︽ᠲᠤᠶᠠᠭ᠎ᠠ ︾ ᠨᠡᠷᠡᠮᠵᠢᠳᠦ ᠡᠮᠡᠭᠲᠡᠶᠢᠴᠦᠳ ᠤᠨ ᠠᠷᠠᠳ ᠲᠤ ᠲᠥᠬᠦᠮ ᠦᠵᠡᠭᠦᠯᠵᠣ ᠨᠠᠰᠤᠲᠠᠶᠢᠴᠤᠳ ᠲᠤ ᠦᠢᠯᠡᠴᠢᠯᠡᠬᠦ ᠲᠥᠪ ᠨᠢ ᠬᠠᠶᠢᠷ᠎ᠠ ᠬᠠᠯᠠᠮᠵᠢ ᠪᠣᠯᠤᠨ ᠠᠵᠢᠯᠯᠠᠭ᠎ᠠ ᠪᠠᠷ ᠢᠶᠠᠨ ᠨᠠᠰᠤᠲᠠᠶᠢᠴᠤᠳ ᠤᠨ ᠠᠮᠢᠳᠤᠷᠠᠯ ᠢ ᠭᠡᠷᠡᠯᠳᠦᠭᠦᠯᠵᠣ ᠪᠣᠢ
ᠨᠡᠶᠢᠲᠡᠯᠡᠭᠰᠡᠨ ᠴᠠᠭ᠄
2025/3/13
    ︽ ᠲᠤᠶᠠᠭ᠎ᠠ︾ ᠨᠡᠷᠡᠮᠵᠢᠳᠦ ᠡᠮᠡᠭᠲᠡᠶᠢᠴᠦᠳ ᠤᠨ ᠠᠷᠠᠳ ᠲᠤ ᠲᠥᠬᠦᠮ ᠦᠵᠡᠭᠦᠯᠵᠣ ᠨᠠᠰᠤᠲᠠᠶᠢᠴᠤᠳ  ᠲᠤ ᠦᠢᠯᠡᠴᠢᠯᠡᠬᠦ ᠲᠥᠪ ᠨᠢ ᠨᠠᠰᠤᠲᠠᠶᠢᠴᠤᠳ ᠲᠤ ᠦᠢᠯᠡᠴᠢᠯᠡᠬᠦ ᠪᠠᠷ ᠭᠤᠤᠯ ᠪᠣᠯᠭᠠᠭᠰᠠᠨ ᠨᠡᠶᠢᠲᠡ ᠶᠢᠨ ᠠᠰᠠᠷᠠᠮᠵᠢ ᠶᠢᠨ ᠪᠠᠶᠢᠭᠤᠯᠤᠮᠵᠢ ᠪᠣᠯᠤᠭᠰᠠᠨ ᠤ ᠬᠤᠪᠢ ᠳᠤ᠂ ︽ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ︾ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠣᠯᠠᠨ ᠡᠰᠢᠵᠢᠭᠰᠡᠨ ᠦᠢᠯᠡᠴᠢᠯᠡᠭᠡ ᠪᠠ ᠳᠣᠲᠣᠨᠣ ᠬᠠᠯᠠᠮᠵᠢᠯᠠᠯ ᠢᠶᠠᠷ ᠳᠠᠮᠵᠢᠭᠤᠯᠤᠨ᠂ ᠨᠠᠰᠤᠲᠠᠶᠢᠴᠤᠳ ᠲᠤ ᠨᠢᠭᠡᠨ ᠬᠠᠯᠠᠭᠤᠨ ᠳᠤᠯᠠᠭᠠᠨ ᠬᠡᠷ ᠣᠷᠣᠨ ᠢ ᠪᠣᠶ ᠪᠣᠯᠭᠠᠵᠤ ᠦᠭᠪᠡ ᠃     ᠦᠢᠯᠡᠴᠢᠯᠡᠭᠡᠨ ᠤ ᠲᠥᠪ ᠲᠤ ᠣᠷᠣᠪᠠᠯ ᠬᠠᠯᠠᠭᠤᠨ ᠳᠣᠲᠣᠨᠣᠰᠤᠭ ᠬᠠᠯᠠᠮᠵᠢᠯᠠᠯ ᠤᠨ ᠣᠷᠴᠢᠨ ᠠᠬᠤᠢ ᠢᠯᠡᠷᠡᠵᠦ᠂ ᠲᠤᠶᠠᠭ᠎ᠠ ᠶᠠᠭ ᠨᠠᠰᠣᠲᠠᠨ  ᠳᠤ ᠰᠡᠳᠭᠢᠯ ᠲᠠᠯᠪᠢᠨ ᠴᠢᠰᠤᠨ ᠳᠠᠷᠤᠯᠲᠠ ᠶᠢ ᠨᠢ ᠬᠡᠮᠵᠢᠵᠦ ᠪᠠᠶᠢᠯ᠎ᠠ᠃ ᠲᠡᠷᠡ ᠨᠠᠰᠤᠲᠠᠨ ᠤ ᠪᠡᠶ᠎ᠡ ᠶᠢᠨ ᠪᠠᠶᠢᠳᠠᠯ ᠢ ᠠᠰᠠᠭᠤᠬᠤ ᠶᠢᠨ ᠬᠠᠮᠲᠤ ᠲᠤᠭ᠎ᠠ ᠪᠠᠷᠢᠮᠲᠠ ᠶᠢ ᠬᠦᠯᠢᠴᠡᠩᠭᠦᠢ ᠪᠠᠷ ᠲᠡᠮᠳᠡᠭᠯᠡᠵᠦ᠂ ᠨᠠᠰᠤᠲᠠᠨ ᠢ ᠢᠳᠡᠵᠣ ᠣᠣᠭᠤᠬᠤ ᠪᠠ ᠠᠮᠠᠷᠠᠬᠤ ᠪᠠᠨ ᠠᠩᠬᠠᠷᠬᠤ ᠬᠡᠷᠡᠭᠲᠡᠢ ᠭᠡᠵᠦ ᠵᠠᠬᠢᠪᠠ᠃ ᠨᠠᠰᠣᠲᠠᠨ ᠳᠠᠬᠢᠨ ᠳᠠᠬᠢᠨ ᠲᠣᠯᠣᠭᠠᠢ ᠪᠠᠨ ᠳᠣᠬᠢᠵᠣ ᠪᠠᠶᠠᠰᠣᠩᠭᠤᠢ ᠪᠦᠭᠡᠳ ᠠᠮᠣᠷᠯᠢᠩᠭᠤᠢ ᠪᠠᠶᠢᠵᠣ᠂ ᠡᠶᠢᠮᠦ ᠦᠵᠡᠭᠳᠡᠯ ᠨᠢ ᠨᠠᠰᠤᠲᠠᠶᠢᠴᠤᠳ ᠤᠨ ᠦᠢᠯᠡᠴᠢᠯᠡᠭᠡᠨ ᠤ ᠲᠥᠪ ᠤᠨ ᠡᠳᠦᠷ ᠲᠤᠲᠤᠮ ᠤᠨ ᠠᠵᠢᠯ ᠤᠨ ᠬᠤᠷᠢᠶᠠᠩᠭᠤᠢ ᠳᠦᠷᠰᠦ ᠪᠠᠶᠢᠯ᠎ᠠ᠃     ᠲᠥᠪ ᠤᠨ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠲᠤᠶᠠᠭ᠎ᠠ ᠥᠪᠡᠷ ᠤᠨ ᠪᠡᠶ᠎ᠡ ᠪᠠᠷ ᠢᠶᠠᠨ ᠦᠢᠯᠡᠴᠢᠯᠡᠭᠡ  ᠳᠤ ᠣᠷᠣᠯᠴᠠᠬᠤ  ᠪᠠᠷ ᠪᠠᠷᠠᠬᠤ ᠦᠭᠡᠢ ᠪᠠᠰᠠ ᠪᠦᠯᠬᠦᠮ ᠢᠶᠠᠨ ᠳᠠᠭᠠᠭᠤᠯᠤᠨ ᠨᠠᠰᠤᠲᠠᠶᠢᠴᠤᠳ ᠲᠤ ᠡᠷᠡᠭᠦᠯ ᠮᠡᠨᠳᠦ ᠶᠢᠨ ᠪᠠᠶᠢᠴᠠᠭᠠᠯᠲᠠ᠂ ᠠᠮᠢᠳᠤᠷᠠᠯ ᠤᠨ ᠬᠠᠷᠠᠭᠠᠯᠵᠠᠯ᠂ ᠰᠣᠶᠣᠯ ᠴᠡᠩᠭᠡᠯ ᠵᠡᠷᠭᠡ ᠤᠯᠠᠨ ᠡᠰᠢᠴᠢᠯᠡᠭᠰᠡᠨ ᠦᠢᠯᠡᠴᠢᠯᠡᠭᠡ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ ᠡᠮᠡᠭᠲᠡᠶᠢᠴᠦᠳ ᠤᠨ ᠬᠠᠷᠢᠭᠤᠴᠠᠯᠭ᠎ᠠ ᠪᠠ ᠡᠭᠦᠷᠭᠡᠯᠡᠯ ︾ ᠢ ᠲᠠᠶᠢᠯᠪᠤᠷᠢᠯᠠᠪᠠ᠃     ᠡᠮᠡᠭᠲᠡᠶᠢᠴᠦᠳ ᠤᠨ ᠠᠷᠠᠳ ᠲᠤ ᠲᠥᠬᠦᠮ ᠦᠵᠡᠭᠦᠯᠵᠣ ᠨᠠᠰᠤᠲᠠᠶᠢᠴᠤᠳ  ᠲᠤ  ᠦᠢᠯᠡᠴᠢᠯᠡᠬᠦ ᠲᠥᠪ ᠤᠨ ᠬᠠᠷᠢᠭᠤᠴᠠᠯᠭᠠᠲᠠᠨ ᠲᠤᠶᠠᠭ᠎ᠠ᠄ ︽ᠡᠳᠦᠷ ᠲᠤᠲᠤᠮ ᠤᠨ ᠠᠮᠢᠳᠤᠷᠠᠯ ᠢ ᠬᠠᠷᠠᠭᠠᠯᠵᠠᠬᠤ᠂ ᠡᠷᠡᠭᠦᠯ ᠮᠡᠨᠳᠦ ᠶᠢᠨ ᠵᠥᠪᠯᠡᠯᠭᠡ᠂ ᠰᠣᠶᠣᠯ ᠴᠡᠩᠭᠡᠯ ᠤᠨ ᠠᠵᠢᠯᠯᠠᠭ᠎ᠠ ᠵᠡᠷᠭᠡ  ᠪᠠᠷ ᠨᠠᠰᠤᠲᠠᠨ ᠳᠤ ᠬᠠᠯᠠᠭᠤᠨ ᠳᠤᠯᠠᠭᠠᠨ᠂ ᠲᠠᠭᠠᠯᠠᠮᠵᠢᠲᠠᠶ ᠭᠡᠷ ᠣᠷᠣᠨ ᠪᠠᠶᠢᠭᠤᠯᠵᠤ ᠥᠭᠬᠦ ᠶᠢ ᠬᠦᠰᠡᠵᠦ ᠪᠠᠶᠢᠨ᠎ᠠ᠃ ᠣᠳᠣᠬᠠᠨ ᠪᠣᠯᠲᠠᠯ᠎ᠠ᠂ 1000 ᠭᠠᠷᠤᠶ ᠨᠠᠰᠤᠲᠠᠨ ᠳᠤ ᠬᠠᠪᠰᠤᠷᠤᠯᠭ᠎ᠠ ᠦᠵᠡᠭᠦᠯᠪᠡ᠃ ᠢᠷᠡᠭᠡᠳᠦᠢ ᠳᠤ ᠦᠢᠯᠡᠴᠢᠯᠡᠭᠡᠨ ᠤ ᠠᠭᠤᠯᠭ᠎ᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠨᠡᠩ ᠤᠯᠠᠨ ᠨᠠᠰᠤᠲᠠᠶᠢᠴᠤᠳ ᠲᠤ ᠬᠠᠪᠰᠤᠷᠤᠯᠭ᠎ᠠ ᠦᠵᠡᠭᠦᠯᠬᠦ ᠪᠠᠷ ᠴᠢᠷᠮᠠᠶᠢᠨ᠎ᠠ︾ ᠭᠡᠵᠦ ᠬᠡᠯᠡᠪᠡ᠃     ᠣᠶᠢᠯᠠᠭᠠᠭᠰᠠᠨ ᠢᠶᠠᠷ᠂ ︽ᠲᠤᠶᠠᠭ᠎ᠠ ︾ ᠨᠡᠷᠡᠮᠵᠢᠳᠦ ᠡᠮᠡᠭᠲᠡᠶᠢᠴᠦᠳ ᠤᠨ ᠠᠷᠠᠳ ᠲᠤ ᠲᠥᠬᠦᠮ ᠦᠵᠡᠭᠦᠯᠵᠣ ᠨᠠᠰᠤᠲᠠᠶᠢᠴᠤᠳ  ᠲᠤ ᠦᠢᠯᠡᠴᠢᠯᠡᠬᠦ ᠲᠥᠪ ᠪᠠᠶᠢᠭᠤᠯᠤᠭᠳᠠᠭᠰᠠᠨ ᠠᠴᠠ ᠨᠠᠰᠢ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠲᠡ ᠶᠢᠨ ᠠᠰᠠᠷᠠᠮᠵᠢ ᠶᠢᠨ ᠡᠭᠦᠷᠭᠡ ᠶᠢ ᠦᠢᠯᠡᠳᠦᠯᠭᠡᠵᠢᠭᠦᠯᠬᠦ ᠶᠢ ᠢᠮᠠᠭᠲᠠ ᠪᠠᠷᠢᠮᠲᠠᠯᠠᠪᠠ᠃ ᠣᠲᠣ ᠪᠣᠯᠲᠠᠯ᠎ᠠ᠂ ᠲᠥᠪ ᠠᠴᠠ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠠᠵᠢᠯᠯᠠᠭ᠎ᠠ ᠶᠢ ᠨᠡᠶᠢᠲᠡ 281 ᠤᠳᠠᠭ᠎ᠠ ᠥᠷᠨᠢᠭᠦᠯᠵᠦ᠂ ᠡᠷᠦᠬᠡ ᠳᠤ ᠣᠷᠣᠵᠤ 268 ᠤᠳᠠᠭ᠎ᠠ ᠨᠠᠰᠤᠲᠠᠶᠢᠴᠤᠳ ᠢ ᠬᠠᠪᠰᠤᠷᠤᠨ 398 ᠤᠳᠠᠭ᠎ᠠ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠲᠤ 686 ᠬᠥᠮᠦᠨ ᠤᠳᠠᠭ᠎ᠠ ᠦᠰᠦ ᠵᠠᠰᠠᠵᠤ᠂ ᠬᠡᠷ ᠤᠨ ᠶᠠᠪᠤᠳᠠᠯ ᠤᠨ ᠦᠢᠯᠡᠴᠢᠯᠡᠭᠡ ᠶᠢ 118 ᠤᠳᠠᠭ᠎ᠠ ᠪᠡᠶᠡᠯᠡᠭᠦᠯᠵᠦ᠂ 268  ᠣᠳᠠᠭ᠎ᠠ  ᠡᠷᠦᠬᠡ ᠳᠤ ᠣᠷᠣᠵᠤ ᠨᠠᠰᠤᠲᠠᠶᠢᠴᠤᠳ ᠲᠤ ᠵᠢᠷᠦᠬᠡᠨ ᠤ ᠯᠤᠭᠰᠢᠯᠲᠠ ᠶᠢᠨ ᠵᠢᠷᠤᠭ ᠤᠨ ᠪᠠᠶᠢᠴᠠᠭᠠᠯᠲᠠ ᠬᠢᠵᠦ᠂ 27 ᠬᠥᠮᠦᠨ ᠤᠳᠠᠭ᠎ᠠ  ᠳᠤ ᠢᠯᠢᠵᠦ ᠨᠤᠬᠤᠯᠠᠬᠤ ᠦᠢᠯᠡᠴᠢᠯᠡᠭᠡ ᠬᠠᠩᠭᠠᠵᠤ᠂ 261 ᠤᠶᠤᠨᠲᠤ ᠭᠠᠷ ᠴᠠᠭ ᠲᠠᠷᠬᠠᠭᠠᠵᠤ᠂ ᠬᠤᠭᠤᠯᠠ ᠣᠮᠳᠠᠭᠠᠨ ᠤ ᠦᠢᠯᠡᠴᠢᠯᠡᠭᠡ ᠨᠢ ᠨᠡᠶᠢᠲᠡ 4094 ᠬᠥᠮᠦᠨ ᠤᠳᠠᠭ᠎ᠠ ᠶᠢ ᠬᠠᠮᠣᠷᠴᠠᠢ᠃ ᠡᠳᠡᠭᠡᠷ ᠲᠣᠭᠠᠨ ᠤ ᠠᠷᠤ ᠳᠤ ᠨᠠᠰᠣᠳᠠᠶᠢᠴᠣᠳ ᠲᠤ ᠦᠢᠯᠡᠴᠢᠯᠡᠬᠦ ᠲᠥᠪ ᠤᠨ ᠪᠦᠯᠬᠦᠮ ᠨᠡᠶᠢᠲᠡ ᠶᠢᠨ ᠨᠠᠰᠤᠲᠠᠶᠢᠴᠤᠳ ᠢ ᠭᠦᠨ ᠬᠠᠯᠠᠮᠵᠢᠯᠠᠵᠤ ᠪᠠᠶᠢᠬᠤ ᠪᠠ ᠬᠠᠷᠠᠮ ᠦᠭᠡᠢ ᠵᠣᠷᠢᠭᠤᠯᠵᠤ ᠪᠠᠶᠢᠬᠤ ᠶᠢ ᠬᠠᠷᠠᠭᠤᠯᠵᠣ ᠪᠠᠶᠢᠬᠤ ᠪᠠᠷ ᠪᠠᠷᠠᠬᠤ ᠦᠭᠡᠢ ᠪᠠᠰᠠ ︽ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ︾ ᠣᠶᠢᠯᠠᠭᠠᠭᠳᠠᠬᠤᠨ ᠤ ᠠᠮᠢᠳᠤᠯᠢᠭ ᠢᠯᠡᠷᠡᠯ ᠪᠣᠯᠤᠨ᠎ᠠ᠃ 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ