ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ | ᠰᠠᠭᠤᠷᠢ ᠶᠢ ᠪᠠᠲᠤᠳᠬᠠᠨ᠂ ᠪᠥᠬᠦ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠤᠷᠤᠭᠰᠢᠲᠠᠶ ᠥᠷᠨᠢᠬᠦ ᠶᠢ ᠪᠠᠲᠤᠯᠠᠵᠤ᠂ ᠪᠥᠬᠦ ᠪᠠᠯᠭᠠᠰᠤᠨ ᠤ ᠣᠯᠠᠨ ᠲᠦᠮᠡᠨ ᠤ | ᠣᠷᠣᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 13 ᠤ ᠡᠳᠦᠷ᠂ ᠰᠢᠬ᠎ᠠ ᠭᠤᠣᠯ ᠪᠠᠯᠭᠠᠰᠤ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠷᠠᠯ ᠢ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ | ᠠᠰᠢᠭᠯᠠᠯᠲᠠ ᠶᠢᠨ ᠦᠢᠯᠡᠴᠢᠯᠡᠭᠡ ᠪᠠᠲᠤᠯᠠᠭ᠎ᠠ ᠶᠢᠨ ᠲᠥᠪ ᠤᠨ ᠡᠷᠬᠢᠯᠡᠭᠴᠢ ᠵᠧᠤ ᠬᠠᠶ ᠯᠦᠩ ᠡᠷᠭᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠴᠣᠯᠮᠣᠨ ᠡᠷᠭᠢᠯᠡᠵᠦ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ | ᠠᠰᠢᠭᠯᠠᠯᠲᠠ ᠶᠢᠨ ᠦᠢᠯᠡᠴᠢᠯᠡᠭᠡ ᠪᠠᠲᠤᠯᠠᠭ᠎ᠠ ᠶᠢᠨ ᠲᠥᠪ ᠤᠨ ᠳᠡᠳ᠋ ᠡᠷᠬᠢᠯᠡᠭᠴᠢ ᠰᠤ᠋ ᠷᠦᠩ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ | ᠠᠰᠢᠭᠯᠠᠯᠲᠠ ᠶᠢᠨ ᠦᠢᠯᠡᠴᠢᠯᠡᠭᠡ ᠪᠠᠲᠤᠯᠠᠭ᠎ᠠ ᠶᠢᠨ ᠲᠥᠪ ᠤᠨ ᠳᠡᠳ᠋ ᠡᠷᠬᠢᠯᠡᠭᠴᠢ ᠯᠢᠦ ᠵᠠᠨ ᠵᠢᠶᠦ᠋ᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ | ᠣᠷᠣᠯᠴᠠᠵᠠᠶ᠃ | ᠬᠤᠷᠠᠯ ᠠᠴᠠ᠂ ᠬᠠᠪᠤᠷ ᠤᠨ ᠤᠯᠠᠷᠢᠯ ᠪᠣᠯ ᠪᠦᠬᠦ ᠵᠢᠯ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠶᠡᠷᠦᠩᠬᠡᠢ ᠪᠠᠶᠢᠷᠢᠰᠢᠭᠤᠯᠤᠯᠲᠠ ᠶᠢ ᠲᠣᠭᠲᠠᠭᠠᠵᠣ ᠂ | ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠪᠦᠬᠦ ᠪᠠᠯᠭᠠᠰᠤ ᠪᠠᠷ ᠢᠶᠠᠨ ᠡᠷᠲᠡ ᠠᠴᠠ ᠠᠳᠬᠤᠬᠤ᠂ ᠨᠢᠭᠡᠳᠦᠯᠲᠡᠢ | ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠤᠢᠢᠯᠠᠭᠠᠭᠳᠠᠬᠤᠨ ᠢ ᠤᠯᠠᠮ ᠴᠢᠨᠠᠭᠰᠢᠳᠠ ᠪᠠᠲᠤ ᠪᠤᠢ ᠪᠣᠯᠭᠠᠵᠤ᠂ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠪᠦᠬᠦ ᠪᠠᠯᠭᠠᠰᠤᠨ ᠤ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠰᠠᠶᠢᠨ | ᠡᠬᠢᠯᠡᠯᠲᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠴᠣᠯᠮᠣᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠄ ᠨᠢᠭᠡ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ᠂ ᠦᠷ᠎ᠡ᠂ | ᠬᠢᠮᠢ ᠶᠢᠨ ᠪᠤᠷᠳᠤᠭᠤᠷ᠂ ᠲᠠᠷᠢᠶᠠᠨ ᠡᠮ᠂ ᠲᠠᠷᠢᠶᠠᠯᠠᠩ ᠤᠨ ᠪᠦᠷᠬᠦᠪᠴᠢ ᠵᠡᠷᠭᠡ ᠡᠳ᠋ ᠪᠣᠳᠠᠰ ᠢ ᠴᠠᠭ ᠲᠤᠬᠠᠶ ᠳᠤᠨᠢ ᠭᠦᠢᠴᠡᠳ ᠬᠠᠩᠭᠠᠬᠤ ᠶᠢ ᠦᠨᠡᠨᠬᠦ ᠪᠠᠲᠤᠯᠠᠬᠤ | ᠬᠡᠷᠡᠭᠲᠡᠶ᠃ ᠬᠤᠶᠠᠷ ᠲᠤ᠂ ᠡᠯ᠎ᠡ ᠲᠣᠰᠬᠤᠨ ᠡᠷᠬᠡᠪᠰᠢ ᠡᠭᠦᠷᠭᠡ ᠶᠢᠨ ᠬᠤᠪᠢᠶᠠᠷᠢᠯᠠᠯ ᠤᠨ ᠬᠦᠰᠦᠨᠦᠭᠲᠦ ᠶᠢ ᠴᠢᠩᠭ᠎ᠠ ᠵᠢᠷᠤᠮᠯᠠᠨ ᠲᠠᠷᠢᠮᠠᠯ ᠤᠨ ᠲᠠᠯᠠᠪᠠᠢ ᠶᠢ | ᠨᠠᠶᠢᠳᠠᠪᠤᠷᠢᠵᠢᠭᠤᠯᠵᠤ᠂ ︽ᠭᠠᠵᠠᠷ ᠢ ᠠᠲᠠᠷᠰᠢᠭᠤᠯᠬᠤ ᠦᠭᠡᠢ᠂ ᠲᠠᠷᠢᠬᠤ ᠶᠣᠰᠣᠲᠠᠢ ᠶᠢ ᠨᠢ ᠪᠦᠬᠦᠨ ᠢ ᠲᠠᠷᠢᠬᠤ︾ ᠶᠢ ᠪᠠᠲᠤᠯᠠᠬᠤ ᠬᠡᠷᠡᠭᠲᠡᠢ᠃ ᠭᠤᠷᠪᠠ ᠳᠤ᠂ | ᠤᠬᠠᠭᠤᠯᠵᠤ ᠬᠥᠲᠥᠯᠥᠨ ᠵᠢᠯᠣᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠣᠰᠬᠤᠨ ᠤ ᠬᠢᠨ ᠲᠣᠰᠬᠤᠨ ᠤ ᠸᠢᠴᠠᠲ ᠤᠨ ᠴᠣᠭᠯᠠᠷᠠᠯ ᠂ | ᠲᠣᠰᠬᠤᠨ ᠤ ᠷᠠᠳᠢᠣ᠋ ᠨᠡᠪᠲᠡᠷᠡᠭᠦᠯᠭᠡ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠥᠷᠭᠡᠨ ᠢᠶᠠᠷ ᠤᠬᠠᠭᠤᠯᠵᠤ᠂ ᠲᠣᠰᠬᠤᠨ ᠤ ᠠᠷᠠᠳ ᠢ | ᠬᠠᠪᠰᠤᠷᠤᠨ ᠤᠰᠤᠨ ᠲᠠᠷᠢᠶᠠᠨ ᠤ ᠪᠤᠭᠤᠳᠠᠢ ᠪᠣᠯᠤᠨ ᠬᠠᠭᠤᠷᠠᠢ ᠲᠠᠷᠢᠶᠠᠨ ᠤ ᠪᠤᠭᠤᠳᠠᠶ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ | ᠲᠤᠯᠭᠠᠮ᠎ᠠ ᠴᠢᠨᠠᠷ ᠢ ᠭᠦᠢᠴᠡᠳ ᠲᠠᠨᠢᠭᠤᠯᠬᠤ ᠶᠢᠨ ᠬᠠᠮᠲᠤ ᠲᠣᠰᠬᠤᠨ ᠤ ᠠᠷᠠᠳ ᠲᠤ ᠤᠰᠤᠨ ᠲᠠᠷᠢᠶᠠᠨ ᠤ ᠪᠤᠭᠤᠳᠠᠶ ᠶᠢ ᠬᠢᠨᠠᠨ ᠰᠢᠯᠭᠠᠬᠤ ᠪᠠᠷᠢᠮᠵᠢᠶ᠎ᠠ ᠶᠢ | ᠲᠣᠳᠣᠷᠬᠠᠶ ᠬᠡᠯᠡᠵᠦ ᠥᠭᠬᠦ ᠬᠡᠷᠡᠭᠲᠡᠶ ᠭᠡᠪᠡ ᠃ | ᠲᠣᠰ ᠤᠳᠠᠭᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠠᠬᠢᠭᠤᠯᠬᠤ ᠬᠤᠷᠠᠯ ᠬᠤᠷᠠᠯᠳᠤᠭᠰᠠᠨ ᠨᠢ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ | ᠨᠢᠭᠡᠳᠬᠡᠵᠦ᠂ ᠡᠭᠦᠷᠭᠡ ᠪᠠᠨ ᠲᠣᠳᠣᠷᠬᠠᠶᠢᠯᠠᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ | ᠳᠠᠷᠠᠭᠠᠴᠢ ᠶᠢᠨ ᠠᠯᠬᠤᠮ ᠳᠤ᠂ ᠰᠢᠬ᠎ᠠ ᠭᠤᠣᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠪᠦᠬᠦ | ᠵᠢᠯ ᠤᠨ ᠲᠠᠷᠢᠶᠠᠯᠠᠩ ᠤᠨ ᠡᠯᠪᠡᠭ ᠬᠤᠷᠢᠶᠠᠯᠲᠠ ᠶᠢᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠪᠠᠷ ᠪᠣᠢ᠃ | |