【 ᠪᠠᠳᠠᠷᠠᠨ ᠳᠡᠯᠭᠡᠷᠡᠬᠦ ᠠᠨᠠᠷ ᠤᠨ ᠴᠡᠴᠡᠭ 】 ᠤᠷᠠᠳ ᠤᠨ ᠳᠤᠮᠳᠠᠳᠤ ᠬᠤᠰᠢᠭᠤ ᠨᠠᠮ ᠤᠨ ᠪᠠᠶᠢᠭᠤᠯᠤᠯᠲᠠ ᠪᠠᠷ ᠬᠥᠲᠥᠯᠥᠨ ᠵᠢᠯᠣᠭᠤᠳᠬᠤ ᠶᠢ ᠪᠠᠷᠢᠮᠳᠠᠯᠠᠵᠣ ᠦᠨᠳᠦᠰᠦᠲᠡᠨ ᠤ ᠪᠦᠯᠬᠦᠮᠳᠡᠯ ᠢ ᠨᠢᠭᠲᠠᠷᠠᠭᠤᠯᠵᠤ ᠪᠣᠢ
ᠨᠡᠶᠢᠲᠡᠯᠡᠭᠰᠡᠨ ᠴᠠᠭ᠄
2025/3/14
      ᠤᠷᠠᠳ ᠤᠨ  ᠳᠤᠮᠳᠠᠳᠤ ᠬᠤᠰᠢᠭᠤ ᠨᠠᠮ ᠤᠨ  ᠪᠠᠶᠢᠭᠤᠯᠤᠯᠲᠠ ᠪᠠᠷ ᠬᠥᠲᠥᠯᠦᠨ  ᠵᠢᠯᠣᠭᠤᠳᠬᠤ  ᠶᠢ ᠪᠠᠷᠢᠮᠲᠠᠯᠠᠵᠤ  ᠦᠨᠳᠦᠰᠦᠲᠡᠨ  ᠤ ᠪᠦᠯᠬᠦᠮᠳᠡᠯ  ᠤᠨ  ︽ ᠲᠦᠪᠯᠡᠷᠡᠩᠭᠦᠢ ᠬᠦᠴᠦᠨ︾ ᠢ ᠨᠢᠭᠲᠠᠷᠠᠭᠤᠯᠵᠣ ᠪᠣᠢ ᠃ ᠨᠢᠭᠡ  ᠳᠤ᠂ ︽1+N︾ ᠣᠷᠣᠨ ᠲᠣᠭᠤᠷᠢᠭᠴᠢᠯᠠᠭᠰᠠᠨ ᠨᠠᠮ ᠤᠨ ᠪᠠᠶᠢᠭᠤᠯᠤᠯᠲᠠ ᠶᠢᠨ ᠠᠭᠤᠯᠤᠭᠳᠠᠬᠤᠨ ᠢ ᠲᠠᠰᠤᠷᠠᠯᠲᠠ ᠥᠬᠡᠶ ᠭᠦᠨᠵᠡᠭᠡᠶᠢᠷᠡᠭᠦᠯᠪᠡ ᠃ ︽ᠦᠨᠳᠦᠰᠦᠲᠡᠨ ᠨᠦᠭᠦᠳ ᠪᠦᠯᠭᠦᠮᠳᠡᠵᠣ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ 3+X ᠬᠥᠮᠦᠰ ᠤᠨ ᠬᠠᠪᠰᠤᠷᠤᠨ ᠲᠡᠳᠬᠦᠬᠦ ᠨᠠᠷᠠᠲᠤ ᠲᠦᠷᠦᠯ ᠲᠡᠮᠳᠡᠭᠲᠦ ᠶᠢ ᠳᠣᠪᠤᠶᠢᠯᠭᠠᠨ᠂ ︽3+X︾ ᠬᠥᠮᠦᠰ ᠢ ᠬᠠᠪᠰᠤᠷᠤᠨ ᠲᠡᠳᠬᠦᠵᠦ ᠬᠠᠯᠠᠮᠵᠢᠯᠠᠨ᠂ ᠬᠠᠭᠤᠴᠢᠨ ᠬᠤᠷᠢᠶᠠᠯᠠᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠵᠡᠭᠡᠯᠢ ᠭᠤᠳᠤᠮᠵᠢ ᠶᠢ ᠬᠠᠲᠠᠭᠤᠷᠠᠭᠤᠯᠬᠤ᠂ ᠭᠠᠵᠠᠷ ᠳᠣᠣᠷᠠᠬᠢ ᠣᠰᠣᠨ ᠬᠤᠭᠤᠯᠠᠢ  ᠶᠢ ᠰᠡᠯᠪᠢᠨ ᠵᠠᠰᠠᠬᠤ᠂ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢ ᠳᠣᠭᠢᠷᠠᠭᠤᠯᠬᠤ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠢᠢᠳᠪᠦᠷᠢᠯᠡᠨ ᠂ ︽ᠦᠨᠳᠦᠰᠦᠲᠡᠨ  ᠨᠦᠭᠦᠳ ᠪᠦᠯᠬᠦᠮᠳᠡᠵᠣ ᠰᠡᠳᠬᠢᠯ ᠵᠢᠷᠦᠬᠡ ᠪᠠᠨ ᠬᠤᠯᠪᠣᠬᠤ︾ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠠᠯᠢᠭᠵᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ ︽ᠨᠠᠮ ᠤᠨ ᠪᠠᠶᠢᠭᠤᠯᠤᠯᠲᠠ + ᠬᠡᠷ ᠲᠡᠭᠡᠨ ᠰᠠᠭᠤᠵᠤ ᠠᠰᠠᠷᠠᠭᠤᠯᠬᠤ +ᠠᠳᠠᠯ ᠠᠬᠤᠶ︾ ᠶᠢᠨ ᠣᠨᠴᠠᠯᠢᠭᠲᠤ ᠦᠢᠯᠡᠴᠢᠯᠡᠭᠡ ᠶᠢ ᠬᠡᠷᠡᠭᠵᠢᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠦᠭᠡᠢ ᠬᠤᠷᠢᠶᠠᠯᠠᠯ ᠢ ᠭᠥᠯᠢᠶᠡᠨ ᠠᠪᠴᠤ ᠬᠠᠮᠢᠶᠠᠷᠣᠨ ᠂ ᠠᠳᠠᠯ ᠠᠬᠤᠶ ᠶᠢᠨ ᠬᠠᠮᠢᠶᠠᠷᠤᠯᠲᠠ ᠶᠢᠨ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠡᠯ᠎ᠡ ᠦᠨᠳᠦᠰᠦᠲᠡᠨ ᠤ ᠬᠠᠮᠲᠤ ᠶᠢᠨ ᠬᠥᠭᠵᠢᠯ ᠳᠠᠪᠰᠢᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃     ᠬᠤᠶᠠᠷ ᠲᠤ᠂ ︽ᠨᠠᠮ ᠤᠨ ᠪᠠᠶᠢᠭᠤᠯᠤᠯᠲᠠ+ ᠨᠡᠶᠢᠭᠡᠮ ᠲᠣᠭᠤᠷᠢᠭ ︾ ᠤᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠪᠡ ᠃ ᠦᠨᠳᠦᠰᠦᠲᠡᠨ ᠤ ᠬᠡᠷᠡᠭ ᠶᠠᠪᠤᠳᠠᠯ ᠢ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠳᠤ ᠣᠷᠣᠭᠤᠯᠵᠤ᠂ ︽ᠤᠷᠠᠳ ᠤᠨ ᠳᠤᠮᠳᠠᠳᠤ ᠬᠤᠰᠢᠭᠤᠨ ᠤ ᠨᠡᠶᠢᠭᠡᠮ ᠤᠨ ᠵᠠᠰᠠᠯᠲᠠ ᠶᠢᠨ ᠡᠭᠦᠯᠡᠨ ᠲᠠᠪᠴᠠᠩ︾ ᠤᠨ ᠲᠥᠷᠥᠯ ᠵᠣᠶᠢᠯ ᠳᠤ ᠲᠦᠰᠢᠭᠯᠡᠨ᠂ ᠣᠷᠣᠨ ᠲᠣᠭᠤᠷᠢᠭᠴᠢᠯᠠᠭᠰᠠᠨ ᠦᠢᠯᠡᠴᠢᠯᠡᠭᠡ  ᠨᠢ ᠣᠷᠣᠨ ᠲᠣᠭᠤᠷᠢᠭ ᠪᠦᠷᠢ 200 - 300 ᠡᠷᠦᠬᠡ ᠰᠠᠭᠤᠭᠠᠯᠢ ᠠᠷᠠᠳ  ᠲᠤ ᠦᠢᠯᠡᠴᠢᠯᠡᠬᠦ ᠪᠠᠷ ᠪᠠᠷᠢᠮᠵᠢᠶ᠎ᠠ ᠪᠣᠯᠭᠠᠵᠤ᠂ ᠪᠥᠬᠦ ᠪᠠᠯᠭᠠᠰᠤᠨ ᠤ 6 ᠨᠡᠶᠢᠭᠡᠮ ᠲᠣᠭᠤᠷᠢᠭ᠂ 2 ᠲᠣᠰᠬᠤᠨ ᠳᠤ ᠨᠡᠶᠢᠲᠡ 175 ᠣᠷᠣᠨ ᠲᠣᠭᠤᠷᠢᠭ ᠲᠣᠬᠢᠷᠠᠭᠤᠯᠵᠣ᠂173 ᠣᠷᠣᠨ ᠲᠣᠭᠤᠷᠢᠭᠴᠢᠯᠠᠭᠰᠠᠨ ᠬᠠᠮᠢᠶᠠᠷᠣᠯᠲᠠ ᠶᠢᠨ ᠠᠵᠢᠯᠳᠠᠨ ᠢ ᠰᠣᠩᠭᠤᠨ ᠤᠷᠢᠵᠤ᠂ ᠣᠷᠣᠨ ᠲᠣᠭᠤᠷᠢᠭᠴᠢᠯᠠᠭᠰᠠᠨ ᠬᠠᠮᠢᠶᠠᠷᠤᠯᠲᠠ ᠶᠢᠨ ᠡᠩᠨᠡᠭᠡ ᠶᠢ ᠪᠠᠶᠢᠭᠤᠯᠵᠤ᠂ ︽ᠬᠡᠷᠡᠭ ᠶᠠᠪᠤᠳᠠᠯ ᠢ ᠬᠤᠯᠪᠣᠭᠠᠯᠠᠨ ᠰᠢᠢᠳᠪᠦᠷᠢᠯᠡᠬᠦ ᠰᠢᠰᠲ᠋ᠧᠮ︾ ᠢ ᠬᠡᠷᠡᠭᠯᠡᠨ᠂  ᠬᠠᠣᠯᠢᠵᠢᠯ ᠤᠨ ᠣᠬᠠᠭᠤᠯᠭ᠎ᠠ ᠵᠡᠷᠭᠡ ᠠᠵᠢᠯ ᠢ ᠭᠦᠨᠵᠡᠭᠡᠶᠢᠷᠡᠭᠦᠯᠦᠨ ᠦᠷᠨᠢᠭᠦᠯᠵᠣ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢ  ᠬᠠᠤᠯᠢ ᠶᠣᠰᠣᠭᠠᠷ ᠪᠠᠲᠤᠯᠠᠬᠤ  ᠶᠢᠨ ᠬᠠᠮᠲᠤ ᠣᠷᠣᠨ ᠲᠣᠭᠤᠷᠢᠭ  ᠨᠢᠭᠡᠪᠦᠷᠢ  ᠳᠤ ︽ᠰᠠᠭᠤᠭᠠᠯᠢ ᠠᠷᠠᠳ ᠤᠨ ᠸᠢᠴᠠᠲ ᠤᠨ ᠴᠣᠭᠯᠠᠷᠠᠯ︾ ᠢ ᠪᠠᠶᠢᠭᠤᠯᠵᠤ᠂ ᠣᠷᠣᠨ ᠲᠣᠭᠤᠷᠢᠭ ᠤᠨ ᠳᠣᠲᠣᠷᠠᠬᠢ  ᠠᠳᠠᠯ ᠠᠬᠤᠢ ᠶᠢᠨ ᠬᠠᠮᠢᠶᠠᠷᠣᠯᠲᠠ ᠶᠢᠨ ᠵᠥᠪᠯᠡᠯ᠂ ᠠᠳᠠᠯ ᠠᠬᠤᠶ ᠶᠢᠨ ᠺᠣᠮᠫᠠᠨᠢ᠂ ᠨᠡᠶᠢᠬᠡᠮ ᠳᠣᠭᠤᠷᠢᠭ ᠤᠨ ᠠᠷᠠᠳ ᠤᠨ ᠴᠠᠭᠳᠠᠭ᠎ᠠ᠂ ᠰᠠᠶᠢᠨ ᠳᠤᠷᠠᠴᠤᠳ ᠤᠨ ᠬᠦᠴᠦᠨ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠣᠷᠣᠨ ᠲᠣᠭᠤᠷᠢᠭ ᠤᠨ ᠳᠣᠲᠣᠷᠠᠬᠢ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠪᠠᠴᠢᠮᠳᠠᠵᠤ ᠲᠦᠪᠡᠭᠳᠡᠵᠦ ᠵᠣᠪᠠᠨᠢᠵᠣ ᠬᠦᠰᠡᠵᠦ ᠪᠠᠶᠢᠭ᠎ᠠ︾ ᠠᠰᠠᠭᠤᠳᠠᠯ ᠢ ᠬᠠᠮᠲᠤ ᠪᠠᠷ  ᠰᠢᠢᠳᠪᠦᠷᠢᠯᠡᠵᠣ ᠂  ᠨᠡᠶᠢᠭᠡᠮ ᠤᠨ ᠵᠠᠰᠠᠯᠲᠠ ᠶᠢᠨ  ︽ᠵᠢᠵᠢᠭ ᠣᠷᠣᠨ ᠲᠣᠭᠤᠷᠢᠭ  ︾  ᠢ ᠲᠠᠰᠤᠷᠠᠯᠲᠠ ᠥᠬᠡᠶ ᠨᠢᠭᠲᠠ ᠪᠥᠭᠡᠳ ᠪᠠᠲᠤ ᠰᠦᠯᠵᠢᠵᠦ᠂ ︽ᠶᠠᠪᠤᠳᠠᠯ ᠪᠦᠬᠦᠨ ᠳᠤ ᠬᠠᠷᠢᠭᠤᠯᠲᠠ ᠥᠭᠴᠦ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ︾ ᠪᠠᠶᠢᠬᠤ ᠶᠢ ᠨᠡᠶᠢᠭᠡᠮ ᠲᠣᠭᠤᠷᠢᠭ ᠤᠨ ᠥᠨᠴᠥᠭ ᠪᠤᠯᠤᠩ ᠪᠦᠷᠢ ᠳᠤ ᠪᠣᠲᠠᠲᠠᠶᠢᠵᠢᠭᠤᠯᠵᠣ ᠂  ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠶ ᠬᠥᠭᠵᠢᠯᠲᠡ ᠶᠢ ᠠᠬᠢᠭᠤᠯᠪᠠ᠃     ᠭᠤᠷᠪᠠ   ᠳᠤ᠂ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ︾ ᠤᠨ ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠲᠡᠨ ᠤ ᠠᠵᠢᠯ ᠤᠨ ᠪᠠᠲᠤ ᠪᠠᠬᠢ ᠪᠠᠬᠢᠯᠡᠯᠲᠡ ᠶᠢ ᠪᠠᠶᠢᠭᠤᠯᠪᠠ᠃ ᠤᠷᠠᠳ ᠤᠨ ᠳᠤᠮᠳᠠᠳᠤ ᠬᠤᠰᠢᠭᠤᠨ ᠤ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠨᠠᠮ ᠤᠨ ᠭᠡᠰᠢᠭᠦᠨ ᠺᠠᠳ᠋ᠷᠴᠤᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ  ᠲᠤ ᠨᠡᠷ᠎ᠡ ᠮᠡᠳᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠬᠠᠯᠠᠭᠤᠨ ᠰᠡᠳᠬᠢᠯᠭᠡ ᠶᠢ ᠬᠥᠭᠵᠢᠭᠡᠪᠡ᠃ ︽ ᠪᠠᠭ᠎ᠠ ᠬᠦᠴᠦᠨ︾ ᠢ ᠬᠤᠷᠠᠮᠳᠤᠭᠤᠯᠵᠤ᠂ ︽ ᠪᠠᠭ᠎ᠠ ᠦᠢᠯᠡᠴᠢᠯᠡᠭᠡ︾ ᠬᠠᠩᠭᠠᠵᠤ᠂ ︽ ᠨᠠᠮ ᠤᠨ ᠭᠡᠰᠢᠭᠦᠨ ᠨᠡᠶᠢᠭᠡᠮ ᠲᠣᠭᠤᠷᠢᠭ ᠲᠤ ᠣᠴᠢᠵᠣ ᠨᠡᠷ᠎ᠡ ᠮᠡᠳᠡᠭᠦᠯᠦᠨ ᠦᠢᠯᠡᠴᠢᠯᠡᠭᠡ ᠬᠠᠩᠭᠠᠵᠣ ᠠᠵᠢᠯ ᠢᠶᠠᠨ ᠮᠡᠳᠡᠭᠦᠯᠬᠦ ︾ ᠠᠵᠢᠯᠯᠠᠭ᠎ᠠ ᠲᠠᠢ ᠤᠶᠠᠯᠳᠤᠭᠤᠯᠤᠨ᠂ ᠡᠷᠦᠬᠡ ᠳᠤ ᠬᠦᠷᠴᠦ ᠰᠤᠷᠪᠤᠯᠵᠢᠯᠠᠬᠤ᠂ ᠸᠢᠴᠠᠲ ᠢᠶᠠᠷ ᠰᠠᠨᠠᠯ ᠡᠯᠰᠡᠬᠦ ᠂ ᠣᠯᠠᠨ ᠲᠦᠮᠡᠨ ᠤ ᠰᠠᠨᠠᠯ ᠢ ᠴᠤᠭᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠶᠢᠳᠠᠯ ᠢ ᠣᠶᠢᠯᠠᠭᠠᠵᠣ ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠠᠵᠢᠯ ᠤᠨ ᠪᠠᠶᠢᠷᠢ  ᠳᠤ ᠪᠠᠶᠢᠭ᠎ᠠ ᠪᠠ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ  ᠨᠢ 46 ᠨᠡᠶᠢᠭᠡᠮ ᠲᠣᠭᠤᠷᠢᠭ ᠤᠨ ᠬᠡᠷ ᠲᠡᠭᠡᠨ ᠬᠤᠴᠣᠷᠤᠭᠰᠠᠨ ᠨᠠᠰᠤᠲᠠᠨ᠂ ᠵᠡᠮᠳᠡᠭᠴᠦᠳ᠂ ᠬᠡᠷ ᠲᠡᠭᠡᠨ ᠬᠤᠴᠣᠷᠤᠭᠰᠠᠨ ᠬᠡᠤᠬᠡᠳ᠂ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠵᠡᠷᠭᠡ ᠬᠦᠴᠢᠷᠳᠡᠯᠲᠡᠶ ᠬᠥᠮᠦᠰ ᠲᠤ ᠣᠶᠤᠨ ᠰᠠᠨᠠᠭᠠᠨ ᠤ ᠲᠠᠶᠢᠳᠬᠤᠷᠠᠭᠤᠯᠤᠯ ᠪᠠ ᠡᠳ᠋ ᠪᠣᠳᠠᠰ ᠤᠨ ᠬᠠᠪᠰᠤᠷᠤᠯᠭ᠎ᠠ ᠦᠵᠡᠭᠦᠯᠵᠦ᠂ ᠨᠠᠮ ᠪᠠ ᠣᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠤᠨ᠂ ᠦᠨᠳᠦᠰᠦᠲᠡᠨ ᠤ ᠠᠵᠢᠯ ᠤᠨ ᠪᠠᠲᠤ ᠪᠠᠬᠢ ᠪᠠᠬᠢᠯᠡᠯᠲᠡ ᠶᠢ ᠪᠠᠲᠤ ᠴᠣᠭᠴᠠᠯᠠᠪᠠ ᠃  
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ