ᠤᠷᠠᠳ ᠤᠨ ᠳᠤᠮᠳᠠᠳᠤ ᠬᠤᠰᠢᠭᠤᠨ ᠤ ᠤᠯᠤᠰ ᠤᠨ ᠡᠳ᠋ ᠬᠥᠷᠥᠩᠭᠡ ᠶᠢᠨ ᠵᠥᠪᠯᠡᠯ ᠤᠯᠤᠰ ᠤᠨ ᠥᠮᠴᠢᠯᠡᠯᠳᠦ ᠠᠵᠤ ᠠᠬᠤᠶᠢᠯᠠᠯ ᠤᠨ ᠡᠳ᠋ ᠤᠨ ᠶᠠᠪᠤᠳᠠᠯ ᠢ ᠨᠢᠭᠡ ᠴᠣᠭᠴᠠᠵᠢᠭᠤᠯᠬᠤ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠵᠦ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/14
    ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠥᠰᠦᠪ ᠤᠨ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠬᠠᠮᠵᠢᠯᠴᠠᠨ ᠠᠵᠢᠯᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶ ᠶᠢᠨ ᠦᠷ᠎ᠡ ᠠᠰᠢᠭ ᠢ ᠰᠢᠯᠢᠳᠡᠭᠵᠢᠭᠦᠯᠵᠦ᠂ ᠺᠣᠮᠫᠠᠨᠢ ᠵᠢᠴᠢ ᠡᠯ᠎ᠡ ᠬᠤᠪᠢᠶᠠᠷᠢ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠴᠤᠪᠤᠷᠠᠯ ᠪᠠ ᠡᠳ᠋ ᠤᠨ ᠶᠠᠪᠤᠳᠠᠯ ᠤᠨ ᠴᠤᠪᠤᠷᠠᠯ ᠢ ᠵᠠᠪᠰᠠᠷ ᠥᠬᠡᠶ ᠵᠣᠯᠭᠠᠭᠤᠯᠬᠤ ᠶᠢ ᠲᠦᠷᠭᠡᠳᠬᠡᠨ ᠪᠡᠶᠡᠯᠡᠭᠦᠯᠬᠦ ᠶᠢᠨ ᠲᠥᠯᠥᠭᠡ᠂ 3 ᠰᠠᠷ᠎ᠠ ᠶᠢᠨ 11 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠤᠯᠤᠰ ᠤᠨ ᠥᠮᠴᠢᠯᠡᠯᠲᠦ ᠡᠯ᠎ᠡ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠠᠵᠢᠯᠲᠠᠤᠨ ᠢ ᠵᠣᠬᠢᠶᠠᠨ ᠪᠠᠶᠢᠭᠤᠯᠵᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠤᠨ ᠶᠠᠪᠤᠳᠠᠯ ᠢ ᠨᠢᠭᠡ ᠴᠣᠭᠴᠠᠵᠢᠭᠤᠯᠬᠤ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠸᠠᠩ ᠫᠧᠩ ᠪᠠᠭᠰᠢ ᠠᠴᠠ ᠬᠢᠴᠢᠶᠡᠯ ᠤᠷᠤᠪᠠ᠃    ᠲᠣᠰ ᠤᠳᠠᠭᠠᠨ ᠤ ᠪᠣᠯᠪᠠᠰᠤᠷᠠᠯ ᠳᠤ᠂ ᠵᠥᠭᠡᠯᠡᠨ ᠲᠣᠨᠤᠭ ᠤᠨ ᠺᠣᠮᠫᠠᠨᠢ ᠶᠢᠨ ᠮᠡᠷᠭᠡᠵᠢᠯ ᠤᠨ ᠠᠵᠢᠯᠲᠠᠤᠨ ᠠᠵᠢᠯᠯᠠᠭᠠᠨ ᠤ ᠦᠵᠡᠭᠦᠯᠦᠯᠭᠡ ᠵᠢᠴᠢ ᠲᠤᠬᠠᠶ ᠶᠢᠨ ᠲᠠᠯᠠᠪᠤᠷ ᠲᠤ ᠬᠠᠷᠢᠯᠴᠠᠨ ᠰᠣᠯᠢᠯᠴᠠᠵᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠵᠦ᠂ T + ᠰᠢᠰᠲ᠋ᠧᠮ ᠤᠨ ᠴᠢᠳᠠᠮᠵᠢ ᠪᠠ ᠳᠠᠪᠠᠭᠤᠯᠢᠭ ᠢ ᠨᠠᠷᠢᠨ ᠲᠠᠨᠢᠯᠴᠠᠭᠤᠯᠵᠤ᠂ ᠡᠳ᠋ ᠤᠨ ᠶᠠᠪᠤᠳᠠᠯ ᠤᠨ ᠲᠠᠩᠰᠠ ᠬᠢᠬᠦ᠂ ᠲᠥᠷᠥᠯ ᠵᠦᠶᠯ ᠤᠨ ᠣᠷᠣᠯᠭ᠎ᠠ ᠵᠠᠷᠤᠯᠭ᠎ᠠ᠂ ᠲᠣᠭᠲᠠᠮᠠᠯ ᠡᠳ᠋ ᠬᠥᠷᠥᠩᠭᠡ ᠵᠡᠷᠭᠡ ᠳᠤ ᠴᠢᠭᠯᠡᠭᠦᠯᠦᠨ ᠨᠢᠭᠡ ᠨᠢᠭᠡ ᠪᠠᠷ ᠲᠠᠶᠢᠯᠪᠤᠷᠢᠯᠠᠬᠤ ᠪᠠ ᠪᠣᠳᠠᠲᠠᠶ ᠠᠵᠢᠯᠯᠠᠬᠤ ᠦᠵᠡᠭᠦᠯᠦᠯᠭᠡ ᠬᠢᠵᠦ᠂ ᠪᠣᠯᠪᠠᠰᠤᠷᠠᠯ ᠳᠤ ᠣᠷᠣᠯᠴᠠᠭᠰᠠᠳ ᠨᠢᠭᠡᠪᠦᠷᠢ ᠴᠥᠮ ᠰᠢᠰᠲ᠋ᠧᠮ ᠤᠨ ᠳᠥᠭᠦᠮ ᠳᠥᠲᠡ ᠪᠠ ᠥᠨᠳᠥᠷ ᠪᠦᠲᠦᠮᠵᠢᠲᠡᠶ ᠪᠠᠶᠢᠬᠤ ᠶᠢ ᠤᠶᠢᠯᠠᠭᠠᠬᠤ ᠶᠢ ᠦᠨᠡᠨᠬᠦ ᠪᠠᠲᠤᠯᠠᠪᠠ᠃ ᠪᠣᠯᠪᠠᠰᠤᠷᠠᠯ ᠳᠤ ᠣᠷᠣᠯᠴᠠᠭᠰᠠᠳ ᠤᠨ ᠳᠤᠷᠠᠳᠤᠭᠰᠠᠨ ᠮᠠᠳᠠᠭ ᠲᠠᠢ ᠠᠰᠠᠭᠤᠳᠠᠯ ᠳᠤ ᠴᠢᠭᠯᠡᠭᠦᠯᠦᠨ᠂ ᠮᠡᠷᠭᠡᠵᠢᠯ ᠤᠨ ᠠᠵᠢᠯᠲᠠᠳ ᠢᠳᠡᠪᠬᠢᠲᠡᠶ ᠬᠠᠷᠢᠭᠤᠯᠲᠠ ᠥᠭᠴᠦ᠂ ᠬᠦᠯᠢᠴᠡᠩᠭᠦᠶ ᠪᠠᠷ ᠲᠠᠶᠢᠯᠤᠮᠵᠢ ᠬᠢᠵᠦ᠂ ᠪᠣᠯᠪᠠᠰᠤᠷᠠᠯ ᠳᠤ ᠰᠠᠶᠢᠨ ᠦᠷ᠎ᠡ ᠪᠦᠲᠦᠮᠵᠢ ᠣᠯᠵᠤ᠂ ᠲᠠᠷᠠᠭᠠᠴᠢ ᠶᠢᠨ ᠠᠯᠬᠤᠮ ᠳᠤ ᠡᠳ᠋ ᠤᠨ ᠶᠠᠪᠤᠳᠠᠯ ᠤᠨ ᠲᠣᠭᠠᠴᠠᠭ᠎ᠠ ᠶᠢ ᠵᠢᠷᠤᠮᠵᠢᠭᠤᠯᠬᠤ᠂ ᠨᠢᠭᠲᠠᠯᠠᠨ ᠪᠤᠳᠤᠬᠤ ᠲᠦᠷᠢᠮ ᠢ ᠨᠢᠭᠡᠳᠬᠡᠬᠦ᠂ ᠡᠳ᠋ ᠤᠨ ᠶᠠᠪᠤᠳᠠᠯ ᠤᠨ ᠲᠣᠭᠠᠴᠠᠭ᠎ᠠ ᠶᠢᠨ ᠵᠥᠭᠡᠯᠡᠨ ᠲᠣᠨᠤᠭ ᠢ ᠨᠢᠭᠡᠳᠬᠡᠬᠦ᠂ ᠨᠢᠭᠲᠠᠯᠠᠨ ᠪᠤᠳᠤᠬᠤ ᠬᠢᠴᠢᠶᠡᠯ ᠲᠥᠷᠥᠯ ᠢ ᠨᠢᠭᠡᠳᠬᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃    ᠤᠯᠤᠰ ᠤᠨ ᠥᠮᠴᠢᠯᠡᠯᠳᠦ ᠠᠵᠤ ᠠᠬᠤᠶᠢᠯᠠᠯ ᠤᠨ ᠡᠳ᠋ ᠤᠨ ᠶᠠᠪᠤᠳᠠᠯ ᠢ ᠨᠢᠭᠡ ᠴᠤᠬᠴᠠᠵᠢᠭᠤᠯᠬᠤ ᠪᠣᠯᠪᠠᠰᠤᠷᠠᠯ ᠪᠣᠯ ᠡᠳ᠋ ᠤᠨ ᠶᠠᠪᠤᠳᠠᠯ ᠤᠨ ᠬᠠᠮᠢᠶᠠᠷᠤᠯᠲᠠ  ᠶᠢᠨ ᠲᠦᠪᠰᠢᠨ ᠢ ᠳᠡᠭᠡᠭᠰᠢᠯᠡᠭᠦᠯᠬᠦ᠂ ᠤᠯᠤᠰ ᠤᠨ ᠥᠮᠴᠢᠯᠡᠯᠳᠦ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠤᠶᠢᠰᠢᠳᠠ ᠶᠢᠨ ᠠᠵᠢᠯ ᠤᠨ ᠳᠤᠮᠳᠠ᠂ ᠤᠯᠤᠰ ᠤᠨ ᠥᠮᠴᠢᠯᠡᠯᠳᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠤᠯᠤᠰ ᠤᠨ ᠥᠮᠴᠢᠯᠡᠯᠳᠦ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠡᠳ᠋ ᠤᠨ ᠶᠠᠪᠤᠳᠠᠯ ᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠤᠨ᠂ ᠪᠣᠯᠪᠠᠰᠤᠷᠠᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠤᠯᠤᠰ ᠤᠨ ᠥᠮᠴᠢᠯᠡᠯᠳᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠪᠠ ᠠᠵᠤ ᠠᠬᠤᠶ ᠶᠢᠨ ᠬᠥᠭᠵᠢᠯᠲᠡ ᠳᠤ ᠨᠠᠩ ᠣᠯᠠᠨ ᠲᠤᠰᠬᠠᠶ ᠮᠡᠷᠭᠡᠵᠢᠯ ᠤᠨ ᠬᠦᠴᠦᠨ ᠨᠡᠮᠡᠷᠢᠯᠡᠨ᠎ᠡ᠃
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ