3 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠵᠢᠩ ᠰᠢᠶᠠᠩ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ | ᠲᠠᠷᠢᠶᠠᠯᠠᠬᠤ ᠣᠷᠣᠨ ︵ᠪᠥᠬᠦ ᠬᠤᠰᠢᠭᠤᠨ ᠤ ᠤᠯᠤᠰ ᠤᠨ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ | ᠪᠠᠶᠢᠭᠤᠯᠬᠤ︶ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | | | | | | ᠼᠦᠢ ᠵᠢᠩ ᠰᠢᠶᠠᠩ ᠠᠴᠠ᠂ ︽ᠨᠢᠭᠡ ᠪᠠᠯᠭᠠᠰᠤ ᠨᠢᠭᠡ ᠨᠡᠷᠡᠳᠦ ᠲᠦᠷᠦᠯ ᠲᠡᠮᠳᠡᠭᠳᠦ᠂ ᠨᠢᠭᠡ ᠲᠣᠰᠬᠤᠨ ᠨᠢᠭᠡ ᠨᠡᠷᠡᠳᠦ ᠲᠦᠷᠦᠯ ᠲᠡᠮᠳᠡᠭᠳᠦ᠂ ᠬᠦᠷᠢᠶ᠎ᠡ ᠬᠠᠰᠢᠶᠠᠨ | ᠤ ᠠᠵᠤ ᠠᠬᠤᠢ︾ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠠᠵᠤ ᠦᠢᠯᠡᠰ ᠬᠥᠭᠵᠢᠪᠡᠯ ᠠᠯᠢᠪᠠ ᠦᠢᠯᠡᠰ | ᠬᠥᠭᠵᠢᠵᠦ᠂ ᠠᠵᠤ ᠦᠢᠯᠡᠰ ᠬᠦᠴᠦᠷᠬᠡᠭᠵᠢᠪᠡᠯ ᠠᠵᠤ ᠠᠬᠤᠢ ᠬᠦᠴᠦᠷᠬᠡᠭᠵᠢᠨ᠎ᠡ᠃ ᠬᠤᠰᠢᠭᠤᠨ ᠤ ᠨᠠᠮ ᠤᠨ ᠬᠤᠷᠢᠶ᠎ᠠ ︽ᠨᠢᠭᠡ ᠪᠠᠯᠭᠠᠰᠤ ᠨᠢᠭᠡ ᠨᠡᠷᠡᠳᠦ ᠲᠦᠷᠦᠯ | ᠲᠡᠮᠳᠡᠭᠳᠦ᠂ ᠨᠢᠭᠡ ᠲᠣᠰᠬᠤᠨ ᠨᠢᠭᠡ ᠨᠡᠷᠡᠳᠦ ᠲᠦᠷᠦᠯ ᠲᠡᠮᠳᠡᠭᠳᠦ᠂ ᠬᠦᠷᠢᠶ᠎ᠡ ᠬᠠᠰᠢᠶᠠᠨ ᠤ ᠠᠵᠤ ᠠᠬᠤᠢ︾ ᠶᠢᠨ ᠰᠢᠨ᠎ᠡ ᠶᠢ ᠡᠭᠦᠳᠦᠨ ᠬᠡᠷᠡᠭᠵᠢᠬᠦᠯᠬᠦ ᠨᠢ ᠪᠦᠬᠦ ᠨᠠᠮ | ᠤᠨ ᠭᠡᠰᠢᠭᠦᠨ ᠺᠠᠳ᠋ᠷ᠂ ᠲᠦᠮᠡᠨ ᠲᠣᠰᠬᠤᠨ ᠮᠢᠩᠭᠠᠨ ᠰᠢᠶᠠᠩ᠂ ᠲᠦᠭ ᠲᠦᠮᠡᠨ ᠠᠶᠢᠯ ᠡᠷᠦᠬᠡ ᠶᠢ ᠳᠠᠶᠢᠴᠢᠯᠠᠨ᠂ ᠬᠥᠭᠵᠢᠯᠲᠡ ᠶᠢ ᠡᠷᠢᠯᠬᠢᠯᠡᠵᠦ᠂ ᠠᠵᠤ ᠠᠬᠤᠶ ᠶᠢ | ᠠᠳᠬᠤᠨ᠂ ᠠᠵᠤ ᠦᠶᠯᠡᠰ ᠢ ᠠᠳᠬᠤᠵᠤ᠂ ᠲᠥᠷᠥᠯ ᠵᠦᠶᠯ ᠢ ᠡᠬᠢᠯᠡᠭᠦᠯᠤᠨ᠂ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ ᠶᠤᠮ᠃ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠠᠷᠢᠶᠠᠯᠠᠩ ᠢ ᠣᠶᠢᠯᠠᠭᠠᠵᠤ ᠲᠠᠷᠢᠶᠠᠯᠠᠩ ᠢ ᠬᠠᠶᠢᠷᠠᠯᠠᠬᠤ ᠰᠡᠳᠬᠢᠯᠭᠡ ᠪᠠᠨ ᠵᠤᠵᠠᠭᠠᠳᠬᠠᠨ᠂ | ᠥᠷᠭᠡᠨ ᠣᠯᠠᠨ ᠮᠠᠯᠵᠢᠬᠤ ᠲᠠᠷᠢᠶᠠᠯᠠᠬᠤ ᠡᠷᠦᠬᠡ ᠶᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠶᠴᠡᠳ ᠳᠠᠶᠢᠴᠢᠯᠠᠵᠤ᠂ ︽ᠡᠬᠢᠨ ᠤ ᠵᠢᠯ | ᠳᠤ ᠰᠠᠭᠤᠷᠢ ᠲᠠᠯᠪᠢᠵᠤ᠂ ᠬᠤᠶᠠᠷ ᠵᠢᠯ ᠳᠤ ᠳᠡᠭᠲᠡᠷ ᠲᠤ ᠭᠠᠷᠴᠦ᠂ ᠭᠤᠷᠪᠠᠨ ᠵᠢᠯ ᠳᠤ ᠶᠡᠭᠡ ᠬᠤᠪᠢᠷᠠᠯᠳᠠ ᠭᠠᠷᠭᠠᠬᠤ︾ ᠠᠯᠬᠤᠮ ᠳᠠᠷᠠᠭ᠎ᠠ ᠶᠣᠰᠣᠭᠠᠷ᠂ ᠱᠠᠲᠤ | ᠳᠠᠷᠠᠭᠠᠯᠠᠨ ᠲᠣᠬᠢᠷᠠᠭᠤᠯᠵᠤ᠂ ᠠᠯᠬᠤᠮ ᠲᠠᠷᠠᠭᠠᠯᠠᠨ ᠠᠬᠢᠭᠤᠯᠵᠦ᠂ ᠭᠠᠴᠠᠭ᠎ᠠ ᠲᠣᠰᠬᠤᠨ ᠪᠣᠯᠭᠠᠨ ᠠᠵᠤ ᠦᠶᠯᠡᠰ ᠲᠠᠢ᠂ ᠡᠷᠦᠬᠡ ᠪᠣᠯᠭᠠᠨ ᠣᠷᠣᠯᠭ᠎ᠠ ᠪᠠᠨ ᠨᠡᠮᠡᠭᠳᠡᠭᠦᠯᠵᠦ | ᠲᠠᠶᠢᠯᠬᠦ᠂ ᠬᠥᠮᠦᠨ ᠪᠦᠬᠦᠨ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠬᠦ ᠬᠡᠷᠡᠭᠲᠡᠶ ᠭᠡᠵᠦ ᠵᠢᠭᠠᠵᠦ ᠭᠠᠷᠭᠠᠪᠠ᠃ | ᠼᠦᠢ ᠵᠢᠩ ᠰᠢᠶᠠᠩ ᠠᠴᠠ᠂ ︽ᠠᠵᠤ ᠦᠢᠯᠡᠰ ᠤᠨ ᠲᠥᠯᠥᠪᠵᠢᠭᠦᠯᠭᠡ᠂ ᠣᠷᠣᠨ ᠪᠦᠰᠡ ᠶᠢᠨ ᠪᠠᠶᠢᠷᠢᠯᠠᠭᠤᠯᠤᠯᠳᠠ︾ ᠶᠢ ᠨᠢᠭᠡᠳᠦᠭᠡᠷ ᠰᠡᠳᠬᠢᠬᠦᠢ ᠪᠣᠯᠭᠠᠨ ᠠᠵᠢᠯ | ᠤᠨ ᠲᠤᠮᠳᠠ ᠢᠮᠠᠭᠲᠠ ᠲᠤᠭᠤᠰᠢᠯᠠᠭᠤᠯᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠠᠵᠤ ᠦᠢᠯᠡᠰ ᠤᠨ ᠲᠥᠯᠥᠪᠵᠢᠭᠦᠯᠭᠡ᠂ ᠣᠷᠣᠨ ᠪᠦᠰᠡ | ᠶᠢᠨ ᠪᠠᠶᠢᠷᠢᠯᠠᠭᠤᠯᠤᠯᠳᠠ︾ ᠶᠢᠨ ᠨᠢᠭᠡᠳᠦᠭᠡᠷ ᠰᠡᠳᠬᠢᠬᠦᠶ ᠶᠢ ᠢᠮᠠᠭᠲᠠ ᠪᠠᠲᠤ ᠪᠣᠶ ᠪᠣᠯᠭᠠᠬᠤ ᠶᠢᠨ ᠬᠠᠮᠲᠤ ᠲᠡᠭᠦᠨ ᠢ ᠠᠵᠢᠯ ᠤᠨ ᠪᠥᠬᠦ ᠶᠠᠪᠤᠴᠠ ᠳᠤ | ᠲᠤᠭᠤᠰᠢᠯᠠᠭᠤᠯᠬᠤ ᠶᠢ ᠪᠠᠷᠢᠮᠲᠠᠯᠠᠬᠤ ᠬᠡᠷᠡᠭᠲᠡᠶ᠃ ᠲᠣᠰ ᠭᠠᠵᠠᠷ ᠣᠷᠣᠨ ᠲᠣᠰ ᠬᠦᠷᠢᠶᠡᠨ ᠤ ᠡᠬᠢ ᠪᠠᠶᠠᠯᠢᠭ ᠤᠨ ᠣᠭ ᠰᠤᠷᠪᠤᠯᠵᠢ᠂ ᠠᠵᠤ ᠦᠶᠯᠡᠰ ᠤᠨ ᠰᠠᠭᠤᠷᠢ᠂ | ᠳᠠᠭᠠᠭᠠᠴᠠ ᠶᠢᠨ ᠴᠢᠳᠠᠪᠤᠷᠢ ᠶᠢ ᠭᠦᠨᠵᠡᠭᠡᠶ ᠰᠤᠳᠤᠯᠵᠤ᠂ ᠪᠥᠬᠦ ᠲᠠᠯ᠎ᠠ ᠳᠤ ᠰᠠᠭᠤᠷᠢᠯᠠᠨ᠂ ᠠᠵᠤ ᠦᠶᠯᠡᠰ ᠪᠠ ᠪᠠᠶᠢᠷᠢᠯᠠᠭᠤᠯᠤᠯᠳᠠ ᠶᠢᠨ ᠲᠥᠷᠥᠯ ᠵᠦᠶᠯ ᠢ | ᠨᠢᠭᠡᠳᠦᠯᠲᠡᠶ ᠲᠥᠯᠥᠪᠵᠢᠭᠦᠯᠦᠨ ᠰᠦᠪᠡᠭᠴᠢᠯᠡᠵᠦ᠂ ᠰᠡᠳᠬᠢᠴᠡ ᠪᠠᠨ ᠲᠥᠪᠯᠡᠷᠡᠭᠦᠯᠬᠦ᠂ ᠬᠠᠷᠠᠯᠲᠠ ᠪᠠᠨ ᠲᠥᠪᠯᠡᠷᠡᠭᠦᠯᠬᠦ᠂ ᠠᠷᠭ᠎ᠠ ᠬᠡᠮᠵᠢᠶ᠎ᠡ ᠪᠠᠨ ᠲᠥᠪᠯᠡᠷᠡᠭᠦᠯᠬᠦ ᠶᠢ | ᠤᠬᠠᠮᠰᠠᠷ ᠠᠴᠠ ᠪᠠᠨ ᠪᠡᠶᠡᠯᠡᠬᠦᠯᠦᠨ᠂ ︽ᠬᠡᠰᠡᠭ ᠪᠤᠰᠠᠭ ᠪᠣᠯᠭᠠᠬᠤ︾ ᠬᠡᠯᠪᠡᠷᠢᠯ᠂ ︽ᠲᠠᠷᠠᠬᠠᠶ ᠪᠤᠲᠠᠷᠬᠠᠶ ᠮᠠᠶ᠋ᠢᠭ︾ ᠤᠨ ᠬᠥᠭᠵᠢᠯᠲᠡ ᠠᠴᠠ ᠡᠷᠡᠰ ᠵᠠᠶᠢᠯᠠᠰᠬᠢᠬᠦ ᠬᠡᠷᠡᠭᠲᠡᠶ | ᠬᠡᠵᠦ ᠵᠢᠭᠠᠵᠦ ᠭᠠᠷᠭᠠᠪᠠ᠃ | ᠠᠵᠢᠯ ᠤᠨ ᠭᠤᠤᠯᠳᠠᠯᠭ᠎ᠠ ᠶᠢ ᠡᠵᠡᠮᠰᠢᠬᠦ ᠬᠡᠷᠡᠭᠲᠡᠶ᠃ ᠬᠤᠰᠢᠭᠤᠨ ᠤ ᠨᠠᠮ ᠤᠨ ᠬᠤᠷᠢᠶ᠎ᠠ ᠲᠥᠯᠥᠪᠵᠢᠭᠦᠯᠭᠡ ᠪᠠᠨ ᠲᠥᠷᠥᠯ ᠵᠦᠶᠯ ᠪᠣᠯᠭᠠᠬᠤ᠂ ᠲᠥᠷᠥᠯ ᠵᠦᠶᠯ ᠢ | ᠲᠥᠰᠦᠪᠯᠡᠨ ᠨᠥᠭᠡᠴᠡᠯᠡᠬᠦ᠂ ᠳᠥᠷᠪᠡ ᠶᠢ ᠲᠡᠮᠡᠴᠡᠨ ᠤᠯᠬᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠶᠯ ᠤᠨ ᠡᠯᠧᠮᠧᠨ᠋ᠲ ᠤᠨ ᠪᠠᠲᠤᠯᠠᠭ᠎ᠠ ᠪᠠ | ᠡᠮᠦᠨᠡᠬᠢ ᠬᠤᠭᠤᠴᠠᠭᠠᠨ ᠤ ᠭᠠᠷᠳᠠᠮ ᠭᠦᠶᠴᠡᠳᠬᠡᠬᠦ ᠶᠢ ᠪᠠᠷᠢᠮᠲᠠᠯᠠᠵᠤ᠂ ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠶᠯ ᠤᠨ ᠬᠡᠪᠴᠢᠶ᠎ᠡ ᠪᠠ ᠲᠤᠭ᠎ᠠ ᠬᠡᠮᠵᠢᠶᠡᠨ ᠤ | ︽ᠵᠢᠷᠭᠤᠭᠠᠨ ᠵᠦᠶᠯ ᠤᠨ ᠭᠦᠶᠴᠡᠳᠬᠡᠯ ᠲᠤᠭ᠎ᠠ︾ ᠪᠠᠷ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠴᠢᠳᠠᠪᠤᠷᠢ ᠶᠢᠨ | ᠬᠢᠷᠢ ᠲᠦᠪᠰᠢᠨ ᠢ ᠬᠢᠨᠠᠨ ᠲᠤᠭᠳᠠᠭᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠪᠣᠳᠠᠲᠤ ᠠᠮᠵᠢᠯᠲᠠ ᠪᠠᠷ ᠪᠠᠭᠠᠲᠤᠷᠴᠤᠳ ᠢ ᠦᠨᠡᠯᠡᠬᠦ︾ | ᠠᠵᠢᠯ ᠤᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ︽ᠲᠥᠷᠥᠯ ᠵᠦᠶᠯ ᠢᠶᠠᠷ ᠭᠤᠤᠯ ᠪᠣᠯᠭᠠᠬᠤ᠂ ᠠᠵᠢᠯ ᠢᠶᠠᠨ ᠡᠬᠢᠯᠡᠭᠦᠯᠬᠦ ᠪᠠᠷ ᠭᠤᠤᠯ ᠪᠣᠯᠭᠠᠬᠤ︾ ᠢᠯᠡ | ᠲᠣᠳᠣ ᠤᠳᠤᠷᠢᠳᠤᠮᠵᠢ ᠶᠢ ᠢᠮᠠᠭᠲᠠ ᠪᠠᠷᠢᠮᠲᠠᠯᠠᠨ᠂ ᠲᠥᠷᠥᠯ ᠵᠦᠶᠯ ᠤᠨ ᠪᠠᠷᠢᠯᠭ᠎ᠠ ᠶᠢᠨ ᠭᠠᠵᠠᠷ ᠢ ᠵᠢᠭᠰᠠᠭᠠᠯ ᠤᠨ ᠭᠠᠵᠠᠷ ᠪᠣᠯᠭᠠᠵᠤ᠂ ᠲᠥᠷᠥᠯ ᠵᠦᠶᠯ ᠤᠨ ᠲᠤᠬᠠᠶ | ᠶᠢᠨ ᠲᠠᠯᠠᠪᠠᠶ ᠶᠢ ᠰᠢᠯᠭᠠᠯᠲᠠ ᠶᠢᠨ ᠲᠠᠯᠠᠪᠠᠶ ᠪᠣᠯᠭᠠᠨ᠂ ᠠᠵᠢᠯ ᠢᠶᠠᠨ ᠵᠣᠬᠢᠰᠲᠠᠶ ᠪᠠᠶᠢᠷᠢᠯᠠᠭᠤᠯᠵᠤ᠂ ᠡᠭᠦᠷᠭᠡ ᠪᠠᠨ ᠨᠠᠷᠢᠯᠢᠬᠵᠢᠭᠤᠯᠤᠨ ᠬᠤᠪᠢᠶᠠᠷᠢᠯᠠᠵᠤ᠂ ᠡᠯ᠎ᠡ ᠵᠦᠶᠯ | ᠤᠨ ᠬᠠᠷᠠᠯᠲᠠ ᠪᠠᠨ ᠲᠡᠷᠡ ᠶᠣᠰᠣᠭᠠᠷ ᠪᠡᠶᠡᠯᠡᠭᠦᠯᠬᠦ ᠬᠡᠷᠡᠭᠲᠡᠶ᠃ | ᠨᠡᠷᠡᠲᠦ ᠲᠥᠷᠥᠯ ᠲᠡᠮᠳᠡᠭᠲᠦ ᠶᠢ ᠪᠣᠶᠢᠵᠢᠭᠤᠯᠬᠤ ᠲᠤᠰᠬᠠᠶ ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠨᠠᠷᠠᠲᠤ ᠲᠦᠷᠦᠯ | ᠲᠡᠮᠳᠡᠭᠲᠦ ᠶᠢ ᠪᠣᠶᠢᠵᠢᠭᠤᠯᠬᠤ ᠲᠤᠰᠬᠠᠶ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠥᠷᠨᠢᠭᠦᠯᠦᠨ᠂ ᠨᠠᠩ ᠣᠯᠠᠨ | ᠲᠠᠷᠢᠶᠠᠯᠠᠩ ᠮᠠᠯ ᠠᠵᠤ ᠠᠬᠤᠶ ᠶᠢᠨ ᠰᠣᠳᠣᠨ ᠨᠠᠷᠠᠲᠤ ᠲᠦᠷᠦᠯ ᠲᠡᠮᠳᠡᠭᠲᠦ ᠶᠢ ᠪᠣᠶᠢᠵᠢᠭᠤᠯᠵᠤ᠂ ᠵᠢᠵᠢᠭ᠂ ᠲᠠᠷᠠᠬᠠᠶ᠂ ᠪᠠᠭᠤᠷᠠᠶ ᠠᠴᠠ ᠲᠣᠮᠣ᠂ ᠨᠠᠷᠢᠯᠢᠭ᠂ ᠬᠦᠴᠦᠷᠬᠡᠭ | ᠳᠠᠰᠢ ᠬᠤᠪᠢᠷᠠᠭᠤᠯᠬᠤ ᠶᠢ ᠪᠡᠶᠡᠯᠡᠭᠦᠯᠤᠨ᠂ ᠨᠠᠩ ᠣᠯᠠᠨ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠦᠷᠦᠯ ᠲᠡᠮᠳᠡᠭᠲᠦ ᠶᠢ ᠲᠠᠷᠢᠶᠠᠯᠠᠩ ᠬᠥᠳᠡᠭᠡ ᠲᠣᠰᠬᠤᠨ ᠤ | ᠶᠠᠮᠤᠨ ᠤ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠰᠣᠳᠣᠨ ᠪᠦᠲᠦᠭᠡᠭᠳᠡᠬᠦᠨ ᠢ ᠪᠣᠶᠢᠵᠢᠭᠤᠯᠬᠤ ᠲᠥᠯᠥᠪᠯᠡᠭᠡ ᠶᠢᠨ ᠨᠡᠷᠡᠰ ᠲᠤ ᠣᠷᠣᠭᠤᠯᠬᠤ ᠶᠢ | ᠠᠬᠢᠭᠤᠯᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠠᠯᠳᠠᠷᠰᠢᠯ᠂ ᠢᠷᠠᠭᠤ ᠠᠯᠳᠠᠷ ᠤᠨ ᠬᠢᠷᠢ ᠲᠦᠪᠰᠢᠨ ᠢ ᠲᠠᠰᠤᠷᠠᠯᠲᠠ | ᠥᠬᠡᠶ ᠳᠡᠭᠡᠭᠰᠢᠯᠡᠭᠦᠯᠬᠦ ᠬᠡᠷᠡᠭᠲᠡᠶ᠃ | ᠭᠤᠣᠯᠳᠠᠯᠭ᠎ᠠ ᠲᠠᠢ ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠬᠦᠷᠢᠶ᠎ᠡ ᠴᠠᠷᠠᠭ᠎ᠠ ᠬᠤᠪᠢᠶᠠᠨ ᠠᠵᠤ ᠦᠶᠯᠡᠰ ᠬᠤᠪᠢᠶᠠᠨ ᠠᠵᠤ ᠦᠶᠯᠡᠰ ᠢᠶᠠᠷ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ | ᠲᠣᠭᠲᠠᠭᠠᠨ ᠨᠡᠶᠢᠲᠡᠯᠡᠵᠦ᠂ ᠪᠠᠯᠠ ᠮᠥᠩᠭᠦ᠂ ᠴᠢᠳᠠᠪᠤᠷᠢᠲᠠᠨ᠂ ᠮᠡᠷᠭᠡᠵᠢᠯ ᠵᠡᠷᠭᠡ ᠡᠯ᠎ᠡ ᠲᠠᠯ᠎ᠠ ᠪᠠᠷ ᠳᠡᠮᠵᠢᠬᠦ ᠬᠦᠴᠦᠯᠡᠴᠡ ᠪᠠᠨ ᠴᠢᠩᠭᠠᠤᠨᠬᠠᠨ᠂ ᠲᠥᠷᠥ ᠶᠢᠨ ᠪᠣᠳᠣᠯᠭ᠎ᠠ | ᠶᠢᠨ ᠤᠳᠤᠷᠢᠳᠤᠮᠵᠢᠳᠦ ᠴᠢᠨᠠᠷ ᠪᠠ ᠴᠢᠭᠯᠡᠯᠲᠦ ᠴᠢᠨᠠᠷ ᠢ ᠴᠢᠬᠤᠯᠠᠴᠢᠯᠠᠵᠦ᠂ ︽ᠨᠡᠯᠦᠶᠢᠲᠡᠯ᠎ᠡ ᠤᠰᠤᠯᠠᠬᠤ︾ ᠶᠢ ᠲᠡᠪᠴᠢᠨ᠂ ︽ᠨᠠᠷᠢᠯᠢᠭ ᠨᠢᠮᠪᠠᠶ ᠠᠷᠠᠴᠢᠯᠠᠬᠤ︾ ᠳᠤ | ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠰᠢᠭᠤᠨ ᠤ ᠬᠦᠴᠦᠨ ᠢ ᠳᠠᠶᠢᠴᠢᠯᠠᠨ ᠭᠤᠤᠯᠯᠠᠬᠤ ᠠᠵᠤ ᠦᠶᠯᠡᠰ ᠢ ᠪᠣᠶᠢᠵᠢᠭᠤᠯᠤᠨ᠂ ᠰᠣᠳᠣᠨ ᠨᠡᠷᠡᠳᠦ ᠲᠥᠷᠥᠯ | ᠲᠡᠮᠳᠡᠭᠲᠦ ᠶᠢ ᠡᠭᠦᠳᠬᠦ ᠬᠡᠷᠡᠭᠲᠡᠶ᠃ | ︽ᠲᠣᠰᠬᠤᠨ ᠤ ᠰᠢᠨᠡᠴᠢᠯᠡᠯᠳᠡ︾ ᠶᠢᠨ ᠠᠵᠢᠯᠯᠠᠭ᠎ᠠ ᠥᠷᠨᠢᠭᠦᠯᠬᠦ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠮᠢᠩᠭᠠᠨ ᠲᠤᠰᠬᠤᠨ ᠢᠶᠠᠷ | ᠵᠢᠱᠢᠶ᠎ᠡ ᠦᠵᠡᠬᠦᠯᠵᠦ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠭᠦᠶᠴᠡᠳ ᠰᠤᠷᠤᠯᠴᠠᠨ ᠬᠡᠷᠡᠭᠯᠡᠵᠦ᠂ ︽ᠨᠢᠭᠡ ᠪᠠᠯᠭᠠᠰᠤ | ᠨᠢᠭᠡ ᠨᠡᠷᠡᠳᠦ ᠲᠦᠷᠦᠯ ᠲᠡᠮᠳᠡᠭᠳᠦ᠂ ᠨᠢᠭᠡ ᠲᠣᠰᠬᠤᠨ ᠨᠢᠭᠡ ᠨᠡᠷᠡᠳᠦ ᠲᠦᠷᠦᠯ ᠲᠡᠮᠳᠡᠭᠳᠦ᠂ ᠬᠦᠷᠢᠶ᠎ᠡ ᠬᠠᠰᠢᠶᠠᠨ ᠤ ᠠᠵᠤ ᠠᠬᠤᠢ︾ ᠪᠣᠯᠤᠨ ᠪᠥᠬᠦ ᠠᠵᠤ ᠦᠶᠯᠡᠰ ᠤᠨ | ᠬᠡᠯᠬᠢᠶᠡᠵᠢᠯ ᠤᠨ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ | ᠲᠣᠭᠤᠷᠢᠨ ᠳᠤ᠂ ᠢᠳᠡᠪᠬᠢᠲᠡᠶ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠦᠨ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠰᠠᠭᠤᠷᠢᠰᠢᠨ ᠠᠮᠢᠳᠤᠷᠠᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠲᠦᠷᠭᠡᠳᠬᠡᠨ ᠠᠬᠢᠭᠤᠯᠵᠤ᠂ ᠬᠥᠳᠡᠭᠡ ᠨᠤᠲᠤᠭ ᠤᠨ ᠳᠦᠷᠰᠦ ᠪᠠᠶᠢᠳᠠᠯ ᠢ ᠪᠦᠲᠦᠮᠵᠢᠲᠡᠶ ᠳᠡᠭᠡᠭᠰᠢᠯᠡᠭᠦᠯᠦᠨ᠂ ᠨᠠᠩ | ᠣᠯᠠᠨ ᠰᠡᠯᠡᠭᠦᠴᠡᠨ ᠲᠣᠭᠤᠷᠢᠬᠤ ᠰᠦᠯᠵᠢᠶᠡᠨ ᠤ ᠨᠡᠷᠡᠲᠦ ᠦᠵᠡᠮᠵᠢ ᠶᠢᠨ ᠴᠡᠭ ᠢ ᠪᠣᠶ ᠪᠣᠯᠭᠠᠵᠤ᠂ ᠰᠠᠭᠤᠷᠢᠰᠢᠨ ᠠᠮᠢᠳᠤᠷᠠᠵᠦ ᠦᠶᠯᠡᠰ ᠪᠤᠰᠬᠠᠬᠤ ᠳᠤ | ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠣᠭᠴᠠᠯᠠᠬᠤ ᠬᠡᠷᠡᠭᠲᠡᠶ᠃ | ︽ᠶᠡᠭᠡ ᠰᠤᠷᠤᠯᠴᠠᠯᠭ᠎ᠠ᠂ ᠶᠡᠭᠡ ᠪᠣᠯᠪᠠᠰᠤᠷᠠᠯ᠂ ᠶᠡᠭᠡ ᠪᠠᠶᠢᠴᠠᠭᠠᠨ ᠰᠤᠳᠤᠯᠤᠯᠲᠠ᠂ ᠶᠡᠭᠡ ᠳᠡᠭᠡᠭᠰᠢᠯᠡᠯᠲᠡ︾ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ | ᠲᠠᠷᠢᠶᠠᠯᠠᠩ ᠮᠠᠯ ᠠᠵᠤ ᠠᠬᠤᠶ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ︽ᠨᠢᠭᠡ ᠪᠠᠯᠭᠠᠰᠤ ᠨᠢᠭᠡ ᠨᠡᠷᠡᠳᠦ ᠲᠦᠷᠦᠯ ᠲᠡᠮᠳᠡᠭᠳᠦ᠂ ᠨᠢᠭᠡ | ᠲᠣᠰᠬᠤᠨ ᠨᠢᠭᠡ ᠨᠡᠷᠡᠳᠦ ᠲᠦᠷᠦᠯ ᠲᠡᠮᠳᠡᠭᠳᠦ᠂ ᠬᠦᠷᠢᠶ᠎ᠡ ᠬᠠᠰᠢᠶᠠᠨ ᠤ ᠠᠵᠤ ᠠᠬᠤᠢ︾ ᠶᠢᠨ ᠲᠣᠭᠤᠷᠢᠨ ᠳᠤ᠂ ᠲᠣᠰ ᠬᠦᠷᠢᠶᠡᠨ ᠳᠠᠬᠢ ᠺᠠᠳ᠋ᠷ ᠣᠯᠠᠨ ᠲᠦᠮᠡᠨ ᠢ | ᠲᠦᠷᠭᠡᠨ ᠵᠣᠬᠢᠶᠠᠨ ᠪᠠᠶᠢᠭᠤᠯᠵᠤ᠂ ︽ᠶᠡᠭᠡ ᠰᠤᠷᠤᠯᠴᠠᠯᠭ᠎ᠠ᠂ ᠶᠡᠭᠡ ᠪᠣᠯᠪᠠᠰᠤᠷᠠᠯ᠂ ᠶᠡᠭᠡ ᠪᠠᠶᠢᠴᠠᠭᠠᠨ ᠰᠤᠳᠤᠯᠤᠯᠲᠠ᠂ ᠶᠡᠭᠡ ᠳᠡᠭᠡᠭᠰᠢᠯᠡᠯᠲᠡ︾ ᠶᠢᠨ ᠠᠵᠢᠯᠯᠠᠭ᠎ᠠ | ᠥᠷᠨᠢᠭᠦᠯᠤᠨ᠂ ᠲᠤᠰᠬᠠᠶ ᠰᠡᠳᠦᠪᠲᠦ ᠲᠥᠰᠦᠯ ᠲᠣᠭᠲᠠᠭᠠᠵᠤ᠂ ᠬᠠᠷᠠᠯᠲᠠ ᠲᠠᠢ᠂ ᠲᠥᠯᠥᠪᠯᠡᠭᠡ ᠲᠠᠢ ᠪᠠᠷ ︽ᠭᠠᠳᠠᠭᠰᠢ ᠭᠠᠷᠴᠤ︾ ᠪᠠᠶᠢᠴᠠᠭᠠᠨ ᠰᠤᠷᠤᠯᠴᠠᠬᠤ ᠪᠠ | ︽ᠤᠷᠢᠵᠤ ᠠᠪᠴᠢᠷᠠᠬᠤ︾ ᠪᠠᠷ ᠳᠡᠮᠵᠢᠨ ᠰᠠᠶᠢᠨ ᠲᠠᠢ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠬᠠᠷᠠᠭ᠎ᠠ ᠪᠠᠨ ᠥᠷᠭᠡᠳᠬᠡᠨ᠂ ᠦᠵᠡᠯᠲᠡ | ᠪᠠᠨ ᠰᠢᠨᠡᠳᠬᠡᠵᠦ᠂ ᠬᠥᠭᠵᠢᠯᠲᠡ ᠶᠢ ᠠᠳᠬᠤᠨ᠂ ᠠᠵᠤ ᠦᠶᠯᠡᠰ ᠢ ᠠᠳᠬᠤᠬᠤ ᠴᠢᠳᠠᠪᠤᠷᠢ ᠪᠠ ᠬᠢᠷᠢ ᠲᠦᠪᠰᠢᠨ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ ᠃ | ︽ᠨᠢᠭᠡ ᠪᠠᠯᠭᠠᠰᠤ ᠨᠢᠭᠡ ᠨᠡᠷᠡᠳᠦ ᠲᠦᠷᠦᠯ ᠲᠡᠮᠳᠡᠭᠳᠦ᠂ ᠨᠢᠭᠡ ᠲᠣᠰᠬᠤᠨ ᠨᠢᠭᠡ ᠨᠡᠷᠡᠳᠦ ᠲᠦᠷᠦᠯ ᠲᠡᠮᠳᠡᠭᠳᠦ᠂ ᠬᠦᠷᠢᠶ᠎ᠡ ᠬᠠᠰᠢᠶᠠᠨ ᠤ ᠠᠵᠤ ᠠᠬᠤᠢ︾ ᠶᠢᠨ | ᠮᠥᠷᠥᠶᠢᠴᠡᠭᠡᠨ ᠢ ᠥᠷᠨᠢᠭᠦᠯᠬᠦ ᠬᠡᠷᠡᠭᠲᠡᠢ᠃ ︽ᠨᠢᠭᠡ ᠪᠠᠯᠭᠠᠰᠤ ᠨᠢᠭᠡ ᠨᠡᠷᠡᠳᠦ ᠲᠦᠷᠦᠯ ᠲᠡᠮᠳᠡᠭᠳᠦ᠂ ᠨᠢᠭᠡ ᠲᠣᠰᠬᠤᠨ ᠨᠢᠭᠡ ᠨᠡᠷᠡᠳᠦ ᠲᠦᠷᠦᠯ ᠲᠡᠮᠳᠡᠭᠳᠦ᠂ ᠬᠦᠷᠢᠶ᠎ᠡ | ᠬᠠᠰᠢᠶᠠᠨ ᠤ ᠠᠵᠤ ᠠᠬᠤᠢ︾ ᠶᠢᠨ ᠤᠷᠤᠯᠳᠤᠭᠠᠨ ᠶᠠᠪᠤᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠬᠠᠢ ᠶᠢᠨ ᠲᠠᠯᠠᠪᠤᠷ ᠲᠤ ᠦᠵᠡᠭᠦᠯᠦᠯᠭᠡ | ᠶᠢᠨ ᠠᠵᠢᠯᠯᠠᠭ᠎ᠠ ᠪᠠ ᠲᠤᠰᠢᠶᠠᠯ ᠤᠨ ᠮᠡᠳᠡᠭᠦᠯᠦᠯᠲᠡ ᠦᠨᠡᠯᠡᠯᠲᠡ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠡᠯ᠎ᠡ ᠱᠠᠲᠤᠨ ᠤ ᠤᠳᠤᠷᠢᠳᠬᠤ ᠺᠠᠳ᠋ᠷ ᠤᠨ ᠴᠢᠳᠠᠪᠤᠷᠢ | ᠬᠡᠪ ᠴᠢᠨᠠᠷ ᠪᠠ ᠰᠤᠷᠲᠠᠯ ᠤᠨ ᠬᠢᠷᠢ ᠲᠦᠪᠰᠢᠨ ᠢ ᠰᠢᠯᠭᠠᠨ ᠪᠠᠶᠢᠴᠠᠭᠠᠵᠤ᠂ ᠨᠡᠶᠢᠭᠡᠮ ᠳᠠᠶᠠᠭᠠᠷ ᠲᠤ ᠠᠳᠠᠯᠢᠳᠬᠠᠨ ᠰᠤᠷᠤᠯᠴᠠᠬᠤ᠂ ᠤᠷᠤᠯᠳᠤᠨ ᠬᠢᠬᠦ᠂ ᠴᠢᠷᠮᠠᠶᠢᠨ | ᠭᠠᠷᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠳᠡᠢ ᠬᠡᠵᠦ ᠵᠢᠭᠠᠵᠦ ᠭᠠᠷᠭᠠᠪᠠ᠃ | ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ | ᠭᠦᠶᠴᠡᠳ ᠭᠦᠶᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠂ ᠡᠯ᠎ᠡ ᠵᠦᠶᠯ ᠤᠨ ᠠᠵᠢᠯ ᠢ ᠴᠢᠩᠭ᠎ᠠ ᠠᠴᠠ | ᠴᠢᠩᠭ᠎ᠠ ᠠᠳᠬᠤᠵᠤ᠂ ᠬᠥᠷ ᠬᠥᠭᠵᠢᠶᠡᠨ ᠲᠠᠢ ᠪᠠᠷ ᠬᠢᠵᠦ᠂ ︽ᠰᠤᠮᠤ ᠪᠠᠯᠭᠠᠰᠤᠨ ᠤ ᠲᠤᠰᠬᠠᠶ ᠰᠡᠳᠦᠪᠲᠦ ᠬᠤᠷᠠᠯ — ᠲᠠᠷᠢᠶᠠᠯᠠᠩ ᠮᠠᠯ ᠠᠵᠤ ᠠᠬᠤᠶ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠬᠠᠶ ᠰᠡᠳᠦᠪᠲᠦ ᠬᠤᠷᠠᠯ — ᠬᠤᠰᠢᠭᠤ ᠳᠠᠷᠤᠭ᠎ᠠ ᠶᠢᠨ ᠠᠯᠪᠠᠨ ᠬᠤᠷᠠᠯ — ᠬᠤᠰᠢᠭᠤᠨ ᠤ ᠨᠠᠮ ᠤᠨ ᠬᠤᠷᠢᠶᠠᠨ | ᠤ ᠬᠠᠮᠢᠶ᠎ᠠ ᠪᠥᠬᠦᠶ ᠬᠤᠷᠠᠯ︾ ᠤᠨ ᠰᠢᠶᠳᠪᠦᠷᠢᠲᠦ ᠪᠣᠳᠣᠯᠭ᠎ᠠ ᠲᠣᠬᠢᠷᠠᠭᠤᠯᠬᠤ ᠲᠠᠰ ᠳᠠᠷᠠᠭᠠᠯᠠᠯ ᠤᠨ ᠶᠣᠰᠣᠭᠠᠷ ᠠᠵᠢᠯ ᠢ ᠰᠤᠳᠤᠯᠵᠦ᠂ ᠬᠤᠰᠢᠭᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠶᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ | ᠲᠠᠷᠢᠶᠠᠯᠠᠩ ᠮᠠᠯ ᠠᠵᠤ ᠠᠬᠤᠶ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠨᠢ ᠪᠠᠶᠢᠩᠭᠤᠵᠢᠭᠤᠯᠤᠨ ᠲᠣᠬᠢᠷᠠᠭᠤᠯᠵᠤ᠂ | ᠬᠠᠷᠠᠯᠲᠠ ᠶᠢᠨ ᠡᠭᠦᠷᠭᠡ ᠶᠢᠨ ᠠᠬᠢᠴᠠ ᠶᠢᠨ ᠪᠠᠶᠢᠳᠠᠯ ᠢ ᠴᠢᠩᠭ᠎ᠠ ᠠᠩᠬᠠᠷᠤᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠣᠯᠵᠤ | ᠮᠡᠳᠡᠬᠦ ᠶᠢᠨ ᠬᠠᠮᠲᠤ ᠰᠢᠶᠳᠪᠦᠷᠢᠯᠡᠬᠦ ᠬᠡᠷᠡᠭᠲᠡᠶ᠃ ᠬᠤᠪᠢᠳᠠᠨ ᠬᠠᠮᠢᠶᠠᠷᠴᠤ ᠪᠠᠶᠢᠭ᠎ᠠ ᠰᠢᠶᠠᠨ ᠤ ᠱᠠᠲᠤᠨ ᠤ ᠤᠳᠤᠷᠢᠳᠤᠯᠭ᠎ᠠ ᠡᠭᠦᠷᠭᠡ ᠬᠠᠷᠢᠭᠤᠴᠠᠯᠭ᠎ᠠ ᠪᠠᠨ ᠭᠦᠶᠴᠡᠳ | ᠪᠠᠳᠠᠷᠠᠭᠤᠯᠵᠤ᠂ ᠶᠡᠷᠦᠩᠬᠡᠶ ᠳᠤᠨᠢ ᠨᠢᠭᠡᠳᠦᠯᠲᠡᠶ ᠲᠥᠯᠥᠪᠵᠢᠭᠦᠯᠤᠨ᠂ ᠨᠢᠭᠡᠳᠦᠭᠡᠷ ᠹᠷᠣᠨᠲ ᠤᠨ ᠠᠵᠢᠯ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠵᠢᠯ ᠢᠶᠠᠨ | ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠪᠣᠳᠠᠲᠠᠶ ᠠᠵᠢᠯ ᠢ ᠠᠬᠢᠭᠤᠯᠬᠤ ᠶᠢ ᠬᠢᠨᠠᠨ ᠬᠠᠮᠢᠶᠠᠷᠴᠤ ᠡᠵᠡᠮᠳᠡᠬᠦ ᠶᠢ ᠴᠢᠩᠭᠠᠳᠬᠠᠨ᠂ ᠠᠰᠠᠭᠤᠳᠠᠯ ᠬᠦᠴᠢᠷᠳᠡᠯ | ᠳᠤ ᠬᠠᠨᠳᠤᠭᠤᠯᠤᠭᠰᠠᠨ ᠭᠤᠤᠯᠳᠠᠯᠭ᠎ᠠ ᠲᠠᠢ ᠪᠣᠭᠤᠮᠲᠠ ᠰᠢᠪᠲᠤᠯᠤᠯᠳᠠ ᠶᠢ ᠴᠢᠩᠭᠠᠳᠬᠠᠵᠤ᠂ ᠡᠯ᠎ᠡ ᠵᠦᠶᠯ ᠤᠨ ᠡᠭᠦᠷᠭᠡ ᠶᠢ ᠲᠥᠯᠥᠪᠯᠡᠭᠡ ᠶᠣᠰᠣᠭᠠᠷ ᠶᠠᠪᠤᠭᠳᠠᠭᠤᠯᠬᠤ | ᠶᠢ ᠪᠠᠲᠤᠯᠠᠬᠤ ᠬᠡᠷᠡᠭᠲᠡᠶ ᠬᠡᠵᠦ ᠴᠢᠬᠤᠯᠠᠴᠢᠯᠠᠪᠠ᠃ | ᠬᠤᠰᠢᠭᠤᠨ ᠤ ᠤᠳᠤᠷᠢᠳᠤᠯᠭ᠎ᠠ ᠬᠠᠢ ᠤᠯᠠᠭᠠᠨᠲᠤᠶᠠᠭ᠎ᠠ᠂ ᠵᠧᠦ ᠭᠤᠸᠠᠩ ᠵᠢᠶᠦ᠋ᠨ᠂ ᠯᠢᠦ ᠶᠢᠨ᠂ ᠱᠢ ᠯᠸᠢ᠂ ᠸᠠᠩ ᠶᠦᠨ᠂ ᠹᠧᠩ ᠴᠢᠶᠠᠩ ᠬᠤᠷᠠᠯ ᠳᠤ ᠣᠷᠣᠯᠴᠠᠪᠠ᠃ | | | |