3 ᠰᠠᠷ᠎ᠠ ᠶᠢᠨ 11 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ | ᠶᠧ ᠨᠡᠷ ᠪᠠᠶ᠋ᠬᠠᠤᠯᠠᠭᠠᠨ ᠰᠤᠮᠤᠨ ᠳᠤ ᠬᠦᠨᠵᠡᠬᠡᠶᠢᠷᠡᠨ ︽ᠤᠯᠤᠰ ᠤᠨ ᠮᠥᠩᠭᠦᠨ ᠭᠦᠶᠯᠭᠡᠭᠡᠨ ᠤ ᠵᠢᠭᠡᠯᠡᠯᠭᠡ ᠶᠢ ᠤᠷᠳᠤᠤᠨᠬᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ ᠮᠠᠯᠴᠢᠨ ᠲᠠᠷᠢᠶᠠᠴᠢᠨ ᠵᠢᠴᠢ ᠵᠢᠵᠢᠭ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ ᠳᠤ ᠦᠶᠯᠡᠴᠢᠯᠡᠬᠦ︾ ᠲᠤᠰᠬᠠᠶ ᠰᠡᠳᠦᠪᠲᠦ | ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠰᠤᠮᠤᠨ ᠤ ᠤᠳᠤᠷᠢᠳᠤᠯᠭ᠎ᠠ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ ᠳᠤ | ᠣᠷᠣᠯᠴᠠᠪᠠ᠃ | | | | | | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠶᠢᠨ ᠲᠤᠰᠬᠠᠭᠰᠠᠨ ᠢ ᠦᠨᠳᠦᠰᠦᠯᠡᠪᠡᠯ᠂ ᠮᠠᠯᠴᠢᠳ ᠲᠤ ᠨᠡᠶᠢᠳᠡᠮ ᠳᠡᠭᠡᠨ | ᠵᠢᠭᠡᠯᠡᠯᠭᠡ ᠲᠠᠢ᠂ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠥᠨᠳᠥᠷ᠂ ᠳᠥᠯᠥᠬᠦ ᠴᠢᠳᠠᠪᠤᠷᠢ ᠠᠨᠠᠶ ᠵᠡᠷᠭᠡ ᠪᠠᠶᠢᠳᠠᠯ ᠣᠷᠣᠰᠢᠵᠤ ᠪᠠᠶᠢᠨ᠎ᠠ᠃ ᠬᠤᠷᠠᠯ ᠳᠡᠭᠡᠷ᠎ᠡ | ᠮᠠᠯᠴᠢᠤᠨ ᠤᠨ ᠭᠡᠷ ᠪᠦᠯᠢ ᠶᠢᠨ ᠬᠥᠮᠦᠨ ᠠᠮᠠ᠂ ᠮᠠᠯ ᠤᠨ ᠲᠤᠭ᠎ᠠ ᠲᠣᠯᠣᠭᠠᠶ᠂ ᠨᠤᠲᠤᠭ ᠪᠡᠯᠴᠢᠭᠡᠷ ᠤᠨ ᠲᠠᠯᠠᠪᠠᠶ᠂ ᠵᠢᠭᠡᠯᠡᠯᠭᠡ ᠶᠢᠨ ᠪᠠᠶᠢᠳᠠᠯ ︵ᠪᠠᠩᠬᠢ ᠶᠢᠨ ᠵᠢᠭᠡᠯᠡᠯᠭᠡ | ᠵᠢᠴᠢ ᠠᠷᠠᠳ ᠤᠨ ᠬᠤᠭᠤᠷᠣᠨᠳᠣᠬᠢ ᠵᠢᠭᠡᠯᠡᠯᠭᠡ︶᠂ ᠮᠠᠯ ᠤᠨ ᠭᠠᠷᠭᠠᠯᠲᠠ ᠪᠠ ᠡᠪᠡᠰᠦ ᠪᠣᠷᠳᠤᠭ᠎ᠠ ᠨᠥᠭᠡᠴᠡᠯᠡᠭᠰᠡᠨ ᠪᠠᠶᠢᠳᠠᠯ᠂ ᠣᠷᠣᠯᠭ᠎ᠠ ᠵᠠᠷᠤᠯᠭ᠎ᠠ ᠶᠢᠨ ᠪᠠᠶᠢᠳᠠᠯ | ᠵᠢᠴᠢ ᠵᠢᠭᠡᠯᠡᠯᠭᠡ ᠪᠠᠨ ᠪᠤᠴᠠᠭᠠᠬᠤ ᠴᠢᠳᠠᠪᠤᠷᠢ ᠵᠡᠷᠭᠡ ᠲᠠᠯ᠎ᠠ ᠪᠠᠷ ᠶᠠᠷᠢᠯᠴᠠᠪᠠ᠃ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠠᠴᠠ ᠣᠶᠢᠯᠭᠠᠭᠰᠠᠨ ᠢᠶᠠᠷ 90% | ᠠᠴᠠ ᠳᠡᠭᠡᠭᠰᠢᠬᠢ ᠮᠠᠯᠴᠢᠨ ᠡᠷᠦᠬᠡ ᠪᠦᠷ ᠵᠢᠭᠡᠯᠡᠯᠭᠡ ᠲᠠᠢ᠂ ᠲᠡᠷᠡᠴᠢᠯᠡᠨ ᠤᠶᠢᠷ᠎ᠠ ᠶᠢᠨ ᠬᠤᠶᠠᠷ ᠵᠢᠯ ᠳᠤ ᠮᠠᠯ ᠤᠨ ᠦᠨ᠎ᠡ ᠵᠠᠯᠭᠠᠭ᠎ᠠ ᠪᠠᠷ ᠪᠠᠭᠤᠷᠠᠵᠤ᠂ ᠡᠪᠡᠰᠦ | ᠪᠣᠷᠳᠣᠭᠠᠨ ᠤ ᠦᠨ᠎ᠡ ᠥᠰᠦᠭᠰᠡᠨ ᠠᠴᠠ ᠮᠠᠯᠴᠢᠳ ᠵᠢᠭᠡᠯᠡᠯᠭᠡ ᠪᠠᠨ ᠪᠤᠴᠠᠭᠠᠬᠤ ᠳᠤ ᠨᠡᠯᠢᠶᠡᠳ ᠬᠦᠴᠢᠷᠲᠡᠶ ᠪᠠᠶᠢᠨ᠎ᠠ᠃ | ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠳᠠᠮᠵᠢᠭᠤᠯᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠭᠡᠰᠢᠭᠦᠨ ᠵᠢᠴᠢ ᠰᠤᠮᠤᠨ ᠤ ᠤᠳᠤᠷᠢᠳᠬᠤ ᠪᠠᠭ᠂ ᠡᠯ᠎ᠡ ᠭᠠᠴᠠᠭᠠᠨ ᠤ ᠱᠦᠵᠢ ᠰᠤᠮᠤᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠬᠡᠳᠦᠨ ᠵᠦᠶᠯ ᠤᠨ ᠬᠠᠨᠳᠤᠯᠭᠠᠲᠤ ᠴᠢᠨᠠᠷᠲᠠᠶ ᠰᠠᠨᠠᠯ ᠪᠠ ᠰᠠᠨᠠᠭᠤᠯᠭ᠎ᠠ ᠳᠤᠷᠠᠳᠪᠠ᠄ ᠨᠢᠭᠡ ᠳᠤ᠂ ᠮᠠᠯᠴᠢᠳ ᠢ | ᠮᠠᠯ ᠰᠦᠷᠦᠭ ᠢᠶᠠᠨ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠶᠢ ᠬᠦᠳᠦᠯᠦᠨ ᠵᠢᠯᠤᠭᠤᠤᠨᠴᠦ᠂ ᠣᠷᠣᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ | ᠥᠷᠭᠡᠳᠬᠡᠨ᠂ ᠮᠠᠯᠴᠢᠳ ᠤᠨ ᠵᠢᠭᠡᠯᠡᠯᠭᠡ ᠶᠢᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠎ᠡ᠃ ᠬᠤᠶᠠᠷ ᠲᠤ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠢ | ᠵᠣᠬᠢᠴᠠᠭᠤᠯᠵᠤ ᠪᠠᠶᠢᠭᠠᠳ᠂ ᠠᠯᠬᠤᠮ ᠳᠠᠷᠠᠭ᠎ᠠ ᠶᠢ ᠳᠥᠭᠦᠮᠴᠢᠯᠡᠨ᠂ ᠦᠨᠳᠦᠰᠦᠨ ᠨᠥᠬᠦᠴᠡᠯ ᠳᠤ ᠨᠡᠶᠢᠴᠡᠭᠰᠡᠨ ᠮᠠᠯᠵᠢᠬᠤ ᠡᠷᠦᠭᠡ ᠳᠤ ᠵᠢᠭᠡᠯᠡᠯᠭᠡ ᠶᠢᠨ ᠬᠤᠭᠤᠴᠠᠭ᠎ᠠ | ᠶᠢ ᠤᠷᠲᠤᠳᠬᠠᠨ ᠥᠭᠴᠦ᠂ ᠮᠠᠯᠴᠢᠳ ᠢ ᠬᠠᠪᠰᠤᠷᠤᠨ ᠬᠦᠴᠢᠷᠳᠡᠯᠲᠡᠢ ᠬᠤᠭᠤᠴᠠᠭ᠎ᠠ ᠶᠢ ᠨᠢ ᠥᠩᠭᠡᠷᠡᠭᠦᠯᠵᠦ ᠥᠭᠭᠦᠨ᠎ᠡ᠃ ᠭᠤᠷᠪᠠ ᠳᠤ᠂ ᠬᠤᠯᠪᠣᠭᠳᠠᠯ ᠪᠦᠬᠦᠢ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠠᠷᠠᠳ ᠤᠨ ᠳᠤᠮᠳᠠᠬᠢ ᠵᠢᠭᠡᠯᠡᠯᠭᠡ ᠶᠢ ᠵᠢᠷᠤᠮᠵᠢᠭᠤᠯᠵᠤ᠂ ᠥᠨᠳᠥᠷ ᠬᠦᠦ ᠲᠠᠢ ᠵᠢᠭᠡᠯᠡᠯᠭᠡ ᠶᠢᠨ ᠦᠵᠡᠭᠳᠡᠯ ᠳᠤ | ᠴᠢᠩᠭ᠎ᠠ ᠴᠣᠬᠢᠯᠲᠠ ᠦᠭᠬᠦᠨ᠎ᠡ᠃ | | |