ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶ᠎ᠠ ᠺᠠᠳ᠋ᠷᠴᠤᠤᠨ ᠤᠨ ᠬᠠᠮᠢᠶᠠᠷᠤᠯᠲᠠ ᠶᠢᠨ ᠬᠡᠪ ᠴᠢᠳᠠᠪᠤᠷᠢ ᠶᠢ ᠳᠡᠭᠡᠭᠰᠢᠯᠡᠭᠦᠯᠬᠦ ᠲᠠᠶᠢᠯᠤᠮᠵᠢ ᠡᠷᠬᠢᠯᠡᠪᠡ
ᠨᠡᠶᠢᠲᠡᠯᠡᠭᠰᠡᠨ ᠴᠠᠭ᠄
2025/3/13
    ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶ᠎ᠠ ᠺᠠᠳ᠋ᠷᠴᠤᠤᠨ ᠤᠨ ᠤᠳᠤᠷᠢᠳᠬᠤ ᠬᠦᠴᠦᠨ᠂ ᠭᠦᠢᠴᠡᠳᠬᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠮᠢᠶᠠᠷᠤᠯᠲᠠ ᠶᠢᠨ ᠳᠠᠯᠳᠠ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠂ ᠲᠤᠬᠠᠶᠢᠯᠠᠭᠰᠠᠨ ᠠᠵᠢᠯ᠂ ᠰᠡᠳᠬᠢᠬᠦᠢ᠂ ᠬᠠᠮᠢᠶᠠᠷᠤᠯᠲᠠ ᠶᠢᠨ ᠪᠦᠬᠦ ᠲᠠᠯ᠎ᠠ ᠶᠢᠨ ᠴᠢᠳᠠᠪᠤᠷᠢ ᠶᠢ ᠲᠡᠭᠡᠭᠰᠢᠯᠡᠬᠦᠯᠬᠦ ᠶᠢᠨ ᠲᠥᠯᠥᠭᠡ᠂ 3 ᠰᠠᠷ᠎ᠠ ᠶᠢᠨ 10 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠵᠠᠩ ᠴᠦᠨ ᠴᠢᠨ ᠪᠥᠬᠦ ᠬᠤᠷᠢᠶᠠᠨ ᠤ ᠪᠠᠶᠢᠴᠠᠭᠠᠬᠤ ᠠᠵᠢᠯᠲᠠᠨ ᠳᠤ ᠺᠠᠳ᠋ᠷᠴᠤᠤᠨ ᠤᠨ ᠬᠠᠮᠢᠶᠠᠷᠤᠯᠲᠠ ᠶᠢᠨ ᠬᠡᠪ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠲᠠᠶᠢᠯᠤᠮᠵᠢ ᠬᠢᠪᠠ᠃
乌拉特中旗检察院举办中层干部管理素能提升讲座 11.jpg
    ᠲᠠᠶᠢᠯᠤᠮᠵᠢ ᠳᠤ᠂ ᠪᠠᠶᠢᠴᠠᠭᠠᠬᠤ ᠳᠠᠷᠤᠭ᠎ᠠ ᠵᠠᠩ ᠴᠦᠨ ᠴᠢᠨ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠳᠤᠮᠳᠠ ᠳᠠᠪᠬᠤᠷᠭ᠎ᠠ ᠶᠢᠨ ᠺᠠᠳ᠋ᠷᠴᠤᠤᠨ ᠤᠨ ᠬᠠᠮᠢᠶᠠᠷᠤᠯᠲᠠ ᠶᠢᠨ ᠴᠢᠳᠠᠪᠤᠷᠢ ᠪᠠ ᠤᠳᠤᠷᠢᠳᠬᠤ ᠬᠦᠴᠦᠨ ᠢ ᠳᠡᠭᠡᠭᠰᠢᠯᠡᠭᠦᠯᠬᠦ ᠠᠷᠭ᠎ᠠ ᠪᠣᠳᠣᠯᠭ᠎ᠠ︾ ᠭᠡᠬᠦ ᠰᠡᠳᠦᠪ ᠢᠶᠠᠷ᠂ ᠳᠤᠮᠳᠠ ᠳᠠᠪᠬᠤᠷᠭ᠎ᠠ ᠶᠢᠨ ᠤᠳᠤᠷᠢᠳᠬᠤ ᠺᠠᠳ᠋ᠷᠴᠤᠤᠨ ᠤᠨ ᠳᠦᠷᠢ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠪᠦᠷᠢᠯᠳᠦᠭᠦᠯᠬᠦ ᠴᠢᠬᠤᠯᠠᠲᠠᠶ ᠰᠡᠳᠬᠢᠯ ᠤᠨ ᠪᠠᠶᠢᠳᠠᠯ ᠪᠠ ᠴᠢᠳᠠᠪᠤᠷᠢ᠂ ᠳᠣᠷᠣᠭᠰᠢ ᠪᠠᠨ ᠬᠠᠮᠢᠶᠠᠷᠬᠤ᠂ ᠳᠡᠭᠡᠭᠰᠢ ᠪᠠᠨ ᠬᠠᠮᠢᠶᠠᠷᠬᠤ ᠪᠠ ᠬᠥᠨᠳᠡᠯᠡᠨ ᠢᠶᠠᠷ ᠬᠠᠮᠢᠶᠠᠷᠬᠤ ᠵᠡᠷᠭᠡ ᠲᠠᠯ᠎ᠠ ᠪᠠᠷ ᠨᠠᠷᠢᠨ ᠭᠦᠨᠵᠡᠭᠡᠶ ᠲᠠᠶᠢᠯᠤᠮᠵᠢ ᠬᠢᠭᠰᠡᠨ ᠪᠠᠶᠢᠨ᠎ᠠ᠃ ᠠᠮᠢᠳᠤᠯᠢᠭ ᠪᠣᠳᠠᠲᠠᠶ ᠬᠡᠷᠡᠭ ᠤᠨ ᠵᠢᠱᠢᠶ᠎ᠡ ᠶᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠣᠯᠠᠨ ᠳᠤ ᠬᠡᠷᠬᠢᠨ ᠠᠵᠢᠯᠳᠠᠤᠨ ᠤᠨ ᠡᠩᠨᠡᠭᠡ ᠪᠠᠨ ᠰᠠᠶᠢᠲᠤᠷ ᠳᠠᠭᠠᠭᠤᠯᠬᠤ᠂ ᠬᠡᠷᠬᠢᠨ ᠬᠥᠮᠦᠰ ᠤᠨ ᠬᠤᠭᠤᠷᠣᠨᠳᠣᠬᠢ ᠬᠠᠷᠢᠴᠠᠭ᠎ᠠ ᠶᠢᠨ ᠤᠷᠤᠭᠰᠢᠲᠠᠶ ᠪᠠᠶᠢᠬᠤ ᠶᠢ ᠦᠨᠡᠨᠬᠦ ᠪᠠᠲᠤᠯᠠᠬᠤ ᠲᠤᠬᠠᠶ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠶᠠᠷᠢᠵᠤ᠂ ᠳᠤᠮᠳᠠ ᠳᠠᠪᠬᠤᠷᠭ᠎ᠠ ᠶᠢᠨ ᠺᠠᠳ᠋ᠷᠴᠤᠳ ᠲᠤ ᠠᠵᠢᠯᠳᠠᠤᠨ ᠤᠨ ᠡᠩᠨᠡᠭᠡ ᠶᠢᠨ ᠬᠠᠮᠢᠶᠠᠷᠤᠯᠲᠠ ᠶᠢᠨ ᠠᠷᠭ᠎ᠠ ᠪᠠ ᠦᠶᠯᠡᠳᠦᠯᠭᠡ ᠶᠢᠨ ᠪᠦᠷᠢᠨ ᠲᠥᠬᠦᠷ ᠪᠣᠳᠠᠲᠠᠶ ᠵᠦᠭᠯᠡᠭᠦᠷ ᠬᠠᠩᠭᠠᠪᠠ᠃
乌拉特中旗检察院举办中层干部管理素能提升讲座 22.jpg
    ᠲᠠᠶᠢᠯᠤᠮᠵᠢ ᠳᠤ ᠣᠷᠣᠯᠴᠠᠭᠰᠠᠨ ᠪᠠᠶᠢᠴᠠᠭᠠᠬᠤ ᠠᠵᠢᠯᠲᠠᠳ᠂ ᠲᠣᠰ ᠤᠳᠠᠭᠠᠨ ᠤ ᠲᠠᠶᠢᠯᠤᠮᠵᠢ ᠨᠢ ᠣᠯᠠᠨ ᠤ ᠤᠳᠤᠷᠢᠳᠬᠤ ᠴᠢᠳᠠᠪᠤᠷᠢ᠂ ᠰᠤᠷᠤᠯᠴᠠᠬᠤ ᠴᠢᠳᠠᠪᠤᠷᠢ᠂ ᠵᠣᠬᠢᠶᠠᠨ ᠪᠠᠶᠢᠭᠤᠯᠬᠤ ᠴᠢᠳᠠᠪᠤᠷᠢ᠂ ᠬᠠᠷᠢᠯᠴᠠᠬᠤ ᠴᠢᠳᠠᠪᠤᠷᠢ ᠵᠡᠷᠭᠡ ᠲᠠᠯ᠎ᠠ ᠶᠢᠨ ᠮᠡᠳᠡᠯᠭᠡ ᠶᠢ ᠳᠡᠭᠡᠭᠰᠢᠯᠡᠭᠦᠯᠦᠭᠰᠡᠨ ᠪᠥᠭᠡᠳ ᠰᠡᠩᠬᠡᠷᠡᠭᠦᠯᠦᠯ ᠵᠣᠷᠢᠭᠵᠢᠭᠤᠯᠤᠯ ᠤᠯᠭᠤᠭᠰᠠᠨ ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ᠂ ᠰᠤᠷᠤᠯᠴᠠᠬᠤ ᠬᠡᠷᠡᠭᠯᠡᠬᠦ ᠶᠢ ᠤᠶᠠᠯᠳᠤᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠠᠶᠢᠴᠠᠭᠠᠬᠤ ᠠᠵᠢᠯ ᠤᠨ ᠪᠣᠳᠠᠲᠠᠢ ᠠᠵᠢᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠤᠨ᠂ ᠤᠷᠠᠤᠨ ᠤᠨ ᠳᠤᠮᠳᠠᠳᠤ ᠬᠤᠰᠢᠭᠤᠨ ᠤ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠪᠡ᠃
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ