ᠥᠷᠭᠡᠨ ᠣᠯᠠᠨ ᠮᠠᠯᠴᠢᠨ ᠲᠦᠮᠡᠨ ᠳᠤ᠄ | ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠥᠯᠥᠭᠡ᠂ | ︽ᠤᠷᠠᠳ ᠤᠨ ᠳᠤᠮᠳᠠᠳᠤ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ | ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2021 — 2025 ᠣᠨ︶︾ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤ ᠬᠠᠪᠤᠷ ᠤᠨ | ᠤᠯᠠᠷᠢᠯ ᠤᠨ ᠨᠤᠲᠤᠭ ᠪᠡᠯᠴᠢᠭᠡᠷ ᠤᠨ ᠨᠣᠭᠤᠭᠠᠷᠠᠯᠲᠠ ᠶᠢᠨ ᠬᠤᠭᠤᠴᠠᠭᠠᠨ ᠳᠠᠬᠢ ᠨᠤᠲᠤᠭ ᠪᠡᠯᠴᠢᠭᠡᠷ ᠢ ᠰᠡᠷᠭᠦᠭᠡᠬᠦ ᠠᠵᠢᠯ ᠢ ᠦᠷᠭᠦᠯᠵᠢᠯᠡᠨ ᠬᠡᠷᠡᠭᠵᠢᠭᠦᠯᠵᠦ᠂ ᠡᠳᠦᠭᠡ | ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠨᠤᠲᠤᠭ ᠪᠡᠯᠴᠢᠭᠡᠷ ᠢ ᠰᠡᠷᠭᠦᠭᠡᠬᠦ ᠴᠠᠭ ᠬᠤᠭᠤᠴᠠᠭ᠎ᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷ ᠮᠠᠯ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ | ᠰᠡᠷᠭᠦᠭᠡᠬᠦ ᠳᠦᠷᠢᠮ︾ ᠪᠠ ︽ᠤᠷᠠᠳ ᠤᠨ ᠳᠤᠮᠳᠠᠳᠤ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ | ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2021 — 2025︶︾ ᠢ ᠦᠨᠳᠦᠰᠦᠯᠡᠨ᠂ ᠮᠠᠨ ᠤ ᠬᠤᠰᠢᠭᠤᠨ ᠤ ᠨᠤᠲᠤᠭ | ᠪᠡᠯᠴᠢᠭᠡᠷ ᠤᠨ ᠲᠥᠷᠥᠯ ᠬᠡᠯᠪᠡᠷᠢ᠂ ᠬᠤᠷ᠎ᠠ ᠲᠣᠨᠳᠠᠰᠣᠨ ᠤ ᠬᠡᠮᠵᠢᠶ᠎ᠡ᠂ ᠠᠭᠠᠷ ᠤᠨ ᠳᠤᠯᠠᠭᠠᠨ ᠵᠢᠴᠢ ᠨᠤᠲᠤᠭ ᠪᠡᠯᠴᠢᠭᠡᠷ ᠤᠨ ᠤᠷᠭᠤᠯᠲᠠ ᠶᠢᠨ ᠣᠨᠴᠠᠯᠢᠭ ᠲᠠᠢ | ᠤᠶᠠᠯᠳᠤᠭᠤᠯᠤᠨ᠂ ︵ 4 ᠰᠠᠷ᠎ᠠ ᠶᠢᠨ 6 ᠤ ᠡᠳᠦᠷ ᠠᠴᠠ 5 ᠰᠠᠷ᠎ᠠ ᠶᠢᠨ 20 ᠤ ᠡᠳᠦᠷ ᠪᠣᠯᠲᠠᠯ᠎ᠠ ᠨᠡᠶᠢᠲᠡ 45 ᠡᠳᠦᠷᠤᠨ ᠬᠤᠭᠤᠴᠠᠭ᠎ᠠ︶ ᠬᠠᠪᠤᠷ ᠤᠨ | ᠤᠯᠠᠷᠢᠯ ᠤᠨ ᠨᠤᠲᠤᠭ ᠪᠡᠯᠴᠢᠭᠡᠷ ᠤᠨ ᠨᠣᠭᠤᠭᠠᠷᠠᠯᠲᠠ ᠶᠢᠨ ᠬᠤᠭᠤᠴᠠᠭᠠᠨ ᠳᠠᠬᠢ ᠨᠤᠲᠤᠭ ᠪᠡᠯᠴᠢᠭᠡᠷ ᠢ ᠰᠡᠷᠭᠦᠭᠡᠬᠦ ᠬᠤᠭᠤᠴᠠᠭ᠎ᠠ ᠪᠠᠷ ᠲᠣᠭᠲᠠᠭᠠᠪᠠ᠃ | ᠬᠤᠶᠠᠷ᠂ ᠨᠣᠲᠤᠭ ᠪᠡᠯᠴᠢᠭᠡᠷ ᠢ ᠰᠡᠷᠭᠦᠭᠡᠬᠦ ᠬᠦᠷᠢᠶ᠎ᠡ ᠬᠡᠪᠴᠢᠶ᠎ᠡ | ᠨᠣᠲᠤᠭ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ᠂ ᠤᠷᠠᠳ ᠤᠨ ᠳᠤᠮᠳᠠᠳᠤ ᠬᠤᠰᠢᠭᠤᠨ ᠤ ᠪᠠᠶᠢᠭᠠᠯᠢᠯᠢᠭ ᠨᠤᠲᠤᠭ ᠪᠡᠯᠴᠢᠭᠡᠷ ᠤᠨ ᠪᠥᠬᠦ | ᠬᠡᠪᠴᠢᠶᠡᠨ ᠲᠣᠳᠣᠷ᠎ᠠ ᠬᠠᠰᠢᠶᠠᠯᠠᠨ ᠲᠡᠵᠢᠭᠡᠬᠦ ᠶᠢ ᠬᠡᠷᠡᠭᠵᠢᠭᠦᠯᠦᠨ᠎ᠡ᠃ | ᠭᠤᠷᠪᠠ᠂ ᠨᠣᠲᠤᠭ ᠪᠡᠯᠴᠢᠭᠡᠷ ᠢ ᠰᠡᠷᠭᠦᠭᠡᠬᠦ ᠨᠥᠬᠦᠪᠥᠷᠢ ᠱᠠᠩᠨᠠᠯ ᠣᠯᠭᠤᠬᠤ ᠪᠠᠷᠢᠮᠵᠢᠶ᠎ᠠ | ᠨᠤᠲᠤᠭ ᠪᠡᠯᠴᠢᠭᠡᠷ ᠢ ᠰᠡᠷᠭᠦᠭᠡᠬᠦ ᠣᠷᠤᠨ ᠤ ᠮᠠᠯᠴᠢᠨ ᠡᠷᠦᠬᠡ ᠶᠢᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠲᠠᠯᠠᠪᠠᠶ ᠪᠠᠷ ᠨᠦᠬᠦᠪᠦᠷᠢ ᠱᠠᠩᠨᠠᠯ ᠣᠯᠭᠤᠨ᠎ᠠ᠃ | ᠪᠥᠬᠦ ᠬᠤᠰᠢᠭᠤᠨ ᠤ 6 ᠰᠤᠮᠤ ᠪᠠᠯᠭᠠᠰᠤ᠂ ᠮᠠᠯᠵᠢᠯ ᠤᠨ ᠲᠠᠯᠠᠪᠠᠶ ᠶᠢᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠲᠣᠭᠤᠷᠢᠭ ᠤᠨ ᠨᠥᠬᠦᠪᠥᠷᠢ ᠱᠠᠩᠨᠠᠯ | ᠤᠨ ᠪᠠᠷᠢᠮᠵᠢᠶ᠎ᠠ ᠶᠢ ︽ᠤᠷᠠᠳ ᠤᠨ ᠳᠤᠮᠳᠠᠳᠤ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2021 — 2025 ᠣᠨ︶︾ ᠳᠤ ᠲᠣᠭᠲᠠᠭᠠᠭᠰᠠᠨ ᠶᠣᠰᠣᠭᠠᠷ ᠮᠦ ᠪᠦᠷᠢ | ᠳᠤ 1 ᠲᠥᠭᠦᠷᠢᠭ ᠤᠨ ᠨᠥᠬᠦᠪᠥᠷᠢᠣᠯᠭᠤᠨᠠ᠃ | ᠲᠦᠷᠪᠡ᠂ ᠮᠠᠯ ᠤᠨ ᠬᠦᠳᠡᠯᠭᠡᠭᠡᠨ ᠤ ᠲᠠᠯᠠᠪᠤᠷ ᠭᠠᠵᠠᠷ ᠤᠨ ᠪᠠᠷᠢᠮᠵᠢᠶ᠎ᠠ | ᠮᠠᠯᠴᠢᠨ ᠡᠷᠦᠬᠡ ᠶᠢᠨ ᠲᠣᠭᠲᠠᠭᠠᠭᠰᠠᠨ ᠪᠡᠯᠴᠢᠭᠡᠷ ᠤᠨ ᠳᠠᠭᠠᠭᠠᠴᠠ ᠶᠢᠨ ᠮᠠᠯ ᠤᠨ ᠲᠤᠭ᠎ᠠ ᠪᠠᠷ᠂ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠠᠬᠢ ᠬᠤᠨᠢᠨ | ᠨᠢᠭᠡᠴᠢ ᠪᠣᠯᠭᠠᠨ ᠤ ᠬᠦᠳᠡᠯᠭᠡᠭᠡᠨ ᠤ ᠲᠠᠯᠠᠪᠤᠷ ᠭᠠᠵᠠᠷ ᠢ ᠵᠠᠷᠴᠢᠮ ᠳᠡᠭᠡᠷ᠎ᠡ ᠪᠠᠨ 20 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠦᠭᠡᠢ᠂ ᠮᠠᠯ ᠤᠨ | ᠬᠦᠳᠡᠯᠭᠡᠭᠡᠨ ᠤ ᠲᠠᠯᠠᠪᠤᠷ ᠭᠠᠵᠠᠷ ᠢ ᠬᠠᠰᠢᠶ᠎ᠠ ᠰᠠᠷᠠᠪᠴᠢ ᠶᠢᠨ ᠡᠷᠭᠢᠨ ᠲᠣᠭᠤᠷᠢᠨ ᠳᠤ ᠲᠣᠬᠢᠷᠠᠭᠤᠯᠬᠤ ᠶᠢᠨ ᠬᠠᠮᠲᠤ ᠲᠣᠳᠣᠷᠬᠠᠢ ᠲᠡᠮᠳᠡᠭ ᠢᠶᠠᠷ ᠢᠯᠡᠳᠭᠡᠵᠦ ᠦᠭᠬᠦ | ᠬᠡᠷᠡᠭᠲᠡᠶ᠃ | ᠲᠠᠪᠤ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠭᠡ︶ ᠡᠯ᠎ᠡ ᠰᠤᠮᠤ ᠪᠠᠯᠭᠠᠰᠤ ᠨᠤᠲᠤᠭ ᠪᠡᠯᠴᠢᠭᠡᠷ ᠢ ᠰᠡᠷᠭᠦᠭᠡᠬᠦ ᠠᠵᠢᠯ ᠤᠨ ᠳᠠᠩᠰᠠ ᠡᠪᠬᠡᠮᠡᠯ ᠢ ᠰᠠᠶᠢᠳᠤᠷ ᠪᠠᠶᠢᠭᠤᠯᠤᠨ ᠲᠡᠭᠦᠯᠳᠡᠷᠵᠢᠭᠦᠯᠵᠦ᠂ ᠮᠠᠯᠴᠢᠨ | ᠡᠷᠦᠬᠡ ᠲᠠᠢ ᠬᠤᠯᠪᠤᠭᠳᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠤᠷᠢᠳᠴᠢᠯᠠᠨ ᠬᠢᠵᠦ᠂ ᠨᠣᠲᠤᠭ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠨᠣᠲᠤᠭ ᠪᠡᠯᠴᠢᠭᠡᠷ ᠢ | ᠰᠡᠷᠭᠦᠭᠡᠬᠦ ᠣᠷᠣᠨ ᠳᠤ ᠪᠥᠬᠦ ᠲᠠᠯ᠎ᠠ ᠪᠠᠷ ᠪᠡᠯᠴᠢᠭᠡᠷᠯᠡᠭᠦᠯᠬᠦ ᠶᠢ ᠵᠣᠭᠰᠣᠭᠠᠨ᠂ ᠠᠳᠣᠭᠤ᠂ ᠦᠬᠡᠷ᠂ ᠬᠤᠨᠢ ᠢᠮᠠᠭ᠎ᠠ ᠵᠡᠷᠭᠡ ᠮᠠᠯ ᠰᠦᠷᠦᠭ ᠢ ᠪᠡᠯᠴᠢᠭᠡᠷᠯᠡᠬᠦᠯᠦᠨ | ᠬᠠᠷᠢᠭᠤᠯᠵᠤ ᠪᠣᠯᠬᠤ ᠦᠭᠡᠢ᠃ ᠪᠣᠳᠠᠲᠤ ᠪᠠᠶᠢᠳᠠᠯ ᠢ ᠦᠨᠳᠦᠰᠦᠯᠡᠨ᠂ ᠨᠣᠲᠤᠭ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠤᠰᠤ ᠲᠡᠭᠡᠭᠡᠪᠦᠷᠢᠯᠡᠨ ᠣᠰᠤᠯᠠᠬᠤ ᠵᠡᠷᠭᠡ | ᠠᠷᠭ᠎ᠠ ᠬᠡᠮᠵᠢᠶ᠎ᠡ ᠶᠢ ᠠᠪᠴᠣ᠂ ᠣᠣᠭᠤᠬᠤ ᠣᠰᠤᠨ ᠤ ᠠᠰᠠᠭᠤᠳᠠᠯ ᠢ ᠰᠢᠢᠳᠪᠦᠷᠢᠯᠡᠬᠦ ᠶᠢ ᠵᠣᠷᠢᠭᠵᠢᠭᠤᠯᠵᠤ᠂ ᠮᠠᠯ ᠤᠰᠤᠯᠠᠬᠤ ᠮᠠᠯ ᠲᠡᠵᠢᠭᠡᠬᠦ ᠵᠡᠷᠭᠡ ᠡᠯᠳᠡᠪ ᠵᠦᠢᠯ | ᠤᠨ ᠰᠢᠯᠲᠠᠭ ᠢᠶᠠᠷ ᠪᠡᠯᠴᠢᠭᠡᠷᠯᠡᠭᠦᠯᠦᠨ ᠮᠠᠯᠵᠢᠬᠤ ᠶᠢ ᠴᠢᠩᠭ᠎ᠠ ᠬᠤᠷᠢᠭᠯᠠᠨ᠂ ᠥᠷᠭᠡᠨ ᠣᠯᠠᠨ ᠮᠠᠯᠴᠢᠨ ᠲᠦᠮᠡᠨ ᠤ ᠨᠣᠲᠤᠭ ᠪᠡᠯᠴᠢᠭᠡᠷ ᠢ ᠰᠡᠷᠭᠦᠭᠡᠬᠦ ᠲᠣᠭᠲᠠᠭᠠᠯ ᠢ | ᠤᠬᠠᠮᠰᠠᠷ ᠠᠴᠠ ᠪᠠᠨ ᠭᠦᠢᠴᠡᠳᠬᠡᠵᠦ᠂ ᠰᠤᠮᠤ ᠪᠠᠯᠭᠠᠰᠤᠨ ᠤ ᠬᠠᠤᠯᠢ ᠬᠡᠷᠡᠭᠵᠢᠭᠦᠯᠦᠯᠲᠡ ᠶᠢᠨ ᠰᠠᠯᠠᠭ᠎ᠠ ᠮᠥᠴᠢᠷ ᠪᠣᠯᠤᠨ ᠣᠶ ᠰᠢᠭᠤᠶ ᠨᠤᠲᠤᠭ ᠪᠡᠯᠴᠢᠭᠡᠷ ᠤᠨ | ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ | ︵ᠬᠤᠶᠠᠷ︶ ᠡᠯ᠎ᠡ ᠰᠤᠮᠤ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠭᠠᠴᠠᠭ᠎ᠠ ᠲᠣᠰᠬᠤᠨ ᠤ ︽ ᠡᠭᠦᠷ ᠵᠥᠪᠯᠡᠯ︾ ᠨᠢ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯ ᠰᠦᠷᠦᠭ ᠢ ᠪᠦᠬᠦᠨ ᠢ ᠬᠠᠰᠢᠶᠠᠯᠠᠨ ᠲᠡᠵᠢᠭᠡᠬᠦ ᠶᠢ ᠱᠠᠯᠠᠪᠳᠠᠭᠤᠯᠤᠨ ᠪᠠᠶᠢᠴᠠᠭᠠᠵᠤ ᠬᠢᠨᠠᠯᠲᠠ | ᠲᠠᠯᠪᠢᠬᠤ ᠬᠡᠷᠡᠭᠲᠡᠶ︔ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠢ ᠡᠯ᠎ᠡ ᠰᠤᠮᠤ ᠪᠠᠯᠭᠠᠰᠤ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠵᠣᠬᠢᠶᠠᠨ | ᠪᠠᠶᠢᠭᠤᠯᠤᠨ ᠵᠣᠬᠢᠴᠠᠭᠤᠯᠬᠤ᠂ ᠪᠡᠯᠴᠢᠭᠡᠷ ᠢ ᠰᠡᠷᠭᠦᠭᠡᠬᠦ ᠤᠬᠠᠭᠤᠯᠭ᠎ᠠ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ︔ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ | ᠮᠥᠴᠢᠷ ᠤᠨ ᠬᠢᠨ ᠬᠠᠰᠢᠶᠠᠯᠠᠨ ᠲᠡᠵᠢᠭᠡᠬᠦ ᠮᠡᠷᠭᠡᠵᠢᠯ ᠤᠨ ᠵᠢᠯᠣᠭᠤᠳᠣᠯᠭ᠎ᠠ᠂ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠦᠢᠯᠡᠴᠢᠯᠡᠭᠡᠨ ᠤ ᠠᠵᠢᠯ ᠢ | ᠰᠠᠶᠢᠲᠤᠷ ᠬᠢᠬᠦ ᠬᠡᠷᠡᠭᠲᠡᠶ︔ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠲᠣᠪᠴᠢᠶ᠎ᠠ ᠨᠢ ᠬᠠᠤᠯᠢ ᠬᠡᠷᠡᠭᠵᠢᠭᠦᠯᠦᠯᠲᠡ ᠶᠢᠨ | ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠤᠯᠠᠭᠠᠶᠢᠯᠠᠨ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠭᠲᠠᠭᠠᠯ ᠠᠴᠠ | ᠵᠥᠷᠢᠴᠡᠨ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠳᠤ ᠬᠤᠯᠪᠣᠭᠳᠠᠯ ᠪᠦᠬᠦᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ︵ᠭᠤᠷᠪᠠ︶ ᠨᠤᠲᠤᠭ ᠪᠠᠯᠴᠢᠬᠡᠷ ᠢ ᠰᠡᠷᠬᠦᠬᠡᠬᠦ ᠬᠤᠭᠤᠴᠠᠭᠠᠨ ᠳᠤ᠂ ᠰᠤᠮᠤ ᠪᠠᠯᠭᠠᠰᠤᠨ ᠤ ᠶᠠᠷᠤᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠲᠤᠪᠴᠢᠶᠠᠨ ᠤ ᠬᠢᠨ | ᠡᠬᠦᠷᠬᠡ ᠴᠢᠳᠡᠪᠬᠢ ᠶᠢᠨ ᠦᠢᠯᠡᠳᠤᠯ ᠢᠶᠠᠨ ᠬᠦᠢᠴᠡᠳ ᠪᠠᠳᠠᠷᠠᠭᠤᠯᠵᠤ᠂ ᠡᠯ᠎ᠠ ᠲᠠᠯ᠎ᠠ ᠶᠢᠨ ᠬᠦᠴᠤᠨ ᠢ ᠨᠢᠬᠡᠳᠤᠯᠳᠠᠢ ᠲᠦᠯᠤᠪᠯᠡᠨ᠂ ᠬᠠᠤᠯᠢ ᠬᠡᠷᠡᠭᠵᠢᠬᠦᠯᠤᠯᠳᠠ ᠳᠤ | ᠪᠠᠶᠢᠴᠠᠭᠠᠯᠳᠠ ᠬᠢᠬᠦ ᠭᠡᠷᠡᠭᠳᠠᠢ᠃ ᠨᠣᠲᠤᠭ ᠪᠠᠯᠴᠢᠬᠡᠷ ᠢ ᠰᠡᠷᠬᠦᠬᠡᠬᠦ ᠠᠵᠢᠯ ᠢ ᠪᠠᠶᠢᠩᠭᠤᠵᠢᠭᠤᠯᠤᠨ ᠲᠣᠭᠤᠷᠢᠨ ᠪᠠᠶᠢᠴᠠᠭᠠᠵᠤ᠂ ᠠᠰᠠᠭᠤᠳᠠᠯ ᠢ ᠴᠠᠭ ᠲᠤᠬᠠᠶ ᠳᠤ ᠨᠢ | ᠰᠢᠢᠳᠪᠦᠷᠢᠯᠡᠬᠦ ᠬᠡᠷᠡᠭᠲᠡᠶ︔ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠤᠯᠳᠠ ᠶᠢᠨ ᠲᠣᠪᠴᠢᠶ᠎ᠠ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠤᠲᠤᠭ ᠪᠠᠯᠴᠢᠬᠡᠷ ᠢ ᠰᠡᠷᠬᠦᠬᠡᠬᠦ ᠣᠷᠣᠨ ᠳᠤ ᠰᠣᠭᠤᠴᠢᠨ ᠪᠠᠶᠢᠴᠠᠭᠠᠯᠲᠠ ᠦᠷᠨᠢᠭᠦᠯᠬᠦ | ᠬᠡᠷᠡᠭᠲᠡᠶ᠃ | ︵ᠲᠦᠷᠪᠡ︶ ᠨᠣᠲᠤᠭ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ᠂ ᠮᠠᠯᠴᠢᠨ ᠡᠷᠦᠬᠡ ᠬᠠᠤᠯᠢ ᠲᠣᠭᠲᠠᠭᠠᠯ ᠠᠴᠠ ᠵᠥᠷᠢᠴᠡᠨ ᠮᠠᠯ ᠢᠶᠠᠨ ᠪᠡᠯᠴᠢᠭᠡᠷᠯᠡᠬᠦᠯᠦᠭᠰᠡᠨ | ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ | ᠰᠡᠷᠭᠦᠭᠡᠬᠦ ᠳᠦᠷᠢᠮ︾ ᠤᠨ ᠭᠤᠴᠢᠨ ᠲᠠᠪᠤᠳᠤᠭᠠᠷ ᠵᠣᠷᠪᠣᠰ ᠶᠤᠰᠤᠭᠠᠷ ᠴᠢᠩᠭ᠎ᠠ ᠰᠢᠢᠳᠭᠡᠵᠦ᠂ ᠳᠦᠷᠢᠮ ᠲᠣᠭᠲᠠᠭᠠᠯ ᠠᠴᠠ ᠵᠦᠷᠢᠴᠡᠨ ᠪᠡᠯᠴᠢᠭᠡᠷᠯᠡᠭᠦᠯᠦᠭᠰᠡᠨ | ᠬᠤᠨᠢᠨ ᠨᠢᠭᠡᠴᠢ ᠪᠣᠯᠭᠠᠨ ᠠᠴᠠ 120 ᠲᠥᠭᠦᠷᠢᠭ ᠢᠶᠠᠷ ᠲᠣᠷᠭᠠᠨ᠎ᠠ᠃ ᠨᠤᠲᠤᠭ ᠪᠡᠯᠴᠢᠭᠡᠷ ᠢ ᠰᠡᠷᠭᠦᠭᠡᠬᠦ ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠪᠣᠯᠤᠨ ᠡᠯ᠎ᠡ ᠰᠤᠮᠤ ᠪᠠᠯᠭᠠᠰᠤ ᠠᠴᠠ ᠰᠢᠯᠭᠠᠨ ᠦᠨᠡᠯᠡᠵᠦ᠂ ᠨᠤᠲᠤᠭ ᠪᠡᠯᠴᠢᠭᠡᠷ ᠢ ᠰᠡᠷᠭᠦᠭᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ | ᠮᠠᠯᠴᠢᠨ ᠡᠷᠦᠬᠡ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ︽ ᠪᠦᠷᠢᠨ ᠴᠢᠳᠠᠪᠢᠲᠤ ᠺᠠᠷᠲ︾ ᠢᠶᠠᠷ ᠳᠠᠮᠵᠢᠭᠤᠯᠤᠨ ᠪᠡᠯᠴᠢᠭᠡᠷ ᠢ ᠰᠡᠷᠭᠦᠭᠡᠬᠦ ᠨᠦᠬᠦᠪᠦᠷᠢ | ᠱᠠᠩᠨᠠᠯ ᠤᠨ ᠮᠥᠩᠭᠦ ᠣᠯᠭᠤᠨ᠎ᠠ︔ ᠲᠣᠰ ᠳᠦᠷᠢᠮ ᠢ ᠡᠰᠡ ᠨᠠᠶᠢᠳᠠᠪᠤᠷᠢᠵᠢᠭᠤᠯᠤᠭᠰᠠᠨ᠂ ᠬᠤᠯᠠᠭᠠᠶᠢᠯᠠᠨ ᠪᠡᠯᠴᠢᠭᠡᠷᠯᠡᠬᠦᠯᠬᠦ ᠵᠡᠷᠭᠡ ᠦᠢᠯᠡ ᠠᠵᠢᠯᠯᠠᠭ᠎ᠠ ᠲᠠᠢ ᠮᠠᠯᠴᠢᠨ | ᠡᠷᠦᠬᠡ ᠶᠢᠨ ᠨᠤᠲᠤᠭ ᠪᠡᠯᠴᠢᠭᠡᠷ ᠢ ᠰᠡᠷᠭᠦᠭᠡᠬᠦ ᠨᠦᠬᠦᠪᠦᠷᠢ ᠱᠠᠩᠨᠠᠯ ᠤᠨ ᠮᠥᠩᠭᠦ ᠶᠢ ᠬᠠᠰᠤᠵᠤ ᠠᠪᠤᠨ᠎ᠠ᠃ ᠡᠨᠡᠬᠦ ᠬᠠᠰᠤᠵᠤ ᠠᠪᠤᠭᠰᠠᠨ ᠪᠡᠯᠡ ᠮᠦᠩᠭᠦ ᠶᠢ ᠨᠤᠲᠤᠭ | ᠪᠡᠯᠴᠢᠭᠡᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠳᠤ ᠨᠢᠭᠡᠳᠦᠯᠲᠡᠶ ᠲᠥᠯᠥᠪᠯᠡᠨ ᠣᠷᠤᠭᠤᠯᠵᠤ ᠬᠡᠷᠡᠭᠯᠡᠨ᠎ᠡ᠃ | ︵ᠲᠠᠪᠤ︶ ᠨᠤᠲᠤᠭ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠪᠠᠶᠢᠴᠠᠭᠠᠭᠳᠠᠵᠤ ᠣᠯᠣᠭᠰᠠᠨ ᠮᠠᠯ ᠰᠦᠷᠦᠭ ᠢ ᠲᠠᠨᠢᠵᠤ ᠮᠡᠳᠡᠷᠡᠬᠦ ᠬᠦᠮᠦᠨ ᠦᠭᠡᠢ ᠪᠣᠯ ᠡᠵᠡᠨ | ᠦᠭᠡᠶ ᠮᠠᠯ ᠰᠦᠷᠦᠭ ᠢᠶᠠᠷ ᠦᠵᠡᠵᠦ ᠬᠠᠮᠢᠶᠠᠷᠤᠨ᠎ᠠ᠃ ᠮᠠᠯ ᠤᠨ ᠡᠵᠡᠨ ᠨᠢ 30 ᠡᠳᠦᠷ ᠤᠨ ᠳᠣᠲᠣᠷ᠎ᠠ ᠰᠠᠨᠠᠭᠠᠴᠢᠯᠠᠭ᠎ᠠ ᠠᠴᠠ ᠪᠠᠨ ᠮᠠᠯ ᠰᠦᠷᠦᠭ ᠢᠶᠠᠨ ᠲᠠᠨᠢᠵᠤ | ᠠᠪᠬᠤ ᠦᠭᠡᠢ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠢᠶᠠᠨ ᠲᠣᠷᠭᠠᠭᠤᠯᠢ ᠶᠢᠨ ᠮᠦᠩᠭᠦ ᠪᠠᠨ ᠲᠣᠰᠢᠶᠠᠭᠰᠠᠨ ᠦᠭᠡᠢ ᠪᠣᠯ ᠡᠵᠡᠨ ᠦᠭᠡᠢ | ᠮᠠᠯ ᠢᠶᠠᠷ ᠦᠵᠡᠵᠦ ᠬᠠᠮᠲᠤ ᠶᠢᠨ ᠬᠦᠷᠦᠩᠭᠡ ᠪᠠᠷ ᠬᠠᠮᠢᠶᠠᠷᠤᠨ᠎ᠠ︔ ᠰᠠᠨᠠᠭᠠᠴᠢᠯᠠᠭ᠎ᠠ ᠠᠴᠠ ᠪᠠᠨ ᠲᠣᠷᠭᠠᠭᠤᠯᠢ ᠢᠶᠠᠨ ᠲᠤᠰᠢᠶᠠᠭᠰᠠᠳ ᠤᠨ ᠮᠠᠯ ᠰᠦᠷᠦᠭ ᠢ ᠨᠡᠶᠢᠲᠡ | ᠲᠡᠵᠢᠭᠡᠯᠭᠡᠵᠦ ᠬᠠᠮᠢᠶᠠᠷᠤᠭᠤᠯᠤᠭᠰᠠᠨ ᠰᠦᠢᠳᠭᠡᠯ ᠢ ᠬᠤᠷᠢᠶᠠᠨ ᠪᠤᠯᠭᠤᠭᠰᠠᠨ ᠤ ᠳᠠᠷᠠᠭ᠎ᠠ ᠮᠠᠯ ᠰᠦᠷᠦᠭ ᠢ ᠨᠢ ᠪᠤᠴᠠᠭᠠᠨ᠎ᠠ᠃ | ︵ᠵᠢᠷᠭᠤᠭ᠎ᠠ︶ ᠢᠯᠡᠴᠢᠯᠡᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠭᠤᠤᠯ | ᠴᠣᠭᠴᠠ ᠶᠢᠨ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ ᠣᠯᠠᠨ ᠲᠦᠮᠡᠨ ᠤ ᠬᠢᠨᠠᠯᠲᠠ ᠲᠠᠯᠪᠢᠬᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠨᠡᠶᠢᠯᠡᠮᠡᠯ | ᠬᠦᠴᠦᠨ ᠢ ᠪᠤᠢ ᠪᠣᠯᠭᠠᠬᠤ ᠬᠡᠷᠡᠭᠲᠡᠶ᠃ ᠨᠡᠶᠢᠭᠡᠮ ᠤᠨ ᠡᠯ᠎ᠡ ᠡᠲᠡᠭᠡᠳ ᠤᠨ ᠬᠢᠨ ᠬᠢᠨᠠᠯᠲᠠ ᠲᠠᠯᠪᠢᠵᠤ᠂ ᠳᠦᠷᠢᠮ ᠲᠣᠭᠲᠠᠭᠠᠯ ᠠᠴᠠ ᠵᠥᠷᠢᠴᠡᠨ ᠮᠠᠯ ᠢᠶᠠᠨ | ᠪᠡᠯᠴᠢᠭᠡᠷᠯᠡᠭᠦᠯᠦᠭᠰᠡᠨ ᠦᠢᠯᠡ ᠠᠵᠢᠯᠯᠠᠭ᠎ᠠ ᠶᠢ ᠢᠳᠡᠪᠬᠢᠲᠡᠢ ᠢᠯᠡᠴᠢᠯᠡᠨ ᠮᠡᠳᠡᠭᠦᠯᠬᠦ ᠶᠢ ᠬᠦᠰᠡᠵᠦ ᠪᠠᠶᠢᠨ᠎ᠠ᠃ | ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ 0478 — 5912625 | ᠭᠠᠭᠴᠠᠮᠤᠳᠤ ᠪᠠᠯᠭᠠᠰᠤ᠄ 0478 — 5624740 | ᠪᠠᠶ᠋ᠬᠠᠤᠯᠠᠭᠠᠨ ᠰᠤᠮᠤ᠄ 0478 — 2396551 | ᠴᠣᠩᠵᠢ ᠰᠤᠮᠤ᠄ 0478 — 2396601 | ᠰᠢᠨᠡᠬᠦ᠋ᠷᠢᠶ᠎ᠡ ᠰᠤᠮᠤ᠄ 0478 — 5615089 | ᠤᠩᠭᠤᠨ ᠪᠠᠯᠭᠠᠰᠤ᠄ 0478 — 5699811 | ᠬᠤᠯᠤᠰᠤᠲᠠᠢ ᠰᠤᠮᠤ᠄ 0478 — 5612006 | ᠡᠭᠦᠨ ᠤ ᠲᠤᠯᠠ ᠣᠨᠴᠠᠭᠠᠶᠢᠯᠠᠨ ᠵᠠᠷᠯᠠᠪᠠ | | ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | | 2025 ᠣᠨ ᠤ 3 ᠰᠠᠷ᠎ᠠ ᠶᠢᠨ 12 ᠤᠨ ᠡᠳᠦᠷ | | |