮᠵᠢᠯᠲᠡ ᠶᠢᠨ ᠬᠢᠨᠠᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠶᠢᠨ ᠲᠥᠯᠥᠭᠡ᠂ ᠤᠷᠠᠳ ᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠬᠤᠰᠢᠭᠤᠨ ᠤ ᠬᠠᠷᠢᠶᠠᠨ ᠳᠠᠬᠢ ᠰᠦᠶᠳᠬᠡᠯ ᠬᠤᠷᠢᠶᠠᠬᠤ ᠥᠷᠲᠡᠭᠡ ᠳᠤ ᠬᠥᠳᠡᠯᠦᠩᠭᠦᠶ ᠮᠠᠰᠢᠨ ᠲᠡᠷᠭᠡᠨ ᠤ ᠠᠴᠢᠶᠠᠯᠠᠪᠤᠷᠢ ᠶᠢᠨ ᠬᠢᠨᠠᠯᠳᠠ ᠪᠠᠶᠢᠴᠠᠭᠠᠯᠲᠠ ᠶᠢᠨ ᠲᠤᠰᠬᠠᠶ ᠪᠠᠶᠢᠴᠠᠭᠠᠯᠲᠠ ᠥᠷᠨᠢᠭᠦᠯᠪᠡ᠃
乌拉特中旗市场监督管理局开展动态汽车衡计量专项监督检查 11.jpg
    ᠲᠣᠰ ᠤᠳᠠᠭᠠᠨ ᠤ ᠪᠠᠶᠢᠴᠠᠭᠠᠯᠲᠠ ᠳᠤ᠂ ᠨᠢᠭᠡ ᠳᠤ᠂ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢ ᠶᠢᠨ ᠣᠷᠣᠵᠤ ᠭᠠᠷᠬᠤ ᠭᠠᠵᠠᠷ ᠤᠨ ᠬᠥᠳᠡᠯᠦᠩᠭᠦᠶ ᠮᠠᠰᠢᠨ ᠲᠡᠷᠭᠡᠨ  ᠤ ᠠᠴᠢᠶᠠᠯᠠᠪᠤᠷᠢ ᠶᠢᠨ ᠲᠤᠭ᠎ᠠ ᠪᠠᠷᠢᠮᠳᠠ ᠶᠢᠨ ᠣᠨᠣᠪᠴᠢ ᠶᠢᠨ ᠬᠡᠮᠵᠢᠶ᠎ᠡ ᠶᠢ ᠬᠠᠷᠭᠤᠭᠤᠯᠤᠨ ᠳᠣᠲᠣᠯᠠᠪᠠ᠃ ᠬᠤᠶᠠᠷ ᠲᠤ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠰᠢᠯᠭᠠᠨ ᠲᠣᠭᠲᠠᠭᠠᠬᠤ ᠪᠠᠶᠢᠭᠤᠯᠤᠮᠵᠢ ᠠᠴᠠ ᠰᠢᠯᠭᠠᠨ ᠲᠣᠭᠲᠠᠭᠠᠭᠰᠠᠨ ᠡᠰᠡᠬᠦ᠂ ᠰᠢᠯᠭᠠᠨ ᠲᠣᠭᠲᠠᠭᠠᠭᠰᠠᠨ ᠬᠢᠷᠢ ᠲᠡᠩᠴᠡᠭᠰᠡᠨ ᠬᠦᠴᠦᠨ ᠲᠠᠢ ᠬᠤᠭᠤᠴᠠᠭᠠᠨ ᠳᠤ ᠬᠡᠷᠡᠭᠯᠡᠭᠰᠡᠨ ᠡᠰᠡᠬᠦ ᠶᠢ ᠪᠠᠶᠢᠴᠠᠭᠠᠪᠠ᠃ ᠭᠤᠷᠪᠠ ᠳᠤ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠲᠤᠭᠳᠠᠭᠰᠠᠨ ᠦᠶᠡᠯᠡᠯ  ᠤᠨ ᠬᠤᠭᠤᠴᠠᠭᠠᠨ ᠳᠤ ᠰᠢᠯᠭᠠᠨ ᠲᠣᠭᠲᠠᠭᠠᠬᠤ ᠲᠦᠷᠢᠮ ᠪᠠ ᠡᠳᠦᠷ ᠲᠤᠳᠤᠮ ᠤᠨ ᠬᠠᠮᠠᠭᠠᠯᠠᠯᠲᠠ ᠶᠢᠨ ᠲᠦᠷᠢᠮ ᠢ ᠪᠠᠶᠢᠭᠤᠯᠤᠭᠰᠠᠨ ᠡᠰᠡᠬᠦ ᠶᠢ ᠪᠠᠶᠢᠴᠠᠭᠠᠪᠠ᠃ ᠳᠥᠷᠪᠡ ᠳᠤ᠂ ᠬᠥᠳᠡᠯᠦᠩᠭᠦᠶ ᠮᠠᠰᠢᠨ ᠲᠡᠷᠭᠡᠨ ᠤ ᠠᠴᠢᠶᠠᠯᠠᠪᠤᠷᠢ ᠶᠢ ᠳᠤᠷ᠎ᠠ ᠪᠠᠷ ᠢᠶᠠᠨ ᠬᠤᠪᠢᠷᠠᠭᠤᠯᠬᠤ ᠪᠠ ᠡᠪᠳᠡᠬᠦ ᠵᠡᠷᠭᠡ ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠪᠠᠶᠢᠬᠤ ᠡᠰᠡᠬᠦ ᠶᠢ ᠪᠠᠶᠢᠴᠠᠭᠠᠪᠠ᠃    ᠲᠠᠷᠠᠭᠠᠴᠢ ᠶᠢᠨ ᠠᠯᠬᠤᠮ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠤᠯᠳᠠ ᠶᠢᠨ ᠬᠦᠴᠦᠯᠡᠴᠡ ᠪᠠᠨ ᠦᠷᠭᠦᠯᠵᠢᠯᠡᠨ ᠴᠢᠩᠭᠠᠤᠨᠬᠠᠵᠦ᠂ ᠬᠡᠮᠵᠢᠯᠲᠡ ᠶᠢ ᠨᠠᠷᠢᠯᠢᠭ ᠣᠨᠣᠪᠴᠢᠲᠠᠶ ᠪᠠᠶᠢᠯᠭᠠᠬᠤ ᠶᠢ ᠦᠨᠡᠨᠬᠦ ᠪᠠᠲᠤᠯᠠᠨ᠂ ᠰᠦᠶᠳᠬᠡᠯ ᠬᠤᠷᠢᠶᠠᠬᠤ ᠥᠷᠲᠡᠭᠡ ᠶᠢᠨ ᠣᠷᠣᠵᠤ ᠭᠠᠷᠬᠤ ᠭᠠᠵᠠᠷ ᠤᠨ ᠬᠡᠮᠵᠢᠯᠲᠡ ᠶᠢᠨ ᠪᠣᠭᠤᠮᠲᠠ ᠶᠢ ᠴᠢᠩᠭ᠎ᠠ ᠠᠳᠬᠤᠵᠤ᠂ ᠥᠷᠭᠡᠨ ᠣᠯᠠᠨ ᠵᠢᠯᠣᠭᠤᠴᠢ ᠪᠠ ᠠᠶᠠᠨᠴᠢᠳ ᠲᠤ ᠨᠠᠩ ᠭᠦᠶᠴᠡᠳ᠂ ᠲᠥᠪ ᠭᠤᠤᠯᠴᠢ ᠦᠶᠯᠡᠴᠢᠯᠡᠭᠡ ᠬᠠᠩᠭᠠᠬᠤ ᠪᠣᠯᠤᠨ᠎ᠠ᠃
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ