ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠶᠤᠯᠬᠦᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠦᠬᠦ ᠪᠠᠭᠰᠢ ᠠᠵᠢᠯᠲᠠᠨ ᠠᠵᠢᠯᠴᠢᠨ | ᠵᠢᠴᠢ ᠬᠤᠭᠤᠯᠠᠨ ᠭᠡᠷ ᠤᠨ ᠠᠵᠢᠯᠲᠠᠳ ᠤᠨ ᠢᠳᠡᠭᠡᠨ ᠤ ᠠᠶᠤᠯᠬᠦᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠪᠦᠬᠦ ᠴᠡᠴᠡᠷᠯᠢᠭ ᠤᠨ ᠪᠠᠭᠰᠢ ᠬᠡᠦᠬᠡᠳ ᠤᠨ | ᠢᠳᠡᠭᠡᠨ ᠤᠮᠳᠠᠭᠠᠨ ᠤ ᠡᠷᠡᠭᠦᠯ ᠮᠡᠨᠳᠦ ᠬᠢᠭᠡᠳ ᠠᠶᠤᠯᠬᠦᠢ ᠶᠢ ᠦᠨᠡᠨᠬᠦ ᠪᠠᠲᠤᠯᠠᠬᠤ ᠶᠢᠨ ᠲᠤᠰᠠᠳᠠ᠂ 3 ᠰᠠᠷ᠎ᠠ ᠶᠢᠨ 10 ᠤ ᠡᠳᠦᠷ᠂ ᠬᠤᠶᠠᠳᠤᠭᠠᠷ ᠬᠡᠦᠬᠡᠳ ᠤᠨ | ᠴᠡᠴᠡᠷᠯᠢᠭ ᠨᠢ ᠪᠥᠬᠦ ᠪᠠᠭᠰᠢ ᠠᠵᠢᠯᠲᠠᠨ ᠠᠵᠢᠯᠴᠢᠨ ᠪᠣᠯᠤᠨ ᠬᠤᠭᠤᠯᠠᠨ ᠬᠡᠷ ᠤᠨ ᠠᠵᠢᠯᠲᠠᠤᠨ ᠢ ᠵᠣᠬᠢᠶᠠᠨ ᠪᠠᠶᠢᠭᠤᠯᠵᠤ ᠠᠮᠤᠷ ᠲᠦᠪᠰᠢᠨ ᠤ ᠠᠵᠢᠯ ᠤᠨ ᠬᠤᠷᠠᠯ | ᠵᠢᠴᠢ ᠢᠳᠡᠭᠡᠨ ᠤ ᠠᠮᠤᠷ ᠲᠦᠪᠰᠢᠨ ᠤ ᠲᠤᠰᠬᠠᠶ ᠰᠡᠳᠦᠪᠲᠦ ᠪᠣᠯᠪᠠᠰᠤᠷᠠᠯ ᠥᠷᠨᠢᠭᠦᠯᠪᠠ᠃ | | | | | | ᠴᠡᠴᠡᠷᠯᠢᠭ ᠤᠨ ᠵᠠᠬᠢᠷᠤᠯ ᠬᠤᠸᠠᠷ ᠪᠥᠬᠦ ᠪᠠᠭᠰᠢ ᠠᠵᠢᠯᠲᠠᠤᠨ ᠢᠶᠠᠨ ᠳᠠᠭᠠᠭᠤᠯᠤᠨ ︽ᠰᠤᠷᠭᠠᠭᠤᠯᠢ ᠶᠢᠨ ᠵᠠᠬᠢᠷᠤᠯ ᠴᠡᠴᠡᠷᠯᠢᠭ ᠤᠨ ᠵᠠᠬᠢᠷᠤᠯ ᠤᠨ ᠰᠤᠷᠭᠠᠭᠤᠯᠢ | ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠬᠠᠶ ᠮᠡᠳᠡᠬᠦ ᠶᠣᠰᠣᠲᠠᠶ 20 ᠵᠦᠶᠯ︾ ᠤᠨ ᠪᠢᠴᠢᠭ ᠮᠠᠲ᠋ᠧᠷᠢᠶᠠᠯ ᠢ ᠬᠠᠮᠲᠤ ᠪᠠᠷ ᠰᠤᠷᠤᠯᠴᠠᠵᠤ᠂ ᠪᠣᠳᠠᠲᠠᠶ | ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠵᠦ᠂ ᠪᠠᠭᠰᠢ ᠬᠡᠦᠬᠡᠳ ᠤᠨ ᠡᠷᠡᠭᠦᠯ ᠮᠡᠨᠳᠦ ᠳᠤ ᠦᠵᠡᠭᠦᠯᠬᠦ ᠢᠳᠡᠭᠡᠨ ᠤ ᠠᠮᠤᠷ ᠲᠦᠪᠰᠢᠨ ᠤ ᠴᠢᠬᠤᠯᠠ ᠴᠢᠨᠠᠷ ᠢ | ᠴᠢᠬᠤᠯᠠᠴᠢᠯᠠᠨ᠂ ᠢᠳᠡᠭᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠱᠠᠭᠠᠷᠳᠠᠪᠠ᠃ | | | | | | ᠳᠡᠳ᠋ ᠴᠡᠴᠡᠷᠯᠢᠭ ᠤᠨ ᠵᠠᠬᠢᠷᠤᠯ ᠪᠠᠭᠠᠲᠤᠷ ᠬᠡᠦᠬᠡᠳ ᠤᠨ ᠴᠡᠴᠡᠷᠯᠢᠭ ᠤᠨ ᠨᠢᠭᠡ ᠡᠳᠦᠷ ᠤᠨ ᠠᠮᠢᠳᠤᠷᠠᠯ ᠤᠨ ᠡᠯ᠎ᠡ ᠭᠤᠭᠴᠤᠭ᠎ᠠ ᠳᠤ ᠣᠷᠣᠰᠢᠵᠤ ᠪᠠᠶᠢᠭ᠎ᠠ | ᠡᠯ᠎ᠡ ᠠᠮᠤᠷ ᠲᠦᠪᠰᠢᠨ ᠤ ᠳᠠᠯᠳᠠ ᠬᠡᠮ ᠵᠢᠴᠢ ᠬᠠᠪᠤᠷ ᠤᠨ ᠤᠯᠠᠷᠢᠯ ᠤᠨ ᠠᠮᠤᠷ ᠲᠦᠪᠰᠢᠨ ᠤ ᠬᠠᠮᠲᠤᠷᠠᠭᠰᠠᠨ ᠶᠡᠭᠡ ᠪᠠᠶᠢᠴᠠᠭᠠᠯᠲᠠ ᠳᠤ ᠢᠯᠡᠷᠡᠭᠦᠯᠦᠭᠰᠡᠨ | ᠠᠰᠠᠭᠤᠳᠠᠯ ᠳᠤ ᠵᠠᠳᠠᠯᠤᠯᠲᠠ ᠬᠢᠵᠦ ᠴᠡᠭᠴᠡᠯᠡᠨ ᠰᠠᠶᠢᠵᠢᠷᠠᠭᠤᠯᠬᠤ ᠰᠠᠨᠠᠯ ᠲᠤᠷᠠᠤᠨᠴᠦ᠂ ᠪᠦᠬᠦ ᠪᠠᠭᠰᠢ ᠠᠵᠢᠯᠲᠠᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ | | | | | | | | | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠬᠡᠦᠬᠡᠳ ᠤᠨ ᠴᠡᠴᠡᠷᠯᠢᠭ ᠤᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠵᠢᠷᠤᠮᠵᠢᠭᠰᠠᠨ | ᠬᠠᠮᠢᠶᠠᠷᠤᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠴᠡᠴᠡᠷᠯᠢᠭ ᠢᠳᠡᠭᠡᠨ ᠤ ᠠᠮᠤᠷ ᠲᠦᠪᠰᠢᠨ ᠤ ᠡᠨᠡ ᠬᠦ | ᠬᠥᠪᠴᠢ ᠶᠢ ᠴᠠᠭ ᠢᠮᠠᠭᠲᠠ ᠴᠢᠩᠭᠠᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ | ᠴᠣᠭᠴᠠᠯᠠᠨ᠂ ᠢᠳᠡᠭᠡᠨ ᠤ ᠠᠮᠤᠷ ᠲᠦᠪᠰᠢᠨ ᠤ ᠠᠵᠢᠯ ᠢ ᠦᠨᠡᠨᠬᠦ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠨ᠂ ᠠᠵᠢᠯᠯᠠᠭ᠎ᠠ ᠳᠡᠭᠡᠷ᠎ᠡ ᠪᠠᠨ | ᠨᠠᠶᠢᠳᠠᠪᠤᠷᠢᠵᠢᠭᠤᠯᠤᠨ᠎ᠠ᠃ | | | | |