3 ᠰᠠᠷ᠎ᠠ ᠶᠢᠨ 14 ᠤ ᠡᠳᠦᠷ᠂ ᠤᠷᠠᠳ ᠤᠨ ᠳᠤᠮᠳᠠᠳᠤ ᠬᠤᠰᠢᠭᠤ 2025 ᠣᠨ ᠤ ︽ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ︾᠂ | ︽ᠠᠷᠠᠯᠵᠢᠶᠠᠴᠢᠨ ᠤᠷᠢᠵᠤ ᠪᠠᠯᠠ ᠣᠷᠣᠭᠤᠯᠬᠤ︾᠂ ︽ᠣᠷᠴᠢᠨ ᠲᠣᠭᠤᠷᠢᠨ ᠢ ᠰᠢᠯᠢᠳᠡᠭᠵᠢᠭᠦᠯᠬᠦ︾ ᠪᠣᠭᠤᠮᠲᠠ ᠰᠢᠪᠲᠤᠯᠬᠤ ᠣᠨ ᠤ ᠳᠠᠶᠢᠴᠢᠯᠠᠯᠲᠠ ᠶᠢᠨ ᠶᠡᠭᠡ | ᠬᠤᠷᠠᠯ ᠵᠢᠴᠢ 2025 ᠣᠨ ᠤ ᠨᠢᠭᠡᠳᠦᠭᠡᠷ ᠤᠯᠠᠷᠢᠯ ᠤᠨ ︽ᠲᠡᠷᠢᠭᠦᠨ ᠳᠤ ᠤᠷᠤᠬᠤ ᠪᠠᠷ ᠴᠢᠷᠮᠠᠶᠢᠨ᠂ ᠤᠷᠤᠯᠳᠤᠨ ᠲᠡᠮᠡᠴᠡᠬᠦ︾ ᠲᠤᠰᠢᠶᠠᠯ ᠤᠨ ᠬᠠᠷᠢᠭᠤ | ᠮᠡᠳᠡᠭᠦᠯᠦᠯᠲᠡ ᠶᠢᠨ ᠦᠨᠡᠯᠡᠯᠳᠠ ᠶᠢᠨ ᠶᠡᠭᠡ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠵᠢᠩ ᠰᠢᠶᠠᠩ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠦᠨ ᡁᠢ ᠴᠦᠨ ᠬᠤᠷᠠᠯ ᠢ | ᠡᠷᠭᠢᠯᠡᠪᠡ᠃ | | | | ᠪᠥᠬᠦ ᠬᠤᠰᠢᠭᠤᠨ ᠤ ︽ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ︾᠂ ︽ᠠᠷᠠᠯᠵᠢᠶᠠᠴᠢᠨ ᠤᠷᠢᠵᠤ ᠪᠠᠯᠠ ᠣᠷᠣᠭᠤᠯᠬᠤ︾᠂ ︽ᠣᠷᠴᠢᠨ ᠲᠣᠭᠤᠷᠢᠨ ᠢ | ᠰᠢᠯᠢᠳᠡᠭᠵᠢᠭᠦᠯᠬᠦ︾ ᠪᠣᠭᠤᠮᠲᠠ ᠰᠢᠪᠲᠤᠯᠤᠯᠳᠠ ᠶᠢᠨ ᠣᠨ ᠤ ᠳᠠᠶᠢᠴᠢᠯᠠᠯᠲᠠ ᠶᠢᠨ ᠶᠡᠭᠡ ᠬᠤᠷᠠᠯ ᠵᠢᠴᠢ ᠨᠢᠭᠡᠳᠦᠭᠡᠷ ᠤᠯᠠᠷᠢᠯ ᠤᠨ ︽ᠲᠡᠷᠢᠭᠦᠨ ᠳᠤ ᠤᠷᠤᠬᠤ ᠪᠠᠷ | ᠴᠢᠷᠮᠠᠶᠢᠨ᠂ ᠤᠷᠤᠯᠳᠤᠨ ᠲᠡᠮᠡᠴᠡᠬᠦ︾ ᠠᠵᠢᠯ ᠤᠨ ᠬᠠᠷᠢᠭᠤ ᠮᠡᠳᠡᠭᠦᠯᠦᠯᠲᠡ ᠶᠢᠨ ᠦᠨᠡᠯᠡᠨ ᠶᠠᠷᠢᠯᠴᠠᠬᠤ ᠶᠡᠭᠡ ᠬᠤᠷᠠᠯ ᠬᠤᠷᠠᠯᠳᠤᠪᠠ᠃ | | | | ᠼᠦᠢ ᠵᠢᠩ ᠰᠢᠶᠠᠩ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠵᠠᠳᠠᠯᠪᠠ᠃ | ᠠᠵᠤ ᠦᠶᠯᠡᠰ ᠤᠨ ᠰᠠᠭᠤᠷᠢ᠂ ᠠᠵᠤ ᠦᠶᠯᠡᠰ ᠤᠨ ᠲᠠᠪᠴᠠᠩ᠂ ᠠᠵᠤ ᠦᠶᠯᠡᠰ ᠤᠨ ᠬᠡᠪᠴᠢᠶᠠᠵᠢᠯ ᠬᠦᠨᠳᠦ ᠨᠣᠴᠢᠲᠠᠶ ᠬᠦᠷᠦᠯᠴᠡᠬᠦ ᠥᠬᠡᠶ ᠪᠠᠶᠢᠵᠤ᠂ ᠬᠤᠰᠢᠭᠤᠨ | ᠤ ᠬᠡᠪᠴᠢᠶᠠᠨ ᠤ ᠠᠵᠤ ᠠᠬᠤᠶ ᠶᠢᠨ ᠠᠵᠤ ᠤᠶᠢᠯᠡᠰᠵᠢᠯᠳᠡ᠂ ᠵᠠᠬ᠎ᠠ ᠳᠡᠯᠭᠡᠭᠦᠷᠴᠢᠯᠡᠯᠲᠡ᠂ ᠣᠳᠣᠬᠢᠴᠢᠯᠠᠯᠲᠠ ᠶᠢ ᠠᠬᠢᠭᠤᠯᠬᠤ ᠪᠠᠶᠢᠷᠢᠯᠠᠭᠤᠯᠤᠯᠲᠠ ᠨᠢ ᠶᠠᠭ ᠰᠠᠭᠤᠷᠢ | ᠲᠠᠯᠪᠢᠬᠤ ᠱᠠᠲᠤᠨ ᠳᠤ ᠣᠷᠣᠰᠢᠵᠤ ᠪᠣᠶ᠃ ᠮᠠᠨ ᠤ ᠬᠤᠰᠢᠭᠤᠨ ᠤ ᠠᠵᠤ ᠦᠢᠯᠡᠰ ᠤᠨ ᠲᠣᠭᠲᠠᠯᠴᠠᠭ᠎ᠠ ᠶᠢ ᠪᠤᠰᠤᠳᠴᠢ ᠪᠠᠷ ᠬᠢᠨᠠᠨ ᠰᠢᠨᠵᠢᠪᠠᠯ᠂ ︽0︾ ᠠᠴᠠ | ︽1︾ ᠬᠦᠷᠲᠡᠯᠡᠬᠢ ᠡᠬᠢᠯᠡᠯᠲᠡ ᠶᠢᠨ ᠱᠠᠲᠤᠨ ᠳᠤ ᠪᠠᠶᠢᠵᠤ᠂ ᠭᠤᠷᠪᠠᠨ ᠠᠵᠤ ᠦᠢᠯᠡᠰ ᠨᠢ ᠦᠨᠳᠦᠰᠦᠨ ᠳᠡᠭᠡᠨ ᠠᠵᠤ ᠦᠢᠯᠡᠰᠵᠢᠯᠲᠡ ᠶᠢᠨ ᠪᠣᠭᠤᠳᠠᠯᠯᠠᠬᠤ᠂ ᠳᠠᠬᠢᠨ | ᠴᠣᠭᠴᠠᠯᠠᠯᠲᠠ ᠶᠢ ᠥᠩᠭᠡᠷᠡᠭᠡᠭᠰᠡᠨ ᠦᠭᠡᠢ᠂ ᠠᠵᠤ ᠦᠢᠯᠡᠰ ᠤᠨ ᠨᠡᠶᠢᠳᠬᠡᠯ᠂ ᠠᠵᠤ ᠦᠢᠯᠡᠰ ᠤᠨ ᠳᠠᠬᠢᠨ ᠪᠠᠶᠢᠭᠤᠯᠤᠯᠲᠠ ᠪᠠ ᠠᠵᠤ ᠦᠢᠯᠡᠰ ᠤᠨ ᠳᠡᠰ ᠳᠠᠪᠰᠢᠯᠲᠠ | ᠶᠢ ᠦᠩᠬᠡᠷᠡᠭᠡᠭᠰᠡᠨ ᠦᠭᠡᠢ᠂ ᠪᠦᠬᠦ ᠠᠵᠤ ᠦᠢᠯᠡᠰ ᠤᠨ ᠬᠡᠯᠬᠢᠶᠡᠵᠢᠯ ᠤᠨ ᠬᠠᠷᠠᠯᠲᠠ ᠠᠴᠠ ᠬᠤᠯᠠ ᠵᠥᠷᠢᠵᠦ ᠪᠠᠶᠢᠨ᠎ᠠ᠃ | ᠬᠥᠭᠵᠢᠯᠲᠡ ᠶᠢᠨ ᠤᠬᠠᠮᠰᠠᠷ᠂ ᠬᠥᠭᠵᠢᠯᠲᠡ ᠶᠢᠨ ᠦᠵᠡᠯᠲᠡ᠂ ᠬᠥᠭᠵᠢᠯᠲᠡ ᠶᠢᠨ ᠣᠷᠴᠢᠨ ᠲᠣᠭᠤᠷᠢᠨ ᠨᠢ ᠬᠥᠭᠵᠢᠭᠰᠡᠨ ᠭᠠᠵᠠᠷ ᠣᠷᠣᠨ ᠯᠤᠭ᠎ᠠ ᠵᠥᠷᠢᠶ᠎ᠡ ᠮᠠᠰᠢ | ᠶᠡᠭᠡ ᠪᠠᠶᠢᠵᠤ᠂ ᠬᠤᠰᠢᠭᠤᠨ ᠤ ᠬᠡᠪᠴᠢᠶᠠᠨ ᠤ ᠠᠵᠤ ᠠᠬᠤᠶ ᠶᠢᠨ ᠠᠵᠤ ᠤᠶᠢᠯᠡᠰᠵᠢᠯᠳᠡ ᠵᠠᠬ᠎ᠠ ᠳᠡᠯᠭᠡᠭᠦᠷᠴᠢᠯᠡᠯᠲᠡ ᠣᠳᠣᠬᠢᠴᠢᠯᠠᠯᠲᠠ ᠶᠢ ᠪᠡᠶᠡᠯᠡᠭᠦᠯᠬᠦ ᠰᠡᠳᠬᠢᠬᠦᠶ | ᠶᠢᠨ ᠣᠶᠢᠯᠠᠭᠠᠭᠳᠠᠬᠤᠨ᠂ ᠪᠠᠶᠢᠭᠤᠯᠤᠯ ᠲᠣᠭᠲᠠᠴᠠ ᠶᠢᠨ ᠲᠣᠭᠤᠷᠢᠨ ᠳᠤ ᠰᠢᠨ᠎ᠡ ᠶᠢ ᠡᠭᠦᠳᠬᠦ ᠴᠢᠬᠤᠯᠠᠲᠠᠶ ᠪᠠᠶᠢᠨ᠎ᠠ᠃ ᠬᠥᠭᠵᠢᠯᠲᠡ ᠶᠢ ᠳᠡᠭᠡᠭᠰᠢᠯᠡᠬᠦᠯᠬᠦ ᠪᠠ | ᠰᠠᠶᠢᠵᠢᠷᠠᠭᠤᠯᠬᠤ ᠣᠷᠣᠨ ᠵᠠᠢ ᠮᠥᠨ ᠯᠡ ᠮᠠᠰᠢ ᠶᠡᠭᠡ ᠪᠠᠶᠢᠵᠤ᠂ ︽ᠬᠢᠬᠦ ᠳᠤᠷ᠎ᠠ ᠦᠭᠡᠢ᠂ ᠬᠢᠬᠦ ᠵᠣᠷᠢᠭ ᠦᠭᠡᠢ᠂ ᠬᠢᠵᠦ ᠴᠢᠳᠠᠬᠤ ᠦᠭᠡᠢ︾ ᠵᠡᠷᠭᠡ ᠬᠥᠭᠵᠢᠯᠲᠡ ᠶᠢ | ᠬᠠᠷᠰᠢᠯᠠᠵᠤ ᠪᠠᠶᠢᠭ᠎ᠠ ᠦᠵᠡᠯ ᠰᠠᠨᠠᠭ᠎ᠠ ᠣᠶᠢᠯᠠᠭᠠᠭᠳᠠᠬᠤᠨ ᠪᠠ ᠪᠠᠶᠢᠭᠤᠯᠤᠯ ᠲᠣᠭᠲᠠᠴᠠ ᠶᠢᠨ ᠭᠡᠮ ᠰᠣᠭᠤᠭ ᠢ ᠪᠠᠰᠠ ᠲᠤᠶᠢᠯᠪᠤᠷᠢᠲᠠᠢ ᠠᠷᠢᠯᠭᠠᠵᠤ ᠴᠢᠳᠠᠭᠠᠳᠤᠢ᠂ | ︽ᠺᠠᠳ᠋ᠷᠴᠤᠤᠨ ᠵᠣᠷᠢᠭᠲᠠᠢ ᠬᠢᠵᠦ᠂ ᠣᠷᠣᠨ ᠨᠤᠲᠤᠭ ᠤᠨ ᠬᠢᠨ ᠵᠣᠷᠢᠭᠲᠠᠢ ᠬᠢᠵᠦ᠂ ᠠᠵᠤ ᠠᠬᠤᠶᠢᠯᠠᠯ ᠤᠨ ᠬᠢᠨ ᠵᠣᠷᠢᠭᠲᠠᠢ ᠬᠢᠵᠦ᠂ ᠤᠯᠠᠨ ᠲᠦᠮᠡᠨ ᠵᠣᠷᠢᠭᠲᠠᠢ | ᠡᠭᠦᠳᠦᠨ ᠪᠦᠲᠦᠭᠡᠬᠦ︾ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠪᠠᠰᠠ ᠭᠦᠢᠴᠡᠳ ᠬᠦᠭᠵᠢᠭᠡᠭᠰᠡᠨ ᠦᠬᠡᠢ ᠪᠠᠶᠢᠭᠰᠠᠭᠠᠷ ᠶᠤᠮ᠃ | ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠶᠯᠡᠰ ᠤᠨ ᠳᠠᠪᠠᠭᠤᠯᠢᠭ ᠢ ᠲᠦᠷᠭᠡᠨ ᠪᠠᠳᠠᠷᠠᠭᠤᠯᠵᠤ᠂ ᠬᠤᠰᠢᠭᠤᠨ ᠤ ᠬᠡᠪᠴᠢᠶᠠᠨ | ᠤ ᠠᠵᠤ ᠠᠬᠤᠶ ᠴᠢᠷᠮᠠᠶᠢᠨ ᠤᠷᠤᠭᠰᠢᠯᠠᠵᠦ᠂ ᠬᠦᠢᠴᠡᠨ ᠲᠠᠪᠠᠵᠦ ᠡᠮᠦᠨ᠎ᠡ ᠡᠩᠨᠡᠭᠡᠨ ᠳᠤ ᠣᠷᠣᠬᠤ ᠣᠷᠣᠨ ᠵᠠᠶ ᠯᠤᠲᠤ ᠶᠡᠭᠡ ᠪᠠᠶᠢᠨ᠎ᠠ᠃ ᠮᠠᠨ ᠤ ᠬᠤᠰᠢᠭᠤ ᠪᠣᠯ ᠠᠵᠤ | ᠦᠢᠯᠡᠰ ᠣᠯᠠᠨ ᠡᠰᠢᠵᠢᠭᠰᠡᠨ᠂ ᠡᠯᠧᠮᠧᠨ᠋ᠲ ᠣᠯᠠᠨ ᠡᠰᠢᠵᠢᠭᠰᠡᠨ᠂ ᠪᠦᠲᠦᠴᠡ ᠣᠯᠠᠨ ᠡᠰᠢᠵᠢᠭᠰᠡᠨ ᠶᠡᠷᠦᠩᠬᠡᠶᠢᠯᠡᠭᠰᠡᠨ ᠬᠡᠯᠪᠡᠷᠢ ᠶᠢᠨ ᠰᠢᠶᠠᠨ ᠤ ᠬᠡᠪᠴᠢᠶᠡᠨ ᠤ ᠠᠵᠤ | ᠠᠬᠤᠢ ᠶᠢᠨ ᠴᠣᠭᠴᠠ ᠪᠠᠶᠢᠵᠤ᠂ ᠰᠠᠭᠤᠷᠢ ᠮᠠᠰᠢ ᠰᠠᠶᠢᠨ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠤ ᠦᠶᠯᠡᠰ ᠤᠨ ᠲᠠᠰ ᠳᠡᠪᠰᠢᠬᠦ ᠶᠢᠨ | ᠭᠠᠷᠳᠠᠬᠤ ᠴᠡᠭ ᠪᠠ ᠰᠢᠪᠲᠤᠯᠤᠯᠲᠠ ᠶᠢᠨ ᠴᠡᠭ ᠢ ᠣᠯᠵᠤ᠂ ᠨᠡᠪᠲᠡᠷᠡᠬᠦ ᠵᠠᠮ ᠤᠨ ᠠᠵᠤ ᠦᠶᠯᠡᠰ᠂ ᠬᠢᠯᠢ ᠳᠠᠭᠠᠤ ᠶᠢᠨ ᠠᠵᠤ ᠦᠶᠯᠡᠰ᠂ ᠰᠢᠨ᠎ᠡ ᠬᠡᠯᠪᠡᠷᠢ ᠶᠢᠨ ᠠᠵᠤ | ᠦᠶᠯᠡᠰ ᠢ ᠰᠠᠶᠢᠲᠤᠷ ᠠᠳᠬᠤᠵᠤ᠂ ᠠᠵᠤ ᠦᠶᠯᠡᠳᠪᠦᠷᠢ ᠶᠢᠨ ᠰᠢᠨ᠎ᠡ ᠡᠨᠧᠷᠭᠢ ᠬᠢᠭᠡᠳ ᠲᠡᠷᠢᠭᠦᠨ ᠤ ᠡᠨᠧᠷᠭᠢ ᠶᠢᠨ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ | ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ᠂ ᠦᠶᠯᠡᠴᠢᠯᠡᠭᠡᠨ ᠤ ᠦᠶᠯᠡᠰ ᠤᠨ ᠳᠡᠭᠡᠳᠦ ᠲᠡᠰᠵᠢᠯᠳᠠ᠂ ᠤᠶᠤᠨᠴᠢᠯᠠᠯᠳᠠ᠂ ᠪᠣᠬᠢᠷᠲᠤᠯ | ᠥᠬᠡᠶᠢᠵᠢᠯᠲᠡ᠂ ᠳᠡᠯᠡᠬᠡᠶᠢᠵᠢᠯᠲᠡ ᠶᠢᠨ ᠴᠢᠭᠯᠡᠯ ᠢᠶᠠᠷ ᠤᠷᠤᠭᠰᠢᠯᠠᠬᠤ ᠶᠢ ᠳᠠᠶᠢᠴᠢᠯᠠᠬᠤ ᠬᠡᠷᠡᠭᠲᠡᠶ᠃ | ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠡᠭᠡᠵᠦ ᠭᠦᠶᠴᠡᠨ ᠳᠠᠪᠠᠵᠤ | ᠭᠠᠷᠬᠤ ᠬᠥᠳᠡᠯᠭᠡᠬᠦ ᠬᠦᠴᠦᠨ ᠢᠶᠠᠨ ᠳᠡᠭᠡᠭᠰᠢᠯᠡᠭᠦᠯᠤᠨ᠂ ᠨᠠᠩ ᠣᠨᠣᠪᠴᠢᠲᠠᠶ ᠠᠷᠭ᠎ᠠ ᠵᠠᠮ ᠢᠶᠠᠷ ᠵᠢᠷᠤᠵᠤ ᠲᠥᠯᠥᠪᠯᠡᠬᠦ᠂ ᠨᠠᠩ ᠰᠢᠨᠵᠢᠯᠡᠬᠦ ᠤᠬᠠᠭᠠᠨᠴᠢ ᠲᠣᠭᠲᠠᠴᠠ ᠪᠠᠷ | ᠪᠠᠲᠤᠯᠠᠬᠤ᠂ ᠨᠠᠩ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ᠂ ᠨᠠᠩ ᠣᠷᠭᠢᠯᠤᠮ᠎ᠠ ᠬᠠᠯᠠᠭᠤᠨ ᠦᠶᠯᠡᠰ ᠪᠤᠰᠬᠠᠬᠤ ᠡᠷᠴᠢ ᠵᠣᠷᠢᠭ ᠢᠶᠠᠷ ᠬᠤᠰᠢᠭᠤᠨ ᠤ ᠠᠵᠤ ᠠᠬᠤᠶ | ᠶᠢᠨ ︽13335︾ ᠶᠡᠷᠦᠩᠬᠡᠶ ᠪᠠᠶᠢᠷᠢᠯᠠᠭᠤᠯᠤᠯᠳᠠ ᠶᠢ ᠠᠮᠢᠳᠤᠯᠢᠭ ᠦᠶᠯᠡᠳᠦᠯᠭᠡ ᠪᠠ ᠪᠣᠳᠠᠲᠤ ᠠᠬᠤᠶ ᠪᠣᠯᠭᠠᠨ ᠲᠦᠷᠭᠡᠳᠬᠡᠨ ᠬᠤᠪᠢᠷᠠᠭᠤᠯᠬᠤ ᠶᠢ ᠠᠬᠢᠭᠤᠯᠬᠤ | ᠬᠡᠷᠡᠭᠲᠡᠶ᠃ | ︽ᠠᠵᠤ ᠦᠢᠯᠡᠰ ᠤᠨ ᠲᠥᠯᠥᠪᠵᠢᠭᠦᠯᠭᠡ᠂ ᠣᠷᠣᠨ ᠪᠦᠰᠡ ᠶᠢᠨ ᠪᠠᠶᠢᠷᠢᠯᠠᠭᠤᠯᠤᠯᠳᠠ︾ ᠶᠢ ᠨᠢᠭᠡᠳᠦᠭᠡᠷ ᠰᠡᠳᠬᠢᠬᠦᠢ ᠪᠣᠯᠭᠠᠨ ᠠᠵᠢᠯ ᠤᠨ ᠲᠤᠮᠳᠠ ᠪᠠᠨ | ᠢᠮᠠᠭᠲᠠ ᠲᠤᠭᠤᠰᠢᠯᠠᠭᠤᠯᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠠᠵᠤ ᠦᠢᠯᠡᠰ ᠤᠨ ᠲᠥᠯᠥᠪᠵᠢᠭᠦᠯᠭᠡ᠂ ᠣᠷᠣᠨ ᠪᠦᠰᠡ ᠶᠢᠨ | ᠪᠠᠶᠢᠷᠢᠯᠠᠭᠤᠯᠤᠯᠳᠠ︾ ᠶᠢᠨ ᠨᠢᠭᠡᠳᠦᠭᠡᠷ ᠰᠡᠳᠬᠢᠬᠦᠶ ᠶᠢ ᠢᠮᠠᠭᠲᠠ ᠪᠠᠲᠤ ᠪᠣᠶ ᠪᠣᠯᠭᠠᠬᠤ ᠶᠢᠨ ᠬᠠᠮᠲᠤ ᠠᠵᠢᠯ ᠢᠶᠠᠨ ᠢᠮᠠᠭᠲᠠ ᠲᠤᠭᠤᠰᠢᠯᠠᠭᠤᠯᠬᠤ ᠬᠡᠷᠡᠭᠲᠡᠶ᠃ ᠴᠠᠭ ᠪᠠ | ᠣᠶᠤᠨ ᠴᠢᠳᠠᠯ ᠢᠶᠠᠨ ᠭᠤᠤᠯᠯᠠᠬᠤ ᠠᠵᠤ ᠦᠶᠯᠡᠰ ᠤᠨ ᠬᠡᠪᠴᠢᠶᠡᠵᠢᠯ ᠢ ᠪᠤᠵᠠᠭᠠᠶᠢᠷᠠᠭᠤᠯᠬᠤ᠂ ᠠᠵᠤ ᠦᠶᠯᠡᠰ ᠤᠨ ᠬᠡᠯᠬᠢᠶᠡᠵᠢᠯ ᠢ ᠤᠷᠲᠤᠳᠬᠠᠬᠤ᠂ ᠠᠵᠤ ᠦᠶᠯᠡᠰ | ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠬᠦ ᠳᠡᠭᠡᠷ᠎ᠡ ᠲᠥᠪᠯᠡᠷᠡᠭᠦᠯᠵᠦ᠂ ᠪᠦᠬᠦᠯᠢ ᠴᠣᠭᠴᠠ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠬᠦ᠂ ᠴᠢᠳᠠᠮᠵᠢ ᠶᠢᠨ | ᠪᠠᠶᠢᠷᠢᠯᠠᠭᠤᠯᠤᠯᠳᠠ ᠶᠢ ᠲᠡᠭᠦᠯᠳᠡᠷᠵᠢᠭᠦᠯᠬᠦ᠂ ᠠᠵᠤ ᠦᠶᠯᠡᠰ ᠤᠨ ᠪᠠᠶᠢᠷᠢᠯᠠᠭᠤᠯᠤᠯᠳᠠ ᠶᠢ ᠨᠠᠷᠢᠯᠢᠭ ᠬᠤᠪᠢᠶᠠᠬᠤ ᠳᠡᠭᠡᠷ᠎ᠡ ᠲᠥᠪᠯᠡᠷᠡᠭᠦᠯᠤᠨ᠂ ᠡᠯ᠎ᠡ ᠠᠵᠤ ᠦᠶᠯᠡᠰ ᠤᠨ | ᠬᠦᠷᠢᠶᠡᠯᠡᠩ ᠲᠣᠭᠤᠷᠢᠭ ᠤᠨ ᠵᠦᠶ ᠵᠣᠬᠢᠰᠲᠠᠶ ᠠᠵᠢᠯ ᠤᠨ ᠬᠤᠪᠢᠶᠠᠷᠢᠯᠠᠯ᠂ ᠵᠣᠯᠭᠠᠭᠤᠯᠤᠨ ᠢᠵᠢ ᠪᠦᠷᠢᠳᠦᠭᠦᠯᠬᠦ᠂ ᠵᠥᠷᠢᠶᠡᠲᠦ ᠬᠥᠭᠵᠢᠯᠲᠡ ᠶᠢ ᠠᠬᠢᠭᠤᠯᠬᠤ ᠳᠡᠭᠡᠷ᠎ᠡ | ᠲᠥᠪᠯᠡᠷᠡᠭᠦᠯᠵᠦ᠂ ᠶᠠᠭᠠᠬᠢᠭᠰᠠᠨ ᠴᠤ ᠲᠥᠷᠥᠯ ᠵᠦᠶᠯ ᠢ ᠲᠥᠬᠦᠮ ᠢᠶᠠᠷ ᠠᠳᠬᠤᠵᠤ ᠪᠣᠯᠬᠤ ᠥᠬᠡᠶ᠃ | ︽ᠪᠦᠬᠦ ᠲᠠᠯ᠎ᠠ ᠶᠢᠨ ᠦᠵᠡᠯᠲᠡ᠂ ᠪᠦᠬᠦᠯᠢ ᠴᠣᠭᠴᠠ ᠶᠢᠨ ᠦᠵᠡᠯᠲᠡ᠂ ᠰᠢᠰᠲ᠋ᠧᠮᠲᠦ ᠦᠵᠡᠯᠲᠡ︾ ᠪᠠᠷ ᠪᠠᠶᠢᠷᠢᠯᠠᠭᠤᠯᠤᠯᠳᠠ ᠬᠢᠬᠦ ᠬᠡᠷᠡᠭᠲᠡᠢ᠃ ᠡᠯ᠎ᠡ ᠱᠠᠳᠤ ᠡᠯ᠎ᠡ | ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠶᠢᠨ ᠦᠵᠡᠯᠲᠡ᠂ ᠪᠦᠬᠦᠯᠢ ᠴᠣᠭᠴᠠ ᠶᠢᠨ ᠦᠵᠡᠯᠲᠡ᠂ ᠰᠢᠰᠲ᠋ᠧᠮᠲᠦ ᠦᠵᠡᠯᠲᠡ ᠶᠢ ᠪᠤᠢ ᠪᠣᠯᠭᠠᠨ ᠴᠢᠩᠭᠠᠳᠬᠠᠵᠤ᠂ ᠬᠡᠰᠡᠭ | ᠲᠠᠯ᠎ᠠ ᠶᠢ ᠯᠠ ᠣᠯᠵᠤ ᠦᠵᠡᠭᠡᠳ ᠪᠦᠬᠦ ᠲᠠᠯ᠎ᠠ ᠶᠢ ᠣᠯᠵᠤ ᠦᠵᠡᠬᠦ ᠦᠭᠡᠢ᠂ ᠣᠨᠴᠠ ᠵᠠᠷᠢᠮ ᠬᠡᠷᠡᠭ ᠪᠣᠳᠠᠰ ᠪᠤᠶᠤ ᠬᠡᠷᠡᠭ ᠪᠣᠳᠠᠰ ᠤᠨ ᠶᠠᠮᠠᠷ ᠨᠢᠭᠡᠨ ᠨᠠᠷᠢᠨ ᠵᠦᠢᠯᠡᠰ | ᠲᠤ ᠯᠡ ᠠᠩᠬᠠᠷᠤᠯ ᠢᠶᠠᠨ ᠲᠥᠪᠯᠡᠷᠡᠭᠦᠯᠬᠦ ᠪᠤᠷᠤᠭᠤ ᠬᠡᠯᠪᠡᠷᠢᠯ ᠢ ᠰᠡᠷᠭᠡᠶᠢᠯᠡᠬᠦ ᠬᠡᠷᠡᠭᠲᠡᠢ᠃ ᠨᠢᠳᠤᠨ ᠡᠮᠦᠨᠡᠬᠢ ᠪᠠᠨ ᠯᠡ ᠪᠤᠳᠤᠬᠤ᠂ ᠠᠯᠤᠰ ᠬᠤᠯᠠ ᠶᠢ ᠪᠤᠳᠤᠬᠤ ᠦᠭᠡᠢ᠂ | ᠬᠤᠯᠠ ᠶᠢᠨ ᠬᠠᠷᠠᠴᠠ ᠦᠭᠡᠢ ᠴᠢᠨᠠᠭᠰᠢᠯᠠᠪᠠᠯ ᠠᠪᠤᠨ ᠳᠣᠣᠷ᠎ᠠ ᠪᠠᠨ ᠠᠰᠢᠭ ᠤᠯᠬᠤ ᠶᠢ ᠬᠥᠭᠡᠭᠡᠴᠡᠯᠳᠦᠬᠦ ᠪᠤᠷᠤᠭᠤ ᠬᠡᠯᠪᠡᠷᠢᠯ ᠢ ᠰᠡᠷᠭᠡᠶᠢᠯᠡᠬᠦ ᠬᠡᠷᠡᠭᠲᠡᠢ᠃ ᠵᠥᠪᠬᠡᠨ | ᠦᠵᠡᠭᠳᠡᠯ ᠢ ᠦᠵᠡᠭᠡᠳ ᠮᠥᠨ ᠴᠢᠨᠠᠷ ᠢ ᠦᠵᠡᠬᠦ ᠦᠭᠡᠢ᠂ ᠦᠩᠬᠡᠨ ᠲᠡᠭᠡᠷᠡᠬᠢ ᠪᠠᠶᠢᠳᠠᠯ ᠳᠤ ᠲᠥᠭᠡᠷᠢᠭᠳᠡᠭᠡᠳ ᠭᠤᠣᠯ ᠵᠥᠷᠢᠴᠡᠯ ᠢ ᠠᠳᠬᠤᠵᠤ ᠴᠢᠳᠠᠬᠤ ᠦᠭᠡᠢ | ᠪᠤᠷᠤᠭᠤ ᠬᠡᠯᠪᠡᠷᠢᠯ ᠢ ᠰᠡᠷᠭᠡᠶᠢᠯᠡᠬᠦ ᠬᠡᠷᠡᠭᠲᠡᠢ᠃ | ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠤᠳᠠᠯ ᠢ ᠶᠡᠷᠦᠩᠬᠡᠢ ᠡᠬᠢ ᠰᠤᠷᠪᠤᠯᠵᠢ ᠶᠡᠷᠦᠩᠬᠡᠢ ᠬᠥᠳᠡᠯᠭᠡᠬᠦ ᠬᠦᠴᠦᠨ ᠪᠣᠯᠭᠠᠬᠤ ᠬᠡᠷᠡᠭᠳᠡᠢ᠃ ᠪᠥᠬᠦ ᠬᠤᠰᠢᠭᠤᠨ ᠤ | ᠬᠡᠪᠴᠢᠶᠡᠨ ᠳᠤ ᠪᠥᠬᠦ ᠬᠦᠷᠢᠶ᠎ᠡ ᠴᠠᠷᠠᠭ᠎ᠠ ᠪᠥᠬᠦ ᠡᠯᠧᠮᠧᠨ᠋ᠲ ᠤᠨ ᠡᠬᠢ ᠪᠠᠶᠠᠯᠢᠭ ᠢ ᠬᠠᠶᠢᠨ ᠪᠠᠶᠢᠴᠠᠭᠠᠬᠤ ᠠᠵᠢᠯ ᠢ ᠥᠷᠨᠢᠭᠦᠯᠵᠦ᠂ ᠰᠢᠨ᠎ᠡ ᠨᠢᠭᠡᠨ ᠡᠭᠡᠯᠵᠢ ᠶᠢᠨ | ᠠᠭᠤᠷᠬᠠᠶ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠦᠨ᠂ ᠡᠬᠢ ᠪᠠᠶᠠᠯᠢᠭ ᠤᠨ ᠳᠠᠯᠳᠠ ᠬᠦᠴᠦᠨ ᠢ ᠭᠦᠶᠴᠡᠳ | ᠪᠠᠳᠠᠷᠠᠭᠤᠯᠵᠤ᠂ ᠪᠥᠬᠦ ᠠᠵᠤ ᠦᠶᠯᠡᠰ ᠤᠨ ᠬᠡᠯᠬᠢᠶᠡᠵᠢᠯ ᠤᠨ ᠲᠠᠰ ᠳᠡᠪᠰᠢᠬᠦ ᠶᠢ ᠠᠬᠢᠭᠤᠯᠤᠨ᠂ ᠡᠬᠢ ᠪᠠᠶᠠᠯᠢᠭ ᠤᠨ ᠳᠠᠪᠠᠭᠤᠯᠢᠭ ᠢ ᠠᠵᠤ ᠦᠶᠯᠡᠰ ᠤᠨ ᠳᠠᠪᠠᠭᠤᠯᠢᠭ᠂ | ᠬᠥᠭᠵᠢᠯᠲᠡ ᠶᠢᠨ ᠢᠯᠠᠯᠲᠠ ᠪᠣᠯᠭᠠᠨ ᠬᠤᠪᠢᠷᠠᠭᠤᠯᠬᠤ ᠬᠡᠷᠡᠭᠳᠡᠢ᠃ | ︽ᠲᠣᠮᠣ ᠰᠠᠭᠤᠷᠢᠨ ᠭᠠᠵᠠᠷ᠂ ᠲᠣᠮᠣ ᠬᠦᠷᠢᠶᠡᠯᠡᠩ ᠲᠣᠭᠤᠷᠢᠭ᠂ ᠲᠣᠮᠣ ᠲᠤᠯᠤᠭᠠᠶᠢᠯᠠᠭᠴᠢ ᠠᠵᠤ ᠠᠬᠤᠶᠢᠯᠠᠯ᠂ ᠲᠣᠮᠣ ᠨᠠᠷᠠᠲᠤ ᠲᠦᠷᠦᠯ ᠲᠡᠮᠳᠡᠭᠲᠦ᠂ ᠲᠣᠮᠣ | ᠲᠥᠷᠥᠯ ᠵᠦᠶᠯ︾ ᠢᠶᠠᠷ ᠡᠬᠢᠯᠡᠯᠲᠡ ᠪᠣᠯᠭᠠᠬᠤ ᠬᠡᠷᠡᠭᠳᠡᠢ᠃ ᠪᠥᠬᠦ ᠬᠤᠰᠢᠭᠤᠨ ᠤ ᠣᠲᠣ ᠶᠢᠨ ᠪᠠᠶᠢᠭ᠎ᠠ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠳᠡᠭᠡᠳᠦ | ᠱᠠᠲᠤᠨ ᠤ ᠲᠥᠷᠥᠯ ᠵᠦᠶᠯ᠂ ᠲᠣᠰ ᠱᠠᠲᠤᠨ ᠤ ᠪᠠᠯᠠ ᠮᠥᠩᠭᠦ ᠪᠠ ᠨᠡᠶᠢᠭᠡᠮ ᠤᠨ ᠬᠥᠷᠥᠩᠭᠡ ᠶᠢ ᠡᠮᠬᠢᠯᠡᠨ ᠨᠡᠶᠢᠯᠡᠭᠦᠯᠵᠦ᠂ ᠰᠠᠭᠤᠷᠢᠨ ᠭᠠᠵᠠᠷ᠂ ᠬᠦᠷᠢᠶᠡᠯᠡᠩ | ᠲᠣᠭᠤᠷᠢᠭ ᠢ ᠴᠢᠨᠠᠷ ᠰᠠᠶᠢᠲᠠᠶ ᠪᠠᠶᠢᠭᠤᠯᠵᠦ᠂ ᠲᠤᠯᠤᠭᠠᠶᠢᠯᠠᠭᠴᠢ ᠠᠵᠤ ᠠᠬᠤᠶᠢᠯᠠᠯ ᠤᠨ ᠬᠡᠯᠬᠢᠶᠡᠵᠢᠯ ᠤᠨ ᠭᠤᠤᠯ ᠬᠡᠯᠪᠡᠷᠢ ᠶᠢᠨ ᠠᠵᠤ ᠠᠬᠤᠶᠢᠯᠠᠯ ᠢ ᠣᠷᠣᠭᠤᠯᠤᠨ | ᠠᠪᠴᠢᠷᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠪᠦᠳᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ᠂ ᠣᠳᠣᠬᠢᠴᠢᠯᠠᠭᠰᠠᠨ ᠠᠵᠤ | ᠦᠶᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠬᠡᠷᠡᠭᠳᠡᠢ᠃ | ︽ᠠᠵᠤ ᠦᠶᠯᠡᠰ ᠪᠠ ᠠᠵᠤ ᠦᠶᠯᠡᠰ ᠤᠨ ᠬᠡᠯᠬᠢᠶᠡᠵᠢᠯ ᠤᠨ ᠪᠠᠶᠢᠷᠢ ᠲᠣᠭᠲᠠᠭᠠᠯᠲᠠ︾᠂ ︽ᠭᠤᠤᠯᠳᠠᠯᠭ᠎ᠠ ᠲᠠᠢ ᠣᠷᠣᠨ ᠪᠦᠰᠡ ᠶᠢᠨ ᠪᠠᠶᠢᠷᠢ ᠲᠣᠭᠲᠠᠭᠠᠯᠲᠠ︾᠂ | ︽ᠬᠠᠷᠠᠯᠲᠠᠲᠤ ᠠᠵᠤ ᠠᠬᠤᠶᠢᠯᠠᠯ ᠤᠨ ᠪᠠᠶᠢᠷᠢ ᠲᠣᠭᠲᠠᠭᠠᠯᠲᠠ︾ ᠪᠠᠷ ᠲᠤᠶᠢᠯ ᠤᠨ ᠣᠨᠣᠪᠴᠢᠲᠠᠶ ᠪᠠᠷ ᠠᠷᠠᠯᠵᠢᠶᠠᠴᠢᠨ ᠤᠷᠢᠬᠤ ᠬᠡᠷᠡᠭᠳᠡᠢ᠃ ᠰᠢᠨᠵᠢᠯᠡᠬᠦ ᠤᠬᠠᠭᠠᠨᠴᠢ | ᠨᠠᠷᠢᠨ ᠨᠢᠭᠲᠠ ᠠᠷᠠᠯᠵᠢᠶᠠᠴᠢᠨ ᠤᠷᠢᠬᠤ ᠲᠥᠯᠥᠪᠯᠡᠭᠡ ᠶᠢ ᠲᠣᠭᠲᠠᠭᠠᠵᠤ᠂ ᠡᠭᠦᠷᠭᠡ ᠶᠢᠨ ᠪᠢᠴᠢᠭ᠂ ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠲᠦ᠂ | ᠬᠠᠷᠢᠭᠤᠴᠠᠯᠭ᠎ᠠ ᠶᠢᠨ ᠲᠦᠷᠢᠮ ᠢ ᠲᠣᠳᠣᠷᠬᠠᠶᠢᠯᠠᠵᠤ᠂ ᠪᠡᠯᠡᠳᠬᠡᠯ ᠲᠠᠢ᠂ ᠢᠯᠠᠬᠤ ᠪᠠᠲᠤᠯᠠᠭ᠎ᠠ ᠲᠠᠢ ᠳᠠᠶᠢᠯᠠᠯᠳᠤᠭᠠᠨ ᠬᠢᠬᠦ ᠬᠡᠷᠡᠭᠳᠡᠢ᠃ | ᠠᠵᠤ ᠦᠶᠯᠡᠰ ᠤᠨ ᠰᠤᠳᠤᠯᠭᠠᠨ᠂ ᠲᠥᠷᠥ ᠶᠢᠨ ᠪᠣᠳᠣᠯᠭ᠎ᠠ ᠶᠢᠨ ᠰᠤᠳᠤᠯᠭᠠᠨ᠂ ᠲᠥᠷᠥᠯ ᠵᠦᠶᠯ ᠤᠨ ᠰᠤᠳᠤᠯᠭᠠᠨ ᠢ ᠨᠢᠭᠡᠳᠦᠭᠡᠷ ᠳᠠᠳᠬᠠᠯ ᠪᠠ ᠵᠠᠪᠠᠯ | ᠪᠦᠷᠢᠯᠳᠦᠭᠦᠯᠬᠦ ᠬᠡᠪ ᠪᠣᠯᠪᠠᠰᠤᠷᠠᠯ ᠪᠣᠯᠭᠠᠬᠤ ᠬᠡᠷᠡᠭᠳᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ | ᠠᠵᠤ ᠦᠶᠯᠡᠰ ᠤᠨ ᠰᠤᠳᠤᠯᠭᠠᠨ᠂ ᠲᠥᠷᠥ ᠶᠢᠨ ᠪᠣᠳᠣᠯᠭ᠎ᠠ ᠶᠢᠨ ᠰᠤᠳᠤᠯᠭᠠᠨ᠂ ᠲᠥᠷᠥᠯ ᠵᠦᠶᠯ ᠤᠨ ᠰᠤᠳᠤᠯᠭᠠᠨ ᠢ ᠭᠦᠨᠵᠡᠭᠡᠶ ᠰᠢᠰᠲ᠋ᠧᠮ ᠲᠠᠢ ᠠᠬᠢᠭᠤᠯᠵᠤ᠂ ᠲᠥᠷᠥ | ᠶᠢᠨ ᠪᠣᠳᠣᠯᠭ᠎ᠠ ᠶᠢᠨ ᠠᠵᠠ ᠲᠣᠬᠢᠶᠠᠯ ᠢ ᠲᠥᠷᠥᠯ ᠵᠦᠶᠯ ᠪᠣᠯᠭᠠᠨ ᠬᠤᠪᠢᠷᠠᠭᠤᠯᠤᠨ᠂ ᠲᠥᠷᠥᠯ ᠵᠦᠶᠯ ᠢᠶᠠᠷ ᠠᠵᠤ ᠦᠶᠯᠡᠰ ᠤᠨ ᠬᠥᠭᠵᠢᠯᠲᠡ ᠶᠢ ᠠᠬᠢᠭᠤᠯᠵᠤ᠂ ᠠᠵᠤ | ᠦᠶᠯᠡᠰ ᠤᠨ ᠲᠠᠰ ᠳᠡᠪᠰᠢᠬᠦ ᠶᠢ ᠠᠬᠢᠭᠤᠯᠬᠤ ︽ᠠᠯᠲᠠᠨ ᠲᠦᠯᠬᠢᠭᠦᠷ︾ ᠢ ᠡᠷᠢᠵᠦ ᠤᠯᠬᠤ ᠬᠡᠷᠡᠭᠲᠡᠶ᠃ | ᠬᠥᠮᠦᠨ ᠤ ᠬᠦᠴᠦᠨ ᠤ ᠡᠬᠢ ᠪᠠᠶᠠᠯᠢᠭ ᠤᠨ ᠲᠣᠬᠢᠷᠠᠭᠤᠯᠤᠯᠲᠠ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠰᠢᠨᠡᠴᠢᠯᠡᠯᠲᠡ ᠪᠠᠷ ᠦᠨᠳᠦᠰᠦᠨ ᠪᠠᠲᠤᠯᠠᠭ᠎ᠠ | ᠪᠣᠯᠭᠠᠬᠤ ᠬᠡᠷᠡᠭᠳᠡᠢ᠃ ᠴᠢᠳᠠᠪᠤᠷᠢᠲᠠᠨ ᠤ ᠡᠬᠢ ᠪᠠᠶᠠᠯᠢᠭ ᠢ ᠠᠮᠢᠳᠤᠯᠢᠭ ᠪᠥᠭᠡᠳ ᠰᠠᠶᠢᠲᠤᠷ ᠬᠡᠷᠡᠭᠯᠡᠵᠦ᠂ ᠪᠠᠶᠢᠭᠤᠯᠤᠯ ᠲᠣᠭᠲᠠᠴᠠ ᠶᠢᠨ ᠳᠤᠲᠠᠭᠤᠳᠠᠯ ᠢ ᠨᠥᠬᠦᠪᠥᠷᠢᠯᠡᠨ | ᠴᠢᠩᠭᠠᠳᠬᠠᠵᠤ᠂ ᠳᠠᠯᠳᠠ ᠬᠠᠷᠰᠢ ᠰᠠᠭᠠᠳ ᠢ ᠦᠨᠳᠦᠰᠦ ᠰᠤᠷᠪᠤᠯᠵᠢ ᠠᠴᠠ ᠨᠢ ᠰᠢᠢᠤᠨᠪᠦᠷᠢᠯᠡᠨ᠂ ᠳᠦᠷᠢᠮ ᠤᠨ ᠬᠦᠯᠢᠶᠡᠰᠦᠯᠡᠯ ᠠᠴᠠ ᠮᠤᠯᠲᠤᠷᠠᠨ᠂ ᠬᠤᠷᠴᠠ | ᠰᠢᠷᠦᠭᠦᠨ ᠥᠷᠢᠰᠥᠯᠳᠦᠭᠡᠨ ᠤ ᠳᠤᠮᠳᠠ ᠭᠦᠢᠴᠡᠵᠦ ᠳᠠᠪᠠᠭ᠋ᠤ ᠬᠡᠷᠡᠭᠲᠡᠢ᠃ | ᠠᠵᠢᠯ ᠤᠨ ᠲᠤᠬᠢᠷᠠᠭᠤᠯᠤᠯᠲᠠ ᠶᠢ ᠪᠠᠶᠢᠩᠭᠤᠵᠢᠭᠤᠯᠬᠤ᠂ ᠳᠦᠷᠢᠮᠵᠢᠭᠦᠯᠬᠦ᠂ ᠰᠡᠳᠦᠪᠵᠢᠭᠦᠯᠬᠦ᠂ ᠵᠠᠭᠪᠤᠷᠵᠢᠭᠤᠯᠬᠤ ᠶᠢ ᠴᠢᠬᠤᠯᠠᠴᠢᠯᠠᠨ ᠴᠢᠩᠭᠠᠳᠬᠠᠬᠤ ᠬᠡᠷᠡᠭᠲᠡᠢ᠃ | ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠠᠵᠢᠯ ᠤᠨ ᠳᠤᠮᠳᠠ ᠪᠠᠨ ᠤᠬᠠᠮᠰᠠᠷ ᠠᠴᠠ ᠪᠠᠨ ᠪᠠᠶᠢᠩᠭᠤᠵᠢᠭᠤᠯᠬᠤ᠂ ᠳᠦᠷᠢᠮᠵᠢᠭᠦᠯᠬᠦ᠂ ᠰᠡᠳᠦᠪᠵᠢᠭᠦᠯᠬᠦ᠂ | ᠵᠠᠭᠪᠤᠷᠵᠢᠭᠤᠯᠬᠤ ᠶᠢ ᠪᠡᠶᠡᠯᠡᠭᠦᠯᠵᠦ᠂ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠪᠣᠭᠤᠮᠢ ᠬᠢᠵᠠᠭᠠᠷᠯᠠᠯ ᠢ ᠰᠢᠪᠲᠤᠯᠤᠨ᠂ ᠠᠵᠢᠯ ᠶᠠᠪᠤᠳᠠᠯ ᠭᠦᠶᠴᠡᠳᠬᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠬᠠᠷᠠᠯᠲᠠ ᠶᠢᠨ ᠲᠥᠪᠯᠡᠷᠡᠯ᠂ ᠰᠡᠳᠬᠢᠮᠵᠢ ᠶᠢᠨ ᠲᠥᠪᠯᠡᠷᠡᠯ᠂ ᠠᠷᠭ᠎ᠠ ᠬᠡᠮᠵᠢᠶ᠎ᠡ ᠶᠢᠨ ᠲᠥᠪᠯᠡᠷᠡᠯ ᠢ ᠠᠬᠢᠭᠤᠯᠤᠨ᠂ ᠦᠵᠡᠯ ᠰᠠᠨᠠᠭᠠᠨ ᠤ | ᠲᠠᠨᠢᠯᠲᠠ᠂ ᠰᠡᠳᠬᠢᠬᠦᠶ ᠶᠢᠨ ᠣᠨᠣᠯᠵᠢᠬᠤᠨ᠂ ᠴᠢᠳᠠᠪᠤᠷᠢ ᠶᠢᠨ ᠬᠡᠪ ᠪᠣᠯᠪᠠᠰᠤᠷᠠᠯ ᠬᠢᠭᠡᠳ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠯᠤᠭ᠎ᠠ ᠬᠠᠷᠢᠯᠴᠠᠨ | ᠵᠣᠬᠢᠴᠠᠯᠳᠤᠬᠤ ᠶᠢ ᠪᠡᠶᠡᠯᠡᠭᠦᠯᠬᠦ ᠬᠡᠷᠡᠭᠲᠡᠶ ᠬᠡᠵᠦ ᠴᠢᠬᠤᠯᠠᠴᠢᠯᠠᠪᠠ᠃ | ︽ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ︾᠂ ︽ᠠᠷᠠᠯᠵᠢᠶᠠᠴᠢᠨ ᠤᠷᠢᠵᠤ ᠪᠠᠯᠠ ᠣᠷᠣᠭᠤᠯᠬᠤ︾᠂ ︽ᠣᠷᠴᠢᠨ ᠲᠣᠭᠤᠷᠢᠨ ᠢ ᠰᠢᠯᠢᠳᠡᠭᠵᠢᠭᠦᠯᠬᠦ︾ | ᠪᠣᠭᠤᠮᠲᠠ ᠰᠢᠪᠲᠤᠯᠤᠯᠳᠠ ᠶᠢᠨ ᠣᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠬᠡᠷᠡᠭᠲᠡᠶ᠃ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠠᠶᠢᠭᠤᠯᠤᠯ | ᠲᠣᠭᠲᠠᠴᠠ᠂ ᠠᠷᠭ᠎ᠠ ᠵᠠᠭᠪᠤᠷ ᠲᠤ ᠨᠢᠭᠡ ᠤᠳᠠᠭᠠᠨ ᠤ ᠪᠦᠬᠦ ᠲᠠᠯ᠎ᠠ ᠶᠢᠨ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠬᠢᠵᠦ᠂ ᠴᠣ ᠰᠢᠨ᠎ᠡ ᠥᠨᠳᠥᠷ ᠪᠦᠲᠦᠮᠵᠢᠲᠡᠢ | ᠠᠵᠢᠯᠯᠠᠭᠠᠨ ᠤ ᠰᠢᠰᠲ᠋ᠧᠮ ᠢ ᠪᠠᠶᠢᠭᠤᠯᠬᠤ ᠬᠡᠷᠡᠭᠳᠡᠢ ᠬᠡᠵᠦ ᠴᠢᠬᠤᠯᠠᠴᠢᠯᠠᠪᠠ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠣᠭᠤᠮᠲᠠ ᠰᠢᠪᠲᠤᠯᠤᠯᠳᠠ ᠶᠢᠨ ᠣᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠬᠡᠷᠡᠭᠲᠡᠶ᠃ | ᠴᠢᠬᠤᠯᠠ ᠶᠡᠭᠡ ᠲᠥᠷᠥᠯ ᠵᠦᠶᠯ ᠤᠨ ᠪᠣᠭᠤᠳᠠᠯᠯᠠᠬᠤ ᠲᠥᠰᠦᠪᠯᠡᠬᠦ ᠲᠤᠰᠬᠠᠶ ᠠᠵᠢᠯᠯᠠᠭ᠎ᠠ ᠶᠢ ᠥᠷᠨᠢᠭᠦᠯᠬᠦ ᠬᠡᠷᠡᠭᠳᠡᠢ᠃ ︽ᠰᠢᠶᠠᠨ ᠤ ᠱᠠᠲᠤᠨ ᠤ ᠬᠤᠪᠢᠳᠠᠨ | ᠬᠠᠮᠢᠶᠠᠷᠬᠤ ᠤᠳᠤᠷᠢᠳᠤᠯᠭ᠎ᠠ + ᠰᠠᠯᠠᠭ᠎ᠠ ᠮᠥᠴᠢᠷ ᠰᠤᠮᠤ ᠪᠠᠯᠭᠠᠰᠤ + ᠤᠯᠤᠰ ᠤᠨ ᠥᠮᠴᠢᠯᠡᠯᠲᠦ ᠠᠵᠤ ᠠᠬᠤᠶᠢᠯᠠᠯ + ᠭᠤᠷᠪᠠᠳᠠᠬᠢ ᠡᠲᠡᠭᠡᠳ ᠤᠨ ᠲᠤᠰᠬᠠᠶ | ᠪᠠᠶᠢᠭᠤᠯᠤᠮᠵᠢ︾ ᠶᠢᠨ ᠠᠵᠢᠯ ᠤᠨ ᠲᠣᠭᠲᠠᠴᠠ᠂ ᠲᠥᠷᠥᠯ ᠵᠦᠶᠯ ᠢ ᠲᠥᠰᠦᠪᠯᠡᠬᠦ ᠶᠢᠨ ᠬᠡᠪᠰᠢᠭᠰᠡᠨ ᠠᠵᠢᠯ ᠤᠨ ᠲᠣᠭᠲᠠᠴᠠ᠂ ᠴᠢᠬᠤᠯᠠ ᠶᠡᠭᠡ ᠲᠥᠷᠥᠯ ᠵᠦᠶᠯ ᠤᠨ | ᠪᠣᠭᠤᠳᠠᠯᠯᠠᠬᠤ ᠲᠥᠰᠦᠪᠯᠡᠬᠦ ᠶᠢ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠤᠳᠤᠷᠢᠳᠬᠤ | ᠺᠠᠳ᠋ᠷ ᠤᠨ ᠲᠦᠷᠦᠯ ᠵᠤᠶᠢᠯ ᠢ ᠪᠣᠭᠤᠳᠠᠯᠯᠠᠬᠤ ᠲᠥᠰᠦᠪᠯᠡᠬᠦ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠶᠴᠡᠳᠬᠡᠬᠦ ᠲᠤᠰᠬᠠᠶ ᠠᠵᠢᠯᠯᠠᠭ᠎ᠠ ᠶᠢ ᠥᠷᠨᠢᠭᠦᠯᠬᠦ ᠬᠡᠷᠡᠭᠳᠡᠢ᠃ ᠴᠢᠬᠤᠯᠠ ᠶᠡᠭᠡ ᠲᠥᠷᠥᠯ ᠵᠦᠢᠯ | ᠤᠨ ᠤᠷᠢᠳᠠᠴᠢ ᠦᠢᠯᠡᠴᠢᠯᠡᠭᠡᠨ ᠤ ᠲᠣᠭᠲᠠᠴᠠ᠂ ︽ᠤᠭᠰᠠᠷᠠᠮᠠᠯ ᠬᠡᠯᠪᠡᠷᠢ︾ ᠶᠢᠨ ᠨᠡᠶᠢᠯᠡᠭᠦᠯᠦᠨ ᠬᠢᠨᠠᠨ ᠵᠥᠪᠰᠢᠶᠡᠷᠡᠬᠦ ᠪᠠ ᠠᠮᠠᠯᠠᠯᠲᠠ ᠶᠢᠨ ᠳᠦᠷᠢᠮ ᠤᠨ | ᠳᠤᠲᠠᠭᠳᠠᠵᠤ ᠪᠠᠶᠢᠬᠤ ᠶᠢ ᠪᠠᠭᠲᠠᠭᠠᠵᠤ ᠬᠦᠯᠢᠶᠡᠨ ᠠᠪᠴᠤ ᠰᠢᠶᠳᠪᠦᠷᠢᠯᠡᠬᠦ ᠲᠣᠭᠲᠠᠴᠠ᠂ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ | ᠲᠥᠪᠯᠡᠷᠡᠭᠦᠯᠦᠨ ᠬᠢᠨᠠᠨ ᠵᠥᠪᠰᠢᠶᠡᠷᠡᠬᠦ ᠲᠣᠭᠲᠠᠴᠠ᠂ ︽ᠲᠦᠷᠭᠡᠨ ᠬᠦᠯᠢᠶᠡᠨ ᠠᠪᠴᠤ ᠰᠢᠶᠳᠪᠦᠷᠢᠯᠡᠬᠦ᠂ ᠲᠦᠷᠭᠡᠨ ᠰᠤᠳᠤᠯᠤᠨ ᠮᠠᠭᠠᠳᠯᠠᠬᠤ᠂ ᠲᠦᠷᠭᠡᠨ | ᠴᠣᠬᠤᠯᠠᠪᠤᠷᠢᠯᠠᠬᠤ︾ ᠥᠨᠳᠥᠷ ᠦᠷ᠎ᠡ ᠪᠦᠲᠦᠮᠵᠢᠲᠡᠶ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠠᠶᠢᠭᠤᠯᠤᠨ᠂ ︽ᠭᠡᠷ ᠲᠤᠨᠢ ᠬᠦᠷᠴᠦ ᠬᠢᠨᠠᠨ | ᠵᠥᠪᠰᠢᠶᠡᠷᠡᠬᠦ ᠦᠢᠯᠡᠴᠢᠯᠡᠭᠡ︾ ᠶᠢᠨ ᠠᠵᠢᠯᠯᠠᠭ᠎ᠠ ᠥᠷᠨᠢᠭᠦᠯᠵᠦ᠂ ︽ᠭᠠᠵᠠᠷ ᠠᠪᠤᠮᠠᠭᠴᠠ ᠠᠵᠢᠯ ᠡᠬᠢᠯᠡᠭᠦᠯᠬᠦ︾ ᠵᠠᠭᠪᠤᠷ ᠢ ᠬᠡᠷᠡᠭᠵᠢᠭᠦᠯᠤᠨ᠂ ᠲᠥᠷᠥᠯ ᠵᠦᠢᠯ ᠤᠨ | ᠭᠡᠷ᠎ᠡ ᠲᠣᠭᠲᠠᠬᠤ ᠠᠴᠠ ᠠᠪᠤᠭᠠᠳ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠬᠦᠷᠲᠡᠯᠡᠬᠢ ᠪᠤᠶ ᠪᠦᠬᠦᠢ ᠭᠠᠷᠳᠠᠮ ᠭᠦᠢᠴᠡᠳᠬᠡᠬᠦ ᠭᠤᠭᠴᠤᠭ᠎ᠠ ᠶᠢ | ᠰᠢᠯᠢᠳᠡᠭᠵᠢᠭᠦᠯᠵᠦ᠂ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠠᠯᠬᠤᠮ ᠠᠯᠬᠤᠮ ᠢᠶᠠᠷ ᠠᠬᠢᠭᠤᠯᠤᠨ᠂ ᠲᠥᠷᠥᠯ ᠵᠦᠢᠯ ᠢ ᠨᠠᠶᠢᠳᠠᠪᠤᠷᠢᠵᠢᠭᠤᠯᠬᠤ | ᠠᠬᠢᠴᠠ ᠶᠢ ᠲᠦᠷᠭᠡᠳᠬᠡᠬᠦ ᠬᠡᠷᠡᠭᠲᠡᠶ᠃ | ᠴᠢᠬᠤᠯᠠ ᠶᠡᠭᠡ ᠲᠥᠷᠥᠯ ᠵᠦᠶᠯ ᠤᠨ ︽ᠠᠮᠢ ᠨᠠᠰᠤᠨ ᠤ ᠪᠥᠬᠦ ᠦᠶᠡᠯᠡᠯ ᠤᠨ ᠬᠤᠭᠤᠴᠠᠭ᠎ᠠ︾ ᠶᠢᠨ ᠦᠶᠯᠡᠴᠢᠯᠡᠭᠡᠨ ᠤ ᠲᠤᠰᠬᠠᠶ ᠠᠵᠢᠯᠯᠠᠭ᠎ᠠ ᠶᠢ ᠥᠷᠨᠢᠭᠦᠯᠬᠦ | ᠬᠡᠷᠡᠭᠳᠡᠢ᠃ ᠴᠢᠬᠤᠯᠠ ᠶᠡᠭᠡ ᠲᠥᠷᠥᠯ ᠵᠦᠢᠯ ᠤᠨ ᠤᠳᠤᠷᠢᠳᠬᠤ ᠺᠠᠳ᠋ᠷᠴᠤᠤᠨ ᠤᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠭᠦᠨᠵᠡᠭᠡᠶᠢᠷᠡᠭᠦᠯᠵᠦ᠂ ᠴᠢᠬᠤᠯᠠ | ᠶᠡᠭᠡ ᠲᠥᠷᠥᠯ ᠵᠦᠢᠯ ᠪᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠵᠢᠯᠯᠠᠭᠠᠨ ᠢ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ | ︽ᠳᠥᠷᠪᠡᠨ ᠲᠦᠷᠦᠯ︾ ᠤᠨ ᠠᠵᠤ ᠠᠬᠤᠶᠢᠯᠠᠯ ᠢ ᠪᠣᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ︽ᠲᠤᠯᠤᠭ᠎ᠠ ᠶᠢ ᠪᠡᠶᠡᠯᠡᠬᠦᠯᠦᠬᠡᠳᠠᠢ︾ ᠲᠥᠷᠥᠯ ᠵᠦᠢᠯ ᠤᠨ | ᠪᠦᠬᠦ ᠶᠠᠪᠤᠴᠠ ᠶᠢ ᠪᠢᠲᠡᠭᠦᠮᠵᠢᠯᠡᠬᠦ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠲᠥᠷᠥᠯ ᠵᠦᠢᠯ ᠢ ᠲᠦᠷᠭᠡᠳᠬᠡᠨ ᠪᠦᠲᠦᠭᠡᠨ ᠪᠠᠶᠢᠭᠤᠯᠵᠤ᠂ ᠴᠠᠭ ᠲᠤᠬᠠᠶ ᠳᠤᠨᠢ | ᠠᠰᠢᠭᠯᠠᠯᠲᠠ ᠳᠤ ᠣᠷᠣᠭᠤᠯᠤᠨ᠂ ᠡᠷᠲᠡᠬᠡᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠳᠡᠢ᠃ | ᠡᠬᠢ ᠪᠠᠶᠠᠯᠢᠭ ᠤᠨ ᠡᠯᠧᠮᠧᠨ᠋ᠲ ᠢ ᠰᠢᠯᠢᠳᠡᠭᠵᠢᠭᠦᠯᠦᠨ ᠲᠣᠬᠢᠷᠠᠭᠤᠯᠬᠤ ᠲᠤᠰᠬᠠᠶ ᠠᠵᠢᠯᠯᠠᠭ᠎ᠠ ᠶᠢ ᠥᠷᠨᠢᠭᠦᠯᠬᠦ ᠬᠡᠷᠡᠭᠳᠡᠢ᠃ ᠰᠢᠨ᠎ᠡ ᠪᠠᠷ ᠨᠡᠮᠡᠭᠳᠡᠭᠰᠡᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ︽ᠪᠠᠷᠢᠮᠵᠢᠶᠠᠲᠤ ᠭᠠᠵᠠᠷ + ᠣᠷᠣᠨ ᠪᠦᠰᠡ ᠶᠢᠨ ᠦᠨᠡᠯᠡᠨ ᠵᠢᠱᠢᠬᠦ︾ ᠵᠠᠭᠪᠤᠷ ᠢ ᠬᠡᠷᠡᠭᠵᠢᠭᠦᠯᠬᠦ ᠪᠠᠷ ᠳᠠᠮᠵᠢᠨ᠂ ᠰᠢᠨ᠎ᠡ | ᠨᠢᠭᠡᠨ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠪᠠ ᠭᠤᠣᠯᠳᠠᠯᠭ᠎ᠠ ᠲᠠᠢ ᠠᠵᠤ ᠦᠢᠯᠡᠰ ᠤᠨ ᠬᠥᠲᠥᠯᠥᠨ ᠵᠢᠯᠣᠭᠤᠳᠬᠤ ᠰᠠᠭᠤᠷᠢ ᠮᠥᠩᠭᠦ ᠵᠡᠷᠭᠡ | ᠶᠢ ᠪᠠᠶᠢᠭᠤᠯᠤᠨ᠂ ᠲᠥᠷᠥᠯ ᠵᠦᠢᠯ ᠤᠨ ᠨᠠᠶᠢᠳᠠᠪᠤᠷᠢᠵᠢᠭᠤᠯᠬᠤ ᠣᠷᠣᠨ ᠵᠠᠶ ᠲᠠᠢ᠂ ᠬᠡᠷᠡᠭᠯᠡᠵᠦ ᠪᠣᠯᠬᠤ ᠭᠦᠢᠴᠡᠳᠬᠡᠯ ᠲᠤᠭ᠎ᠠ ᠲᠠᠢ᠂ ᠪᠡᠯᠡ ᠮᠥᠩᠭᠦ ᠶᠢᠨ | ᠲᠣᠬᠢᠷᠠᠭᠤᠯᠤᠯᠳᠠ ᠲᠠᠢ ᠪᠠᠶᠢᠬᠤ ᠶᠢ ᠪᠠᠲᠤᠯᠠᠵᠤ᠂ ᠡᠬᠢ ᠪᠠᠶᠠᠯᠢᠭ ᠤᠨ ᠬᠦᠴᠦᠨ ᠵᠦᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ ᠲᠥᠪᠯᠡᠷᠡᠭᠦᠯᠬᠦ ᠶᠢ ᠪᠡᠶᠡᠯᠡᠭᠦᠯᠬᠦ | ᠬᠡᠷᠡᠭᠳᠡᠢ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠤᠭᠤᠮᠳᠠ ᠶᠢ ᠰᠢᠪᠳᠤᠯᠬᠤ ᠣᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠳᠡᠢ᠃ | ᠠᠷᠠᠯᠵᠢᠶᠠᠴᠢᠨ ᠤᠷᠢᠬᠤ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠬᠤ ᠬᠡᠷᠡᠭᠳᠡᠢ᠃ ᠠᠵᠤ ᠦᠢᠯᠡᠰ ᠪᠣᠯᠤᠨ ᠠᠵᠤ ᠦᠢᠯᠡᠰ ᠤᠨ ᠬᠡᠯᠬᠢᠶᠡᠵᠢᠯ ᠤᠨ ᠪᠠᠶᠢᠷᠢ | ᠲᠣᠭᠲᠠᠭᠠᠯᠲᠠ᠂ ᠭᠤᠣᠯᠳᠠᠯᠭ᠎ᠠ ᠲᠠᠢ ᠣᠷᠣᠨ ᠪᠦᠰᠡ ᠶᠢᠨ ᠪᠠᠶᠢᠷᠢ ᠲᠣᠭᠲᠠᠭᠠᠯᠲᠠ᠂ ᠬᠠᠷᠠᠯᠳᠠᠳᠦ ᠠᠵᠤ ᠠᠬᠤᠶᠢᠯᠠᠯ ᠤᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠠᠪᠴᠢᠷᠠᠬᠤ ᠠᠵᠢᠯ ᠤᠨ ᠲᠥᠰᠦᠯ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠭᠤᠣᠯ ᠰᠢᠪᠲᠤᠯᠬᠤ | ᠴᠢᠭᠯᠡᠯ ᠢᠶᠠᠨ ᠲᠣᠳᠣᠷᠬᠠᠶᠢᠯᠠᠨ᠂ ᠤᠨᠤᠪᠴᠢᠳᠠᠢ ᠪᠠᠷ ᠠᠷᠠᠯᠵᠢᠶᠠᠴᠢᠨ ᠤᠷᠢᠵᠤ᠂ ︽ᠲᠠᠩ ᠭᠠᠭᠴᠠ ᠲᠦᠷᠦᠯ ᠵᠦᠢᠯ᠂ ᠲᠠᠩ ᠭᠠᠭᠴᠠ ᠠᠵᠤ ᠠᠬᠤᠶᠢᠯᠠᠯ︾ ᠢ | ᠣᠷᠣᠭᠤᠯᠤᠨ ᠠᠪᠴᠢᠷᠠᠬᠤ ᠠᠴᠠ ︽ᠪᠦᠷᠢᠨ ᠪᠦᠲᠦᠨ ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠬᠤ᠂ ᠠᠵᠤ ᠠᠬᠤᠶᠢᠯᠠᠯ ᠤᠨ ᠪᠦᠯᠦᠭᠵᠢᠨ ᠬᠦᠭᠵᠢᠬᠦ ᠶᠢ | ᠠᠬᠢᠭᠤᠯᠬᠤ︾ ᠲᠡᠶᠢᠰᠢ ᠬᠤᠪᠢᠷᠠᠬᠤ ᠶᠢ ᠠᠬᠢᠭᠤᠯᠬᠤ ᠬᠡᠷᠡᠭᠲᠡᠢ᠃ | ᠠᠷᠠᠯᠵᠢᠶᠠᠴᠢᠨ ᠤᠷᠢᠬᠤ ᠲᠣᠭᠲᠠᠴᠠ ᠶᠢ ᠰᠢᠯᠢᠳᠡᠭᠵᠢᠭᠦᠯᠬᠦ ᠬᠡᠷᠡᠭᠳᠡᠢ᠃ ︽ᠨᠢᠭᠡ ᠰᠢᠶᠠᠨ ᠤ ᠱᠠᠲᠤᠨ ᠤ ᠤᠳᠤᠷᠢᠳᠤᠯᠭ᠎ᠠ᠂ ᠨᠢᠭᠡ ᠠᠵᠤ ᠦᠶᠯᠡᠰ ᠤᠨ | ᠬᠡᠯᠬᠢᠶᠡᠵᠢᠯ᠂ ᠨᠢᠭᠡ ᠠᠵᠢᠯᠯᠠᠬᠤ ᠳᠤᠭᠤᠶᠢᠯᠠᠩ᠂ ᠨᠢᠭᠡ ᠢᠵᠢ ᠠᠷᠠᠯᠵᠢᠶᠠᠴᠢᠨ ᠤᠷᠢᠬᠤ ᠮᠠᠲ᠋ᠧᠷᠢᠶᠠᠯ᠂ ᠨᠢᠭᠡ ᠠᠷᠠᠯᠵᠢᠶᠠᠴᠢᠨ ᠤᠷᠢᠬᠤ ᠲᠥᠯᠥᠪᠯᠡᠭᠡ︾ ᠲᠠᠪᠤᠨ ᠨᠢᠭᠡ | ᠶᠢᠨ ᠠᠵᠢᠯ ᠤᠨ ᠲᠦᠷᠢᠮ ᠢ ᠬᠡᠷᠡᠭᠵᠢᠭᠦᠯᠵᠦ᠂ ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ ᠬᠢᠭᠡᠳ ᠭᠤᠷᠪᠠᠳᠠᠬᠢ ᠡᠲᠡᠭᠡᠳ ᠤᠨ ᠰᠢᠶᠳᠪᠦᠷᠢᠲᠦ ᠪᠣᠳᠣᠯᠭ᠎ᠠ | ᠶᠢᠨ ᠲᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠲᠤᠰᠬᠠᠶᠢᠵᠢᠭᠤᠯᠤᠨ ᠠᠬᠢᠭᠤᠯᠬᠤ | ᠬᠡᠷᠡᠭᠳᠡᠢ᠃ | ᠠᠷᠠᠯᠵᠢᠶᠠᠴᠢᠨ ᠤᠷᠢᠬᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠳᠡᠢ᠃ ᠲᠥᠪᠯᠡᠷᠡᠭᠦᠯᠦᠨ ᠪᠣᠯᠪᠠᠰᠤᠷᠠᠭᠤᠯᠬᠤ᠂ ᠠᠵᠤ ᠦᠶᠯᠡᠰ ᠢ ᠰᠤᠳᠤᠯᠤᠨ | ᠰᠤᠷᠤᠯᠴᠠᠬᠤ᠂ ᠪᠣᠳᠠᠲᠠᠶ ᠠᠵᠢᠯᠯᠠᠨ ᠠᠷᠠᠯᠵᠢᠶᠠᠴᠢᠨ ᠤᠷᠢᠬᠤ ︽ᠭᠤᠷᠪᠠᠨ ᠶᠡᠭᠡ ᠠᠵᠢᠯᠯᠠᠭ᠎ᠠ︾ ᠶᠢ ᠪᠠᠶᠢᠩᠭᠤᠵᠢᠭᠤᠯᠤᠨ ᠥᠷᠨᠢᠭᠦᠯᠵᠦ᠂ ᠬᠤᠰᠢᠭᠤᠨ ᠤ ᠪᠠᠶᠢᠳᠠᠯ ᠢ | ᠣᠶᠢᠯᠠᠭᠠᠬᠤ᠂ ᠠᠵᠤ ᠦᠶᠯᠡᠰ ᠢ ᠣᠶᠢᠯᠠᠭᠠᠬᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ᠂ ᠲᠥᠷᠥᠯ ᠵᠦᠶᠯ ᠢ ᠣᠶᠢᠯᠠᠭᠠᠬᠤ ᠪᠠ ᠬᠠᠷᠢᠯᠴᠠᠭᠠᠨ ᠳᠡᠭᠡᠨ ᠴᠢᠳᠠᠮᠠᠭᠠᠶ | ︽ᠳᠥᠷᠪᠡ ᠶᠢ ᠣᠶᠢᠯᠠᠭᠠᠵᠦ ᠨᠢᠭᠡ ᠴᠢᠳᠠᠮᠠᠭᠠᠢ ᠪᠠᠶᠢᠬᠤ︾ ᠲᠤᠰᠬᠠᠶᠢᠵᠢᠭᠰᠠᠨ ᠠᠷᠠᠯᠵᠢᠶᠠᠴᠢᠨ ᠤᠷᠢᠬᠤ ᠡᠩᠨᠡᠭᠡ ᠶᠢ ᠪᠠᠶᠢᠭᠤᠯᠬᠤ ᠬᠡᠷᠡᠭᠳᠡᠢ᠃ | ᠠᠷᠠᠯᠵᠢᠶᠠᠴᠢᠨ ᠤᠷᠢᠬᠤ ᠵᠠᠭᠪᠤᠷ ᠤᠨ ᠰᠢᠨ᠎ᠡ ᠶᠢ ᠡᠬᠦᠤᠨᠬᠦ ᠬᠡᠷᠡᠭᠳᠡᠢ᠃ ᠠᠷᠠᠯᠵᠢᠶᠠᠴᠢᠨ ᠤᠷᠢᠬᠤ ᠶᠢ ᠲᠠᠨᠢᠯᠴᠠᠭᠤᠯᠬᠤ᠂ ᠵᠠᠭᠤᠴᠢ ᠪᠠᠷ ᠠᠷᠠᠯᠵᠢᠶᠠᠴᠢᠨ ᠤᠷᠢᠬᠤ᠂ | ᠴᠡᠭ ᠲᠤ ᠰᠠᠭᠤᠵᠤ ᠠᠷᠠᠯᠵᠢᠶᠠᠴᠢᠨ ᠤᠷᠢᠬᠤ᠂ ᠲᠣᠭᠠᠴᠢᠯᠠᠯᠲᠠ ᠪᠠᠷ ᠠᠷᠠᠯᠵᠢᠶᠠᠴᠢᠨ ᠤᠷᠢᠬᠤ᠂ ᠣᠷᠣᠨ ᠠᠯᠤᠰᠯᠠᠨ ᠠᠷᠠᠯᠵᠢᠶᠠᠴᠢᠨ ᠤᠷᠢᠬᠤ᠂ ᠰᠠᠭᠤᠷᠢ ᠮᠥᠩᠭᠦ ᠪᠠᠷ | ᠠᠷᠠᠯᠵᠢᠶᠠᠴᠢᠨ ᠤᠷᠢᠬᠤ᠂ ᠪᠠᠶᠢᠭᠤᠯᠤᠮᠵᠢ ᠪᠠᠷ ᠠᠷᠠᠯᠵᠢᠶᠠᠴᠢᠨ ᠤᠷᠢᠬᠤ ᠵᠡᠷᠭᠡ ᠶᠢ ᠥᠷᠨᠢᠭᠦᠯᠵᠦ᠂ ᠪᠦᠬᠦ ᠲᠠᠯ᠎ᠠ ᠶᠢᠨ᠂ ᠣᠯᠠᠨ ᠳᠡᠰ ᠳᠠᠪᠬᠤᠷᠭ᠎ᠠ ᠶᠢᠨ᠂ ᠥᠷᠭᠡᠨ | ᠬᠦᠷᠢᠶᠡᠨ ᠤ ᠨᠡᠭᠡᠭᠡᠯᠲᠡ ᠲᠠᠢ ᠠᠷᠠᠯᠵᠢᠶᠠᠴᠢᠨ ᠤᠷᠢᠬᠤ ᠰᠢᠨ᠎ᠡ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠨ ︽ᠲᠦᠷᠪᠡ ᠶᠢ ᠲᠡᠮᠡᠴᠡᠨ ᠤᠯᠬᠤ︾ ᠶᠢ ᠴᠢᠩᠭ᠎ᠠ ᠠᠳᠬᠤᠬᠤ ᠬᠡᠷᠡᠭᠳᠡᠢ᠃ ︽ᠲᠦᠷᠪᠡ ᠶᠢ ᠲᠡᠮᠡᠴᠡᠨ | ᠤᠯᠬᠤ︾ ᠶᠠᠪᠤᠴᠠ ᠪᠣᠯ ᠮᠥᠨ ᠴᠢᠨᠠᠷ ᠳᠡᠭᠡᠷ᠎ᠡ ᠪᠠᠨ ᠡᠯ᠎ᠡ ᠱᠠᠲᠤᠨ ᠤ ᠤᠳᠤᠷᠢᠳᠬᠤ ᠺᠠᠳ᠋ᠷᠴᠤᠤᠨ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ᠂ ᠬᠤᠰᠢᠭᠤᠨ | ᠤ ᠪᠠᠶᠢᠳᠠᠯ ᠢ ᠲᠠᠨᠢᠬᠤ᠂ ᠣᠨᠣᠪᠴᠢᠲᠠᠶ ᠪᠠᠶᠢᠷᠢ ᠲᠣᠭᠲᠠᠭᠠᠯᠲᠠ ᠬᠢᠬᠦ᠂ ᠰᠠᠭᠤᠷᠢ ᠶᠢ ᠪᠠᠬᠢᠵᠢᠭᠦᠯᠬᠦ᠂ ᠲᠠᠪᠴᠠᠩ ᠪᠠᠶᠢᠭᠤᠯᠬᠤ᠂ ᠪᠠᠶᠢᠷᠢᠰᠢᠯ ᠢ ᠨᠡᠭᠡᠭᠡᠬᠦ᠂ ᠪᠠᠯᠠ | ᠣᠷᠣᠭᠤᠯᠤᠯᠲᠠ ᠶᠢ ᠥᠷᠭᠡᠳᠬᠡᠬᠦ ᠶᠠᠪᠤᠴᠠ ᠮᠥᠨ᠃ ᠨᠠᠮ ᠤᠨ ᠭᠡᠰᠢᠭᠦᠨ ᠺᠠᠳ᠋ᠷᠴᠤᠤᠨ ᠢᠯᠠᠩᠭᠤᠶ᠎ᠠ ᠤᠳᠤᠷᠢᠳᠬᠤ ᠺᠠᠳ᠋ᠷᠴᠤᠤᠨ ᠡᠷᠬᠡᠪᠰᠢ ᠭᠤᠣᠯ ᠰᠢᠪᠲᠤᠯᠬᠤ | ᠴᠢᠭᠯᠡᠯ ᠢᠶᠠᠨ ᠲᠣᠳᠣᠷᠬᠠᠶᠢᠯᠠᠨ᠂ ᠪᠣᠭᠤᠮᠲᠠ ᠰᠢᠪᠲᠤᠯᠬᠤ ᠡᠭᠦᠷᠭᠡ ᠪᠠᠨ ᠬᠡᠮᠵᠢᠶᠡᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ︽ᠬᠠᠳᠠᠭᠠᠰᠤ ᠬᠠᠳᠠᠬᠤ︾ ᠵᠣᠷᠢᠭ ᠰᠠᠨᠠᠭ᠎ᠠ᠂ ︽ᠲᠡᠮᠡᠴᠡᠨ ᠤᠯᠬᠤ︾ ᠤᠬᠠᠮᠰᠠᠷ᠂ ︽ᠲᠡᠮᠡᠴᠡᠨ ᠤᠯᠬᠤ︾ ᠵᠣᠷᠢᠭ᠂ ︽ᠲᠡᠮᠡᠴᠡᠨ ᠤᠯᠬᠤ︾ ᠠᠵᠢᠯᠯᠠᠭ᠎ᠠ ᠪᠠᠷ | ᠬᠤᠷᠳᠤᠴᠠ ᠪᠠᠨ ᠲᠡᠭᠡᠭᠰᠢᠯᠡᠬᠦᠯᠵᠦ᠂ ᠲᠡᠭᠦᠰ ᠠᠮᠵᠢᠯᠲᠠ ᠤᠯᠬᠤ ᠬᠡᠷᠡᠭᠲᠡᠢ᠃ | ᠣᠷᠴᠢᠨ ᠲᠣᠭᠤᠷᠢᠨ ᠢ ᠰᠢᠯᠢᠳᠡᠭᠵᠢᠭᠦᠯᠬᠦ ᠰᠢᠪᠲᠤᠯᠤᠯᠲᠠ ᠶᠢᠨ ᠣᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠬᠡᠷᠡᠭᠳᠡᠢ᠃ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠠᠵᠤ ᠠᠬᠤᠶᠢᠯᠠᠯ ᠳᠤ ᠠᠰᠢᠭ | ᠬᠦᠷᠲᠡᠭᠡᠬᠦ ᠲᠦᠷᠦ ᠶᠢᠨ ᠪᠤᠳᠤᠯᠭ᠎ᠠ ᠶᠢ ᠰᠢᠭᠤᠳ ᠬᠡᠷᠡᠭᠵᠢᠭᠦᠯᠬᠦ ᠲᠣᠭᠲᠠᠴᠠ᠂ ︽ᠳᠠᠷᠤᠶᠢᠬᠠᠨ ᠭᠦᠢᠴᠡᠳᠬᠡᠬᠦ︾ ᠠᠵᠢᠯ ᠤᠨ ᠲᠣᠭᠲᠠᠴᠠ᠂ ᠵᠠᠰᠠᠭ ᠪᠠ ᠠᠵᠤ | ᠠᠬᠤᠶᠢᠯᠠᠯ ᠤᠨ ᠦᠨᠡᠨ ᠰᠡᠳᠬᠢᠯ ᠤᠨ ᠶᠠᠷᠢᠯᠴᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠰᠠᠨᠠᠭᠠᠨ ᠳᠤ ᠲᠠᠭᠠᠷᠠᠭᠤᠯᠵᠦ ᠬᠦᠢᠴᠡᠤᠨᠬᠡᠬᠦ︾ ᠤᠨ | ᠦᠢᠯᠡᠴᠢᠯᠡᠭᠡᠨ ᠤ ᠲᠠᠪᠴᠠᠩ᠂ ︽AI + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠪᠤᠷ ᠤᠨ ᠰᠢᠨ᠎ᠡ ᠶᠢ ᠡᠭᠦᠳᠦᠨ᠂ ︽ᠶᠡᠷᠦᠩᠬᠡᠶᠢᠯᠡᠭᠰᠡᠨ ᠨᠢᠭᠡ | ᠴᠤᠩᠬᠤᠪᠴᠢ︾ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠴᠢᠩᠭᠠᠳᠬᠠᠨ᠂ | ᠠᠵᠤ ᠠᠬᠤᠶᠢᠯᠠᠯ ᠢ ᠲᠤᠰᠠᠯᠠᠬᠤ ᠠᠵᠢᠯᠳᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠬᠦᠴᠢᠷ ᠠᠰᠠᠭᠤᠳᠠᠯ᠂ ᠰᠠᠯᠠᠭ᠎ᠠ ᠮᠥᠴᠢᠷ | ᠬᠤᠯᠪᠣᠭᠠᠯᠠᠨ ᠬᠥᠳᠡᠯᠦᠯᠴᠡᠬᠦ᠂ ᠳᠠᠷᠤᠶᠢᠬᠠᠨ ᠰᠢᠢᠳᠪᠦᠷᠢᠯᠡᠬᠦ᠂ ᠯᠠᠪᠲᠠᠢ ᠰᠠᠶᠢᠲᠤᠷ ᠡᠷᠬᠢᠯᠡᠬᠦ ᠶᠢ ᠠᠬᠢᠭᠤᠯᠤᠨ᠂ ᠠᠵᠤ ᠠᠬᠤᠶᠢᠯᠠᠯ ᠪᠠ ᠤᠯᠠᠨ ᠲᠦᠮᠡᠨ ᠳᠤ ᠰᠢᠨ᠎ᠡ | ᠬᠤᠪᠢᠷᠠᠯᠲᠠ᠂ ᠰᠢᠨ᠎ᠡ ᠦᠷ᠎ᠡ ᠪᠦᠲᠦᠮᠵᠢ ᠶᠢ ᠮᠡᠳᠡᠷᠡᠭᠦᠯᠬᠦ ᠬᠡᠷᠡᠭᠲᠡᠢ᠃ | ᠠᠵᠤ ᠦᠢᠯᠡᠰ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ︽ᠬᠤᠳᠠ ᠶᠢᠨ ᠰᠢᠨᠡᠴᠢᠯᠡᠯᠲᠡ ᠬᠦᠷᠢᠶᠡᠯᠡᠩ ᠲᠣᠭᠤᠷᠢᠭ ᠤᠨ | ᠰᠢᠨᠡᠴᠢᠯᠡᠯᠲᠡ ᠲᠣᠰᠬᠤᠨ ᠤ ᠰᠢᠨᠡᠴᠢᠯᠡᠯᠲᠡ︾ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠬᠦ ᠬᠡᠷᠡᠭᠲᠡᠢ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠨ᠂ ︽ᠮᠢᠩᠭᠠᠨ ᠲᠤᠰᠬᠤᠨ ᠢᠶᠠᠷ | ᠵᠢᠱᠢᠶ᠎ᠡ ᠦᠵᠡᠬᠦᠯᠵᠦ ᠲᠦᠮᠡᠨ ᠲᠤᠰᠬᠤᠨ ᠢ ᠴᠡᠴᠡᠭᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠮᠠᠯᠵᠢᠬᠤ ᠲᠠᠷᠢᠶᠠᠯᠠᠬᠤ ᠣᠷᠣᠨ ᠤ | ᠰᠠᠭᠤᠷᠢᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠲᠦᠷᠭᠡᠳᠬᠡᠨ ᠠᠬᠢᠭᠤᠯᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ | ᠬᠦᠴᠦᠯᠡᠨ ᠰᠢᠯᠢᠳᠡᠭᠵᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ᠂ ᠰᠠᠶᠢᠨ | ᠰᠠᠶᠢᠬᠠᠨ ᠨᠥᠬᠦᠴᠡᠯ ᠢ ᠡᠭᠦᠳᠴᠦ᠂ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠬᠡᠵᠦ ᠴᠢᠬᠤᠯᠠᠴᠢᠯᠠᠪᠠ᠃ | ᠰᠦᠨ ᡁᠢ ᠴᠦᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠴᠢᠬᠤᠯᠠᠴᠢᠯᠠᠪᠠ | ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠠᠵᠢᠯ ᠤᠨ ᠪᠠᠶᠢᠳᠠᠯ ᠳᠠᠭᠠᠨ ᠦᠳᠲᠡᠷ ᠲᠦᠷᠭᠡᠨ ᠲᠣᠬᠢᠷᠠᠭᠤᠯᠤᠯᠲᠠ ᠬᠢᠵᠦ᠂ ᠬᠤᠰᠢᠭᠤᠨ ᠤ ᠬᠡᠪᠴᠢᠶᠡᠨ ᠤ ᠠᠵᠤ | ᠠᠬᠤᠶ ᠶᠢᠨ ︽13335︾ ᠶᠡᠷᠦᠩᠬᠡᠶ ᠪᠠᠶᠢᠷᠢᠯᠠᠭᠤᠯᠤᠯᠳᠠ ᠶᠢᠨ ᠲᠣᠭᠤᠷᠢᠨ ᠳᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ | ᠣᠷᠣᠭᠤᠯᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠡᠯ᠎ᠡ ᠵᠦᠶᠯ ᠤᠨ ᠠᠵᠢᠯ ᠢ ᠲᠦᠷᠭᠡᠳᠬᠡᠨ ᠠᠬᠢᠭᠤᠯᠵᠤ᠂ ᠪᠥᠬᠦ ᠵᠢᠯ ᠤᠨ ᠠᠵᠢᠯ ᠳᠤ ᠪᠠᠲᠤ ᠪᠠᠬᠢ | ᠰᠠᠭᠤᠷᠢ ᠲᠠᠯᠪᠢᠵᠤ ᠥᠭᠬᠦ ᠬᠡᠷᠡᠭᠲᠡᠶ᠃ ᠠᠵᠢᠯ ᠤᠨ ᠭᠤᠤᠯᠳᠠᠯᠭ᠎ᠠ ᠪᠠᠨ ᠳᠣᠪᠣᠶᠢᠯᠭᠠᠵᠤ᠂ ᠮᠠᠨ ᠤ ᠬᠤᠰᠢᠭᠤᠨ ᠤ ᠠᠵᠤ ᠦᠶᠯᠡᠰ ᠤᠨ ᠳᠠᠪᠠᠭᠤᠯᠢᠭ ᠪᠠ ᠬᠥᠭᠵᠢᠯᠲᠡ | ᠶᠢᠨ ᠴᠢᠭᠯᠡᠯ ᠤᠨ ᠲᠣᠭᠤᠷᠢᠨ ᠳᠤ ᠣᠨᠣᠪᠴᠢᠲᠠᠶ ᠪᠠᠷ ᠵᠣᠯᠭᠠᠭᠤᠯᠵᠤ᠂ 21 ᠬᠢᠯᠢ ᠳᠠᠭᠠᠤ ᠠᠵᠤ ᠦᠶᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠬᠤ ᠬᠡᠷᠡᠭᠲᠡᠶ᠃ | ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠪᠥᠬᠦ ᠬᠤᠰᠢᠭᠤᠨ ᠤ ᠡᠯ᠎ᠡ ᠵᠦᠶᠯ ᠤᠨ ᠠᠵᠢᠯ ᠢ ᠵᠣᠬᠢᠴᠠᠭᠤᠯᠤᠨ ᠠᠬᠢᠭᠤᠯᠬᠤ ᠳᠤ ᠰᠠᠭᠤᠷᠢᠯᠠᠨ᠂ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠨ᠂ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢ ᠠᠬᠢᠭᠤᠯᠬᠤ | ᠬᠡᠷᠡᠭᠲᠡᠶ ᠬᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠬᠤᠰᠢᠭᠤᠨ ᠤ ︽ᠲᠦᠷᠪᠡ ᠶᠢ ᠲᠡᠮᠡᠴᠡᠨ ᠤᠯᠬᠤ︾ ᠠᠵᠢᠯ ᠢ ᠥᠷᠨᠢᠭᠦᠯᠦᠭᠰᠡᠨ ᠪᠠᠶᠢᠳᠠᠯ ᠪᠠ 2024 ᠣᠨ ᠤ ᠪᠥᠬᠦ ᠬᠤᠰᠢᠭᠤᠨ ᠤ | ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠪᠡ᠃ ᠪᠥᠬᠦ ᠬᠤᠰᠢᠭᠤᠨ ᠤ 2025 ᠣᠨ ᠤ | ᠭᠤᠤᠯᠳᠠᠯᠭ᠎ᠠ ᠲᠠᠢ ᠲᠥᠷᠥᠯ ᠵᠦᠶᠯ᠂ ︽ᠲᠦᠷᠪᠡ ᠶᠢ ᠲᠡᠮᠡᠴᠡᠨ ᠤᠯᠬᠤ︾ ᠠᠵᠢᠯ ᠤᠨ ᠵᠠᠷᠯᠠᠯ ᠨᠡᠶᠢᠲᠡᠯᠡᠵᠦ ᠳᠠᠭᠠᠭᠤᠯᠤᠨ ᠭᠦᠶᠴᠡᠳᠬᠡᠬᠦ ᠠᠮᠠᠯᠠᠯᠲᠠ ᠶᠢᠨ ᠪᠢᠴᠢᠭ | ᠲᠤ ᠲᠠᠶᠢᠯᠤᠮᠵᠢ ᠬᠢᠵᠦ᠂ ︽ᠤᠷᠠᠳ ᠤᠨ ᠳᠤᠮᠳᠠᠳᠤ ᠬᠤᠰᠢᠭᠤᠨ ᠤ 2025 ᠣᠨ ᠤ ᠪᠥᠬᠦ ᠬᠦᠷᠢᠶ᠎ᠠ ᠴᠠᠷᠠᠭᠠᠨ ᠤ ᠲᠥᠷᠥᠯ ᠵᠦᠶᠯ ᠤᠨ ᠬᠥᠮᠥᠷᠭᠡ︾᠂ ︽ᠤᠷᠠᠳ | ᠤᠨ ᠳᠤᠮᠳᠠᠳᠤ ᠬᠤᠰᠢᠭᠤᠨ ᠤ 2025 ᠣᠨ ᠤ ᠰᠢᠪᠲᠤᠯᠤᠯᠲᠠ ᠶᠢᠨ ᠲᠥᠷᠥᠯ ᠵᠦᠶᠯ ᠤᠨ ᠬᠥᠮᠥᠷᠭᠡ︾᠂ ︽ᠤᠷᠠᠳ ᠤᠨ ᠳᠤᠮᠳᠠᠳᠤ ᠬᠤᠰᠢᠭᠤᠨ ᠤ 2025 | ᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠤᠯᠭᠠᠭᠤᠷᠢᠯᠠᠬᠤ ᠲᠥᠷᠥᠯ ᠵᠦᠶᠯ ᠤᠨ ᠨᠠᠷᠢᠨ ᠲᠠᠩᠰᠠ︾᠂ ︽ᠤᠷᠠᠳ ᠤᠨ ᠳᠤᠮᠳᠠᠳᠤ | ᠬᠤᠰᠢᠭᠤᠨ ᠤ 2025 ᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠣᠭᠤᠮᠲᠠ ᠰᠢᠪᠲᠤᠯᠤᠯᠳᠠ ᠶᠢᠨ ᠣᠨ ᠤ ᠬᠡᠷᠡᠭᠵᠢᠭᠦᠯᠬᠦ ᠲᠥᠰᠦᠯ︾᠂ | ︽ᠤᠷᠠᠳ ᠤᠨ ᠳᠤᠮᠳᠠᠳᠤ ᠬᠤᠰᠢᠭᠤᠨ ᠤ 2025 ᠣᠨ ᠤ ︿ᠲᠦᠷᠪᠡ ᠶᠢ ᠲᠡᠮᠡᠴᠡᠨ ᠤᠯᠬᠤ﹀ ᠬᠠᠷᠠᠯᠳᠠᠳᠦ ᠡᠭᠦᠷᠭᠡ ᠶᠢᠨ ᠡᠬᠡ ᠲᠠᠩᠰᠠ︾᠂ ︽ᠤᠷᠠᠳ ᠤᠨ | ᠳᠤᠮᠳᠠᠳᠤ ᠬᠤᠰᠢᠭᠤᠨ ᠤ 2025 ᠣᠨ ᠤ ᠰᠢᠪᠲᠤᠯᠤᠯᠲᠠ ᠶᠢᠨ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠶᠴᠡᠳᠬᠡᠬᠦ ᠡᠭᠦᠷᠭᠡ ᠶᠢᠨ ᠨᠠᠷᠢᠨ | ᠲᠠᠩᠰᠠ︾᠂ ︽ᠤᠷᠠᠳ ᠤᠨ ᠳᠤᠮᠳᠠᠳᠤ ᠬᠤᠰᠢᠭᠤᠨ ᠤ ︿ᠲᠣᠮᠣ ᠰᠠᠭᠤᠷᠢᠨ ᠭᠠᠵᠠᠷ᠂ ᠲᠣᠮᠣ ᠬᠦᠷᠢᠶᠡᠯᠡᠩ ᠲᠣᠭᠤᠷᠢᠭ᠂ ᠲᠣᠮᠣ ᠲᠤᠯᠤᠭᠠᠶᠢᠯᠠᠭᠴᠢ ᠠᠵᠤ ᠠᠬᠤᠶᠢᠯᠠᠯ᠂ | ᠲᠣᠮᠣ ᠨᠠᠷᠠᠲᠤ ᠲᠦᠷᠦᠯ ᠲᠡᠮᠳᠡᠭᠲᠦ᠂ ᠲᠣᠮᠣ ᠲᠥᠷᠥᠯ ᠵᠦᠶᠯ﹀ ᠤᠨ 2025 ᠣᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠥᠰᠦᠯ︾ ᠢ | ᠲᠠᠶᠢᠯᠪᠤᠷᠢᠯᠠᠵᠠᠢ᠃ | | | | ᠬᠤᠷᠠᠯ ᠳᠡᠭᠡᠷ᠎ᠡ᠂ ᠬᠠᠮᠢᠶ᠎ᠠ ᠪᠥᠬᠦᠶ ᠭᠠᠵᠠᠷ ᠤᠨ ᠲᠠᠰ ᠤᠨ ᠤᠳᠤᠷᠢᠳᠤᠯᠭ᠎ᠠ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠤᠨ ︽ᠤᠷᠠᠳ ᠤᠨ ᠳᠤᠮᠳᠠᠳᠤ | ᠬᠤᠰᠢᠭᠤᠨ ᠤ 2025 ᠣᠨ ᠤ ᠭᠤᠤᠯᠳᠠᠯᠭ᠎ᠠ ᠲᠠᠢ ᠲᠥᠷᠥᠯ ᠵᠦᠶᠯ ᠬᠢᠭᠡᠳ ︿ᠲᠦᠷᠪᠡ ᠶᠢ ᠲᠡᠮᠡᠴᠡᠨ ᠤᠯᠬᠤ﹀ ᠠᠵᠢᠯ ᠤᠨ ᠵᠠᠷᠯᠠᠯ ᠨᠡᠶᠢᠲᠡᠯᠡᠵᠦ ᠳᠠᠭᠠᠭᠤᠯᠤᠨ | ᠭᠦᠶᠴᠡᠳᠬᠡᠬᠦ ᠠᠮᠠᠯᠠᠯᠲᠠ ᠶᠢᠨ ᠪᠢᠴᠢᠭ︾᠂ ︽ᠤᠷᠠᠳ ᠤᠨ ᠳᠤᠮᠳᠠᠳᠤ ᠬᠤᠰᠢᠭᠤᠨ ᠤ ᠠᠵᠤ ᠠᠬᠤᠶ ᠶᠢᠨ ᠭᠦᠶᠴᠡᠳᠬᠡᠯ ᠲᠤᠭ᠎ᠠ ᠶᠢᠨ ︿ᠶᠠᠪᠤᠳᠠᠯ ᠪᠤᠯᠭᠠᠨ ᠳᠤ | ᠲᠡᠷᠢᠬᠦᠨ ᠢ ᠲᠡᠮᠡᠴᠡᠵᠦ ᠠᠵᠢᠯ ᠪᠦᠷᠢ ᠳᠤ ᠴᠣᠷ ᠤᠨ ᠭᠠᠭᠴᠠ ᠶᠢ ᠡᠬᠦᠤᠨᠬᠦ﹀ ᠪᠣᠭᠤᠮᠲᠠ ᠰᠢᠪᠲᠤᠯᠤᠯᠳᠠ ᠶᠢᠨ ᠠᠵᠢᠯᠯᠠᠭ᠎ᠠ ᠶᠢᠨ ᠬᠠᠷᠢᠭᠤᠴᠠᠯᠭ᠎ᠠ ᠶᠢᠨ ᠪᠢᠴᠢᠭ︾ | ᠲᠤ ᠭᠠᠷ ᠤᠨ ᠥᠰᠥᠭ ᠵᠢᠷᠤᠪᠠ᠃ | | | | ᠬᠤᠷᠠᠯ ᠠᠴᠠ 2024 ᠣᠨ ᠤ ᠭᠤᠷᠪᠠᠳᠤᠭᠠᠷ ᠤᠯᠠᠷᠢᠯ᠂ ᠳᠥᠷᠪᠡᠳᠦᠭᠡᠷ ᠤᠯᠠᠷᠢᠯ ᠤᠨ ᠪᠥᠬᠦ ᠬᠤᠰᠢᠭᠤᠨ ᠤ ︽ᠲᠡᠷᠢᠭᠦᠨ ᠢ ᠲᠡᠮᠡᠴᠡᠬᠦ ᠴᠣᠷ ᠤᠨ ᠭᠠᠭᠴᠠ ᠶᠢ | ᠡᠬᠦᠤᠨᠬᠦ ᠤᠯᠠᠷᠢᠯ ᠪᠦᠷᠢ ᠦᠨᠡᠯᠡᠬᠦ︾ ᠶᠢᠨ ᠲᠡᠷᠢᠭᠦᠨ ᠤ ᠬᠠᠮᠲᠤ ᠪᠣᠯᠤᠨ 2024 ᠣᠨ ᠤ ︽ᠴᠢᠨᠠᠷ ᠰᠠᠶᠢᠲᠠᠶ ᠬᠥᠭᠵᠢᠯᠲᠡ︾ ᠶᠢᠨ ᠲᠡᠷᠢᠭᠦᠨ ᠤ ᠬᠠᠮᠲᠤ ᠶᠢ | ᠬᠥᠬᠢᠭᠦᠯᠦᠨ ᠰᠠᠶᠢᠰᠢᠶᠠᠪᠠ᠃ ᠪᠥᠬᠦ ᠬᠤᠰᠢᠭᠤᠨ ᠤ 33 ᠵᠠᠰᠠᠭ ᠵᠠᠬᠢᠷᠭ᠎ᠠ ᠠᠵᠢᠯ ᠦᠶᠯᠡᠰ ᠤᠨ ᠨᠢᠭᠡᠴᠢ᠂ ᠰᠤᠮᠤ ᠪᠠᠯᠭᠠᠰᠤ ︵ᠲᠥᠪ᠂ ᠺᠣᠮᠫᠠᠨᠢ︶ ᠶᠢᠨ | ᠬᠠᠷᠢᠭᠤᠴᠠᠯᠭᠠᠲᠠᠤᠨ ᠲᠠᠰ ᠳᠠᠷᠠᠭᠠᠯᠠᠨ ᠲᠤᠰᠢᠶᠠᠯ ᠤᠨ ᠮᠡᠳᠡᠭᠦᠯᠦᠯᠲᠡ ᠬᠢᠪᠠ᠃ | ᠬᠤᠰᠢᠭᠤᠨ ᠤ ᠤᠳᠤᠷᠢᠳᠤᠯᠭ᠎ᠠ ᠬᠠᠢ ᠤᠯᠠᠭᠠᠨᠲᠤᠶᠠᠭ᠎ᠠ᠂ ᠵᠧᠦ ᠭᠤᠸᠠᠩ ᠵᠢᠶᠦ᠋ᠨ᠂ ᠰᠦᠨ ᠴᠦᠨ ᠮᠧᠢ᠂ ᠪᠦᠷᠢᠨ᠂ ᠦ᠋ ᠶᠣᠣ ᠯᠢᠨ᠂ ᠦ᠋ ᠰᠢᠨ ᠭᠠᠩ᠂ ᠯᠢᠦ ᠶᠢᠨ᠂ | ᠵᠠᠩ ᠶᠧ᠂ ᠱᠢ ᠯᠸᠢ᠂ ᠯᠢᠦ ᠶᠧ᠂ ᠵᠢᠷᠠᠡᠨᠢᠭᠡ᠂ ᠵᠣᠷᠢᠭᠲᠤ᠂ ᠸᠠᠩ ᠶᠦᠨ᠂ ᠶᠠᠩ ᠳ᠋ᠦᠩ ᠸᠧᠢ᠂ ᠯᠢ ᠵᠢᠶᠦ᠋ᠨ᠂ ᠪᠤᠯᠠᠭ᠂ ᠬᠤᠤ ᠶᠠᠨ ᠯᠢᠨ᠂ ᠹᠧᠩ ᠴᠢᠶᠠᠩ ᠬᠤᠷᠠᠯ ᠳᠤ | ᠣᠷᠣᠯᠴᠠᠪᠠ᠃ | | |