ᠤᠷᠠᠤᠨ ᠤᠨ ᠲᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ 2024 ᠣᠨ ᠤ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠦᠶᠯᠡᠰ ᠤᠨ 38 ᠲᠥᠷᠥᠯ ᠵᠦᠶᠯ ᠢ ᠰᠢᠯᠭᠠᠨ ᠬᠤᠷᠢᠶᠠᠬᠤ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/3/14
    ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠦᠶᠯᠡᠰ ᠤᠨ ᠲᠥᠷᠥᠯ ᠵᠦᠶᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠬᠠᠮᠢᠶᠠᠷᠤᠯᠲᠠ ᠶᠢᠨ ᠥᠷᠲᠡᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ 6 ᠰᠠᠯᠠᠭ᠎ᠠ ᠮᠥᠴᠢᠷ ᠲᠠᠢ ᠬᠠᠮᠲᠤᠷᠠᠨ᠂ ᠲᠤᠰᠬᠠᠶ ᠰᠢᠯᠭᠠᠨ ᠬᠤᠷᠢᠶᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠰᠤᠮᠤ ᠪᠠᠯᠭᠠᠰᠤᠨ  ᠤ 2024 ᠣᠨ ᠤ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠦᠶᠯᠡᠰ ᠤᠨ ᠲᠥᠷᠥᠯ ᠵᠦᠶᠯ ᠢ ᠪᠥᠬᠦ ᠲᠠᠯ᠎ᠠ ᠪᠠᠷ ᠰᠢᠯᠭᠠᠨ ᠬᠤᠷᠢᠶᠠᠬᠤ ᠶᠢᠨ ᠬᠠᠮᠲᠤ᠂ 2025 ᠣᠨ ᠤ ᠲᠥᠷᠥᠯ ᠵᠦᠶᠯ ᠢ ᠭᠤᠶᠤᠴᠢᠯᠠᠨ ᠮᠡᠳᠡᠭᠦᠯᠬᠦ ᠶᠢ ᠵᠡᠷᠭᠡ ᠪᠠᠷ ᠰᠦᠪᠡᠭᠴᠢᠯᠡᠪᠡ᠃ 
2024年度38项农村公益事业项目完成验收工作 11.jpg
     ᠰᠢᠯᠭᠠᠨ ᠬᠤᠷᠢᠶᠠᠬᠤ ᠳᠤᠭᠤᠶᠢᠯᠠᠩ ᠨᠢ ᠤᠷᠢᠳ ᠬᠤᠵᠢᠳ ᠭᠠᠭᠴᠠᠮᠣᠳᠣ ᠪᠠᠯᠭᠠᠰᠤ᠂ ᠴᠤᠩᠵᠢ ᠰᠤᠮᠤ᠂ ᠪᠠᠶ᠋ᠬᠠᠤᠯᠠᠭᠠᠨ ᠰᠤᠮᠤ᠂ ᠰᠢᠨᠡᠬᠦ᠋ᠷᠢᠶ᠎ᠡ ᠰᠤᠮᠤ᠂ ᠰᠢᠬ᠎ᠠ ᠭᠤᠤᠯ ᠪᠠᠯᠭᠠᠰᠤ᠂ ᠣᠩᠭᠤᠨ ᠪᠠᠯᠭᠠᠰᠤ ᠵᠡᠷᠭᠡ 6 ᠰᠤᠮᠤ ᠪᠠᠯᠭᠠᠰᠤ ᠰᠤᠮᠤᠨ ᠳᠤ ᠬᠦᠨᠵᠡᠬᠡᠶᠢᠷᠡᠨ᠂ 20 ᠲᠥᠷᠥᠯ ᠵᠦᠶᠯ ᠢ ᠪᠣᠳᠠᠲᠠᠶ ᠭᠠᠵᠠᠷ ᠲᠤᠨᠢ ᠰᠢᠯᠭᠠᠨ ᠬᠤᠷᠢᠶᠠᠪᠠ᠃ ᠰᠢᠯᠭᠠᠨ ᠪᠠᠶᠢᠴᠠᠭᠠᠬᠤ ᠶᠠᠪᠤᠴᠠ ᠳᠤ᠂ ᠠᠵᠢᠯᠳᠠᠤᠨ ᠲᠥᠷᠥᠯ ᠵᠦᠶᠯ ᠤᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ᠂ ᠲᠥᠷᠥᠯ ᠵᠦᠶᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠰᠠᠭᠤᠷᠢ ᠲᠦᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠲᠦᠬᠦᠬᠡᠷᠤᠮᠵᠢ ᠶᠢᠨ ᠲᠡᠭᠦᠯᠳᠡᠷᠵᠢᠭᠰᠡᠨ ᠬᠡᠮᠵᠢᠶ᠎ᠡ ᠶᠢ ᠨᠠᠷᠢᠨ ᠪᠠᠶᠢᠴᠠᠭᠠᠪᠠ᠃ ᠡᠭᠦᠨ ᠤ ᠬᠠᠮᠲᠤ᠂ ᠲᠥᠷᠥᠯ ᠵᠦᠶᠯ ᠢ ᠬᠡᠷᠡᠭᠵᠢᠭᠦᠯᠦᠭᠰᠡᠨ ᠨᠢᠭᠡᠴᠢ ᠶᠢᠨ ᠲᠥᠷᠥᠯ ᠵᠦᠶᠯ ᠤᠨ ᠦᠷ᠎ᠡ ᠪᠦᠲᠦᠭᠡᠯ᠂ ᠣᠷᠣᠰᠢᠵᠤ ᠪᠠᠶᠢᠭ᠎ᠠ ᠠᠰᠠᠭᠤᠳᠠᠯ᠂ ᠬᠡᠷᠡᠭᠯᠡᠵᠦ ᠪᠠᠶᠢᠭ᠎ᠠ ᠪᠠᠶᠢᠳᠠᠯ ᠵᠢᠴᠢ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠵᠡᠷᠭᠡ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠪᠠ᠃ ᠡᠯ᠎ᠡ ᠰᠠᠯᠠᠭ᠎ᠠ ᠮᠥᠴᠢᠷ ᠤᠳ ᠲᠤᠰ ᠪᠡᠶ᠎ᠡ ᠶᠢᠨ ᠡᠭᠦᠷᠭᠡ ᠴᠢᠳᠠᠪᠤᠷᠢ ᠪᠠᠨ ᠦᠨᠳᠦᠰᠦᠯᠡᠨ᠂ ᠣᠯᠠᠨ ᠲᠠᠯ᠎ᠠ  ᠠᠴᠠ ᠲᠥᠷᠥᠯ ᠵᠦᠢᠯ ᠳᠤ ᠴᠢᠩᠭ᠎ᠠ ᠬᠢᠨᠠᠨ ᠰᠢᠯᠭᠠᠯᠲᠠ ᠬᠢᠪᠡ᠃ 
2024年度38项农村公益事业项目完成验收工作 22.jpg
     ᠣᠳᠣᠬᠠᠨ ᠪᠣᠯᠲᠠᠯ᠎ᠠ᠂ ᠰᠢᠯᠭᠠᠨ ᠬᠤᠷᠢᠶᠠᠬᠤ ᠳᠤᠭᠤᠶᠢᠯᠠᠩ ᠨᠢ ᠨᠢᠭᠡᠨᠲᠡ 12 ᠰᠤᠮᠤ ᠪᠠᠯᠭᠠᠰᠤ ︵ᠺᠣᠮᠫᠠᠨᠢ᠂ ᠲᠥᠪ︶ ᠶᠢᠨ 2024 ᠣᠨ ᠤ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠦᠶᠯᠡᠰ ᠤᠨ 38 ᠲᠥᠷᠥᠯ ᠵᠦᠶᠯ ᠢ ᠰᠢᠯᠭᠠᠨ ᠬᠤᠷᠢᠶᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠰᠢᠯᠭᠠᠨ ᠬᠤᠷᠢᠶᠠᠬᠤ ᠠᠵᠢᠯ ᠢ ᠪᠡᠶᠡᠯᠡᠭᠦᠯᠬᠦ ᠶᠢᠨ ᠬᠠᠮᠲᠤ᠂ ᠰᠢᠯᠭᠠᠨ ᠬᠤᠷᠢᠶᠠᠬᠤ ᠳᠤᠭᠤᠶᠢᠯᠠᠩ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠶᠡᠷᠦᠩᠬᠡᠶ ᠱᠠᠭᠠᠷᠳᠠᠯᠭ᠎ᠠ ᠪᠣᠯᠤᠨ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠤ ᠬᠥᠭᠵᠢᠯᠲᠡ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ 2025 ᠣᠨ ᠤ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠦᠶᠯᠡᠰ ᠤᠨ ᠲᠥᠷᠥᠯ ᠵᠦᠶᠯ ᠢ ᠢᠳᠡᠪᠬᠢᠲᠡᠶ ᠲᠥᠯᠥᠪᠯᠡᠪᠠ᠃ 2025 ᠣᠨ ᠤ ᠲᠥᠷᠥᠯ ᠵᠦᠶᠯ ᠤᠨ ᠭᠤᠤᠯᠳᠠᠯᠭ᠎ᠠ ᠲᠠᠢ ᠴᠢᠭᠯᠡᠯ ᠢ ᠲᠣᠭᠲᠠᠭᠠᠨ᠂ ᠲᠥᠷᠥᠯ ᠵᠦᠶᠯ ᠤᠨ ᠨᠥᠭᠡᠴᠡ ᠬᠥᠮᠥᠷᠭᠡ ᠶᠢ ᠭᠠᠷᠲᠠᠨ ᠪᠠᠶᠢᠭᠤᠯᠵᠤ᠂ ᠰᠠᠨᠠᠮᠵᠢ ᠲᠠᠢ ᠲᠥᠷᠥᠯ ᠵᠦᠶᠯ ᠳᠤ ᠡᠮᠦᠨᠡᠬᠢ ᠬᠤᠭᠤᠴᠠᠭᠠᠨ ᠤ ᠨᠤᠲᠠᠯᠠᠯᠲᠠ ᠪᠠ ᠰᠢᠯᠢᠯᠲᠡ ᠬᠢᠵᠦ᠂ ᠲᠥᠷᠥᠯ ᠵᠦᠶᠯ ᠤᠨ ᠰᠢᠨᠵᠢᠯᠡᠬᠦ ᠤᠬᠠᠭᠠᠨᠴᠢ ᠴᠢᠨᠠᠷ᠂ ᠪᠣᠯᠤᠮᠵᠢᠲᠤ ᠴᠢᠨᠠᠷ ᠪᠠ ᠦᠷ᠎ᠡ ᠠᠰᠢᠭᠲᠤ ᠴᠢᠨᠠᠷ ᠢ ᠦᠨᠡᠨᠬᠦ ᠪᠠᠲᠤᠯᠠᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ 2025 ᠣᠨ  ᠤ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠦᠶᠯᠡᠰ ᠤᠨ ᠲᠥᠷᠥᠯ ᠵᠦᠶᠯ ᠢ ᠤᠷᠤᠭᠰᠢᠲᠠᠶ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ