ᠣᠶᠢᠷ᠎ᠠ ᠶᠢᠨ ᠡᠳᠦᠷ ᠤᠳ ᠲᠤ᠂ ᠳᠡᠯ ᠠᠭᠤᠯᠨ ᠪᠠᠯᠭᠠᠰᠤᠨ ᠤ ᠡᠯ᠎ᠡ ᠭᠠᠴᠠᠭ᠎ᠠ ᠲᠣᠰᠬᠤᠨ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠭ ᠨᠣᠪᠰᠢ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠳᠣᠯ ᠵᠡᠷᠭᠡ ᠠᠰᠠᠭᠤᠳᠠᠯ ᠢ | ᠰᠢᠢᠳᠪᠦᠷᠢᠯᠡᠬᠦ ᠪᠠᠷ ᠭᠤᠤᠯᠳᠠᠯᠭ᠎ᠠ ᠪᠣᠯᠭᠠᠵᠤ᠂ ᠲᠤᠰᠬᠠᠶ ᠴᠡᠭᠴᠡᠯᠡᠨ ᠴᠡᠪᠡᠷᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠵᠦ᠂ ᠬᠥᠮᠦᠰ ᠤᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠴᠡᠪᠡᠷᠯᠡᠬᠦ ᠥᠷᠨᠢᠯᠲᠡ ᠶᠢ ᠳᠠᠬᠢᠨ ᠥᠷᠨᠢᠭᠦᠯᠪᠡ᠃ | ᠳᠡᠯ ᠠᠭᠤᠯᠨ ᠪᠠᠯᠭᠠᠰᠤ ᠪᠦᠬᠦᠨ ᠢ ᠬᠠᠮᠤᠷᠬᠤ ᠠᠷᠭ᠎ᠠ ᠮᠠᠶ᠋ᠢᠭ ᠢ ᠠᠪᠴᠤ᠂ S212 ᠭᠤᠣᠯ ᠵᠠᠮ ᠱᠣᠭᠤᠮ ᠂ ᠭᠤᠣᠯ ᠤᠨ ᠵᠠᠮ᠂ ᠭᠡᠷ ᠤᠨ ᠡᠮᠦᠨ᠎ᠡ ᠬᠤᠶᠢᠨ᠎ᠠ | ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠴᠡᠪᠡᠷᠯᠡᠬᠦ ᠠᠵᠢᠯᠯᠠᠭ᠎ᠠ ᠥᠷᠨᠢᠭᠦᠯᠪᠡ᠃ ᠡᠭᠦᠨ ᠤ ᠬᠠᠮᠲᠤ᠂ ᠠᠶᠢᠯ | ᠡᠷᠦᠬᠡ ᠳᠤ ᠬᠦᠷᠴᠦ ᠤᠬᠠᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠢ ᠥᠷᠭᠡᠨ ᠢᠶᠠᠷ ᠬᠥᠲᠥᠯᠦᠨ ᠵᠢᠯᠣᠭᠤᠳᠴᠤ ᠴᠡᠭᠴᠡᠯᠡᠨ ᠴᠡᠪᠡᠷᠯᠡᠬᠦ ᠠᠵᠢᠯᠯᠠᠭ᠎ᠠ ᠳᠤ | ᠣᠷᠣᠯᠴᠠᠭᠤᠯᠵᠤ᠂ ᠠᠮᠢᠳᠤᠷᠠᠯ ᠤᠨ ᠬᠤᠭ ᠨᠣᠪᠰᠢ ᠣᠪᠣᠭᠠᠯᠠᠵᠣ ᠪᠠᠶᠢᠭ᠎ᠠ ᠭᠠᠵᠠᠷ ᠢ ᠤᠳᠬᠤᠭᠤᠷ ᠲᠡᠷᠭᠡ ᠵᠢᠴᠢ ᠮᠠᠯᠲᠠᠭᠤᠷ ᠮᠠᠰᠢᠨ ᠬᠥᠳᠡᠯᠭᠡᠵᠦ ᠭᠤᠤᠯᠳᠠᠯᠭ᠎ᠠ ᠲᠠᠢ | ᠴᠡᠪᠡᠷᠯᠡᠪᠡ᠃ ᠠᠮᠢᠳᠤᠷᠠᠯ ᠤᠨ ᠬᠤᠭ ᠨᠣᠪᠰᠢ᠂ ᠡᠰᠢ ᠰᠦᠷᠡᠯ᠂ ᠭᠤᠤᠯ ᠤᠨ ᠵᠠᠮ ᠤᠨ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠵᠡᠷᠭᠡ | ᠠᠰᠠᠭᠤᠳᠠᠯ ᠳᠤ ᠴᠢᠭᠯᠡᠭᠦᠯᠦᠨ᠂ ᠬᠥᠮᠦᠰ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠪᠥᠬᠦ ᠲᠠᠯ᠎ᠠ ᠪᠠᠷ ᠴᠡᠭᠴᠡᠯᠡᠨ ᠴᠡᠪᠡᠷᠯᠡᠪᠡ ᠃ ᠣᠲᠣ ᠪᠣᠯᠲᠠᠯ᠎ᠠ᠂ ᠪᠥᠬᠦ | ᠪᠠᠯᠭᠠᠰᠤ ᠪᠠᠷ ᠢᠶᠠᠨ ᠨᠡᠶᠢᠲᠡ 600 ᠭᠠᠷᠤᠶ ᠪᠠᠯᠭᠠᠰᠤ ᠲᠣᠰᠬᠤᠨ ᠤ ᠺᠠᠳ᠋ᠷ᠂ ᠨᠠᠮ ᠤᠨ ᠭᠡᠰᠢᠭᠦᠨ ᠣᠯᠠᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ᠂ 200 | ᠭᠠᠷᠤᠶ ᠤᠳᠠᠭ᠎ᠠ ᠲᠡᠷᠭᠡ ᠬᠥᠰᠬᠡ ᠶᠢ ᠬᠦᠳᠡᠯᠭᠡᠭᠡᠵᠣ ᠲᠡᠭᠡᠭᠡᠪᠦᠷᠢᠯᠡᠨ ᠵᠥᠭᠡᠭᠡᠪᠦᠷᠢᠯᠡᠵᠦ᠂ ᠭᠤᠤᠯ ᠵᠠᠮ ᠱᠣᠭᠤᠮ ᠂ ᠭᠤᠤᠯ ᠤᠨ ᠵᠠᠮ᠂ ᠬᠡᠷ ᠤᠨ ᠡᠮᠦᠨ᠎ᠡ ᠬᠤᠶᠢᠨ᠎ᠠ | ᠵᠢᠴᠢ ᠲᠠᠷᠢᠶᠠᠨ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠪᠥᠬᠦ ᠲᠠᠯ᠎ᠠ ᠪᠠᠷ ᠴᠡᠪᠡᠷᠯᠡᠵᠦ᠂ ᠪᠦᠬᠦᠨ ᠢ ᠬᠠᠮᠣᠷᠬᠤ ᠶᠢ ᠦᠨᠡᠨ ᠬᠦ ᠪᠡᠶᠡᠯᠡᠭᠦᠯᠪᠡ᠃ | ︽ᠡᠷᠦᠬᠡ ᠳᠤ ᠬᠦᠷᠴᠦ ᠲᠠᠶᠢᠯᠪᠤᠷᠢᠯᠠᠬᠤ+ ᠪᠣᠰᠤᠭ᠎ᠠ ᠴᠣᠭᠴᠠᠲᠤ ᠤᠬᠠᠭᠤᠯᠭ᠎ᠠ︾ ᠶᠢᠨ ᠵᠠᠭᠪᠤᠷ ᠢᠶᠠᠷ ᠠᠬᠢᠭᠤᠯᠬᠤ ᠪᠠᠷ ᠳᠠᠮᠵᠢᠭᠤᠯᠤᠨ᠂ ᠣᠯᠠᠨ ᠵᠣᠶᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠣᠰᠬᠤᠨ ᠤ ᠠᠷᠠᠳ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠲᠣᠭᠲᠠᠭᠰᠠᠨ ᠴᠠᠭ ᠲᠤ ᠴᠡᠭ ᠲᠣᠭᠲᠠᠭᠠᠨ ᠬᠤᠭ ᠨᠣᠪᠰᠢ ᠶᠢ | ᠬᠠᠶᠠᠬᠤ ᠳᠠᠳᠬᠠᠯ ᠢ ᠪᠣᠶ ᠪᠣᠯᠭᠠᠵᠤ᠂ ᠬᠤᠭ ᠨᠣᠪᠰᠢ ᠶᠢ ᠴᠡᠪᠡᠷᠯᠡᠨ ᠠᠷᠢᠯᠭᠠᠭᠰᠠᠨ ᠦᠷ᠎ᠡ ᠪᠦᠲᠦᠮᠵᠢ ᠶᠢ ᠦᠨᠡᠨᠬᠦ ᠪᠠᠲᠤᠯᠠᠪᠠ ᠃ ᠳᠠᠷᠠᠭᠠᠴᠢ ᠶᠢᠨ ᠠᠯᠬᠤᠮ ᠳᠤ᠂ | ᠳᠡᠯ ᠠᠭᠤᠯᠨ ᠪᠠᠯᠭᠠᠰᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠪᠠᠶᠢᠬᠤ ᠶᠢ ᠪᠠᠲᠤᠯᠠᠵᠣ ᠂ ᠦᠷ᠎ᠡ ᠪᠦᠲᠦᠭᠡᠯ ᠢ ᠤᠷᠳᠤ | ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠪᠠᠷ ᠪᠣᠢ ᠃ | |