ᠤᠷᠠᠳ ᠤᠨ ᠳᠤᠮᠳᠠᠳᠤ ᠬᠤᠰᠢᠭᠤ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠤᠯᠤᠰ ᠤᠨ ᠦᠨᠡᠯᠡᠨ ᠵᠢᠱᠢᠯᠲᠡ ᠳᠤ ᠪᠠᠲᠣᠯᠠᠭᠳᠠᠪᠠ
ᠨᠡᠶᠢᠲᠡᠯᠡᠭᠰᠡᠨ ᠴᠠᠭ᠄
2025/3/20
    3 ᠰᠠᠷ᠎ᠠ ᠶᠢᠨ 14 ᠤ ᠡᠳᠦᠷ᠂ ᠰᠤᠷᠭᠠᠨ ᠬᠥᠮᠦᠵᠢᠯ ᠤᠨ ᠶᠠᠮᠤᠨ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠰᠢᠶᠠᠨ ᠤ ᠨᠡᠷᠡᠰ ᠢ ᠨᠡᠶᠢᠲᠡᠯᠡᠵᠦ᠂ ᠤᠷᠠᠳ ᠤᠨ ᠳᠤᠮᠳᠠᠳᠤ ᠬᠤᠰᠢᠭᠤ ᠨᠢ ᠪᠥᠬᠦ ᠣᠷᠣᠨ ᠤ 8 ᠬᠤᠰᠢᠭᠤ ᠰᠢᠶᠠᠨ ︵ᠲᠣᠭᠤᠷᠢᠭ︶ ᠤ ᠨᠢᠭᠡ ᠪᠣᠯᠤᠭᠰᠠᠨ ᠤ ᠬᠤᠪᠢ ᠳᠤ᠂ ᠪᠥᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠬᠤᠰᠢᠭᠤ ᠰᠢᠶᠠᠨ ᠢᠶᠠᠷ ᠵᠢᠩᠬᠢᠨᠢ ᠪᠠᠷ ᠦᠨᠡᠯᠡᠭᠳᠡᠪᠡ᠃ ᠡᠨᠡ ᠬᠦ ᠢᠷᠠᠭᠤ ᠠᠯᠳᠠᠷ ᠪᠣᠯ ᠰᠤᠷᠭᠠᠨ ᠬᠥᠮᠦᠵᠢᠯ ᠤᠨ ᠬᠦᠷᠢᠶᠡᠨ ᠳᠠᠬᠢ ︽ᠠᠯᠲᠠᠨ ᠦᠰᠦᠭᠲᠦ ᠫᠠᠶᠢᠰᠠ︾ ᠪᠣᠯᠤᠨ᠎ᠠ᠂ ᠡᠨᠡ ᠨᠢ ᠣᠷᠠᠳ ᠤᠨ ᠳᠣᠮᠳᠠᠳᠣ ᠬᠤᠰᠢᠭᠤᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ᠂ ᠰᠤᠷᠭᠠᠨ ᠬᠥᠮᠦᠵᠢᠯ ᠤᠨ ᠶᠠᠰᠤ ᠴᠢᠨᠠᠷ ᠪᠠ ᠬᠠᠮᠢᠶᠠᠷᠤᠯᠲᠠ ᠶᠢᠨ ᠬᠢᠷᠢ ᠲᠦᠪᠰᠢᠨ ᠵᠡᠷᠭᠡ ᠲᠠᠯ᠎ᠠ ᠪᠠᠷ ᠴᠥᠮ ᠤᠯᠤᠰ ᠤᠨ ᠪᠠᠷᠢᠮᠵᠢᠶ᠎ᠠ ᠳᠤ ᠬᠦᠷᠴᠦ᠂ ᠭᠠᠵᠠᠷ ᠣᠷᠣᠨ ᠤ ᠰᠤᠷᠤᠯᠴᠠᠯᠭ᠎ᠠ ᠪᠠ ᠯᠠᠪᠯᠠᠯᠲᠠ ᠶᠢᠨ ᠥᠯᠢᠭᠡᠷ ᠳᠠᠭᠤᠷᠢᠶᠠᠯ ᠪᠣᠯᠣᠭᠰᠠᠨ ᠢ ᠬᠠᠷᠠᠭᠤᠯᠵᠤ ᠪᠠᠶᠢᠨ᠎ᠠ᠃    ᠣᠶᠢᠷ᠎ᠠ ᠶᠢᠨ ᠵᠢᠯ ᠳᠤ᠂ ᠤᠷᠠᠳ ᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠴᠢᠩᠭᠠᠳᠬᠠᠬᠤ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠬᠤ ᠶᠢ ᠪᠥᠬᠦ ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠪᠣᠯᠭᠠᠨ ᠠᠳᠬᠤᠵᠤ᠂ ︽ᠵᠢᠭᠠᠨ ᠰᠤᠷᠭᠠᠯᠲᠠ ᠶᠢᠨ ᠶᠠᠰᠤ ᠴᠢᠨᠠᠷ ᠥᠨᠳᠥᠷ᠂ ᠰᠤᠷᠭᠠᠭᠤᠯᠢ ᠶᠢᠨ ᠴᠢᠨᠠᠷ ᠲᠠᠰ ᠥᠨᠳᠥᠷ᠂ ᠪᠠᠭᠰᠢ ᠶᠢᠨ ᠬᠢᠷᠢ ᠲᠦᠪᠰᠢᠨ ᠥᠨᠳᠥᠷ᠂ ᠰᠣᠷᠣᠭᠴᠢ ᠶᠢᠨ ᠬᠡᠪ ᠪᠣᠯᠪᠠᠰᠤᠷᠠᠯ ᠥᠨᠳᠥᠷ᠂ ᠨᠡᠶᠢᠭᠡᠮ ᠤᠨ ᠦᠨᠡᠯᠡᠯᠲᠡ ᠦᠨᠳᠦᠷ︾ ︽ᠴᠢᠨᠠᠷ ᠰᠠᠶᠢᠲᠠᠢ ᠰᠤᠷᠭᠠᠨ ᠬᠥᠮᠦᠵᠢᠯ︾ ᠤᠨ ᠬᠠᠷᠠᠯᠲᠠ ᠶᠢ ᠪᠣᠶ ᠪᠣᠯᠭᠠᠬᠤ ᠶᠢᠨ ᠲᠣᠭᠤᠷᠢᠨ ᠳᠤ᠂ ᠰᠢᠯᠢᠳᠡᠭ ᠰᠣᠷᠭᠠᠨ ᠬᠦᠮᠦᠵᠢᠯ ᠳᠤ ᠠᠩᠬᠠᠷᠣᠯ ᠢᠶᠠᠨ ᠲᠦᠪᠯᠡᠷᠡᠭᠦᠯᠵᠣ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠤᠷᠭᠠᠨ ᠬᠥᠮᠦᠵᠢᠯ ᠤᠨ ᠣᠷᠣᠭᠤᠯᠤᠯᠲᠠ ᠶᠢ ᠲᠠᠰᠤᠷᠠᠯᠲᠠ ᠥᠬᠡᠶ ᠨᠡᠮᠡᠭᠳᠡᠭᠦᠯᠦᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠳᠡᠭᠡᠳᠦ ᠬᠡᠮᠵᠢᠶ᠎ᠡ ᠪᠠᠷ ᠠᠬᠢᠭᠤᠯᠵᠤ᠂ ᠪᠦᠬᠦ ᠬᠤᠰᠢᠭᠤᠨ ᠤ ᠪᠠᠭᠰᠢ ᠶᠢᠨ ᠡᠩᠨᠡᠭᠡᠨ ᠤ ᠪᠦᠲᠦᠴᠡ ᠪᠦᠲᠦᠮᠵᠢᠲᠡᠢ ᠰᠠᠶᠢᠵᠢᠷᠠᠵᠣ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠵᠦ᠂ ᠰᠤᠷᠭᠠᠨ ᠬᠥᠮᠦᠵᠢᠯ ᠤᠨ ᠦᠢᠯᠡᠰ ᠲᠦᠷᠭᠡᠨ ᠳᠠᠪᠰᠢᠯᠲᠠ ᠲᠠᠢ ᠪᠣᠯᠪᠠ᠃    ᠲᠠᠷᠠᠭᠠᠴᠢ ᠶᠢᠨ ᠠᠯᠬᠤᠮ ᠳᠤ᠂  ᠰᠣᠷᠭᠠᠨ ᠬᠦᠮᠦᠵᠢᠯ ᠤᠨ ᠲᠣᠪᠴᠢᠶ᠎ᠠ ᠡᠭᠦᠨ ᠢᠶᠠᠷ ᠠᠵᠠ ᠲᠣᠬᠢᠶᠠᠯ ᠪᠣᠯᠭᠠᠵᠤ᠂ ᠡᠭᠦᠳᠦᠨ ᠪᠠᠶᠢᠭᠤᠯᠬᠤ ᠬᠠᠷᠠᠯᠲᠠ ᠪᠠᠨ ᠬᠤᠪᠢᠷᠠᠭᠤᠯᠬᠤ ᠥᠬᠡᠶ᠂ ᠠᠬᠢᠭᠤᠯᠬᠤ ᠡᠷᠴᠢᠮ ᠢᠶᠠᠨ ᠰᠤᠯᠠᠷᠠᠭᠤᠯᠬᠤ ᠥᠬᠡᠶ᠂ ᠦᠨᠡᠯᠡᠨ ᠵᠢᠱᠢᠬᠦ ᠪᠠᠷᠢᠮᠵᠢᠶ᠎ᠠ ᠪᠠᠨ ᠪᠠᠭᠤᠷᠠᠭᠤᠯᠬᠤ ᠥᠬᠡᠶ ᠪᠠᠶᠢᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠦᠭᠵᠢᠯᠲᠡ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠯᠠᠪᠳᠠᠭᠤᠨ ᠪᠠᠲᠤᠲᠠᠶ ᠪᠠᠬᠢᠵᠢᠭᠦᠯᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠪᠣᠢ ᠃  
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ