ᠠᠮᠤ ᠪᠤᠳᠠᠭᠠᠨ ᠤ ᠦᠶᠯᠡᠳᠪᠦᠷᠢᠯᠡᠯ ᠢ ᠤᠯᠠᠮ ᠨᠢᠭᠡ ᠠᠯᠬᠤᠮ ᠲᠣᠭᠲᠠᠪᠤᠷᠢᠵᠢᠭᠤᠯᠤᠨ ᠠᠬᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠨ᠂ ᠠᠮᠤ ᠪᠤᠳᠠᠭ᠎ᠠ ᠡᠯᠪᠡᠭ ᠬᠤᠷᠢᠶᠠᠯᠲᠠ ᠤᠯᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 12 ᠤᠨ ᠡᠳᠦᠷ᠂ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ ᠸᠠᠩ ᡁᠢ ᠬᠥᠩ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ | ᠮᠡᠷᠬᠡᠵᠢᠯ ᠤᠨ ᠲᠣᠪᠴᠢᠶᠠᠨ ᠤ ᠳᠡᠳ᠋ ᠳᠠᠷᠤᠭ᠎ᠠ ᠳ᠋ᠧᠦ ᠹᠠᠩ ᠷᠦᠢ ᠨᠠᠷ ᠦᠵᠦᠬᠦᠷ ᠭᠤᠤᠯ ᠪᠠᠯᠭᠠᠰᠤᠨ ᠳᠤ ᠬᠦᠨᠵᠡᠬᠡᠶᠢᠷᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠤᠨ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠯᠢᠦᠶ ᠶᠦᠩ ᠴᠢᠶᠠᠩ ᠪᠠᠷ᠎ᠠ ᠪᠣᠯᠪᠠ᠃ | | | | | | ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ 2025 ᠣᠨ ᠤ ᠦᠵᠦᠬᠦᠷ ᠭᠤᠤᠯ ᠪᠠᠯᠭᠠᠰᠤᠨ ᠤ ᠲᠠᠷᠢᠮᠠᠯ ᠤᠨ ᠲᠥᠯᠥᠪᠯᠡᠭᠡ ᠶᠢᠨ | ᠲᠤᠬᠠᠶ ᠯᠢᠦᠶ ᠶᠦᠩ ᠴᠢᠶᠠᠩ ᠪᠠᠯᠭᠠᠰᠤᠨ ᠤ ᠳᠠᠷᠤᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠶᠡᠷᠦᠩᠬᠡᠶ ᠱᠦᠵᠢ ᠰᠢ ᠶᠢᠨ ᠫᠢᠩ ᠤᠨ ︽ | ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠲᠠᠷᠢᠶᠠᠯᠠᠬᠤ ᠴᠠᠭ ᠢ ᠠᠮᠵᠢᠨ ᠠᠳᠬᠤᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠡᠯ᠎ᠡ ᠵᠦᠶᠯ ᠤᠨ ᠠᠵᠢᠯ ᠢ ᠰᠠᠶᠢᠲᠤᠷ | ᠠᠳᠬᠤᠨ᠂ ᠪᠥᠬᠦ ᠵᠢᠯ ᠤᠨ ᠲᠠᠷᠢᠶᠠᠯᠠᠩ ᠤᠨ ᠦᠶᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠳᠠᠷᠠᠭ᠎ᠠ ᠨᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ ᠦᠵᠦᠬᠦᠷ ᠭᠤᠤᠯ ᠪᠠᠯᠭᠠᠰᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠤᠨ ᠪᠠᠶᠢᠳᠠᠯ ᠢ ᠭᠦᠶᠴᠡᠳ ᠣᠶᠢᠯᠠᠭᠠᠪᠠ᠃ | | | | | | ᠲᠠᠷᠠᠭᠠᠴᠢ ᠶᠢᠨ ᠠᠯᠬᠤᠮ ᠳᠤ᠂ ᠦᠵᠦᠬᠦᠷ ᠭᠤᠤᠯ ᠪᠠᠯᠭᠠᠰᠤ ᠬᠠᠪᠤᠷ ᠤᠨ ᠡᠬᠢᠨ ᠤ ᠰᠢᠵᠢᠷ ᠠᠯᠳᠠᠨ ᠴᠠᠭ ᠬᠤᠭᠤᠴᠠᠭ᠎ᠠ ᠶᠢ ᠠᠮᠵᠢᠵᠤ᠂ ᠬᠠᠪᠤᠷ ᠤᠨ | ᠲᠠᠷᠢᠶᠠᠯᠠᠭ᠎ᠠ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠬᠤ᠂ ᠤᠨᠤᠪᠴᠢᠳᠠᠢ | ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠬᠥᠭᠵᠢᠯᠲᠡ ᠶᠢᠨ ᠵᠠᠭᠪᠤᠷ ᠶᠣᠰᠣᠭᠠᠷ᠂ ᠠᠵᠤ ᠦᠢᠯᠡᠰ ᠤᠨ ᠪᠠᠶᠢᠷᠢᠯᠠᠭᠤᠯᠤᠯᠳᠠ ᠪᠣᠯᠤᠨ ᠪᠦᠲᠦᠴᠡ ᠶᠢ ᠵᠣᠬᠢᠰᠲᠠᠢ | ᠲᠥᠯᠥᠪᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ︽ᠠᠩᠬᠠᠨ ᠤ ᠰᠢᠳᠠᠷ᠎ᠠ︾ ᠶᠢ ᠰᠠᠶᠢᠲᠤᠷ ᠲᠠᠯᠪᠢᠵᠤ᠂ ᠬᠥᠳᠡᠭᠡ ᠠᠵᠤ ᠠᠬᠤᠢ ᠶᠢᠨ ᠰᠠᠭᠤᠷᠢ ᠶᠢ ᠨᠡᠩ | ᠪᠠᠲᠤ ᠪᠠᠬᠢ ᠪᠣᠯᠭᠠᠨ᠂ ᠲᠠᠷᠢᠶᠠᠴᠢᠳ ᠤᠨ ᠤᠷᠤᠯᠭ᠎ᠠ ᠶᠢ ᠨᠡᠩ ᠪᠠᠳᠤᠯᠠᠭ᠎ᠠ ᠲᠠᠢ ᠪᠣᠯᠭᠠᠨ᠎ᠠ᠃ | | |