3 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠵᠢᠩ ᠰᠢᠶᠠᠩ ᠮᠦᠶᠠᠩᠬᠠᠢ ᠳᠤ ᠬᠦᠨᠵᠡᠬᠡᠶᠢᠷᠡᠨ ︽ᠨᠢᠭᠡ ᠪᠠᠯᠭᠠᠰᠤ | ᠨᠢᠭᠡ ᠨᠡᠷᠡᠳᠦ ᠲᠦᠷᠦᠯ ᠲᠡᠮᠳᠡᠭᠳᠦ᠂ ᠨᠢᠭᠡ ᠲᠣᠰᠬᠤᠨ ᠨᠢᠭᠡ ᠨᠡᠷᠡᠳᠦ ᠲᠦᠷᠦᠯ ᠲᠡᠮᠳᠡᠭᠳᠦ᠂ ᠬᠦᠷᠢᠶ᠎ᠡ ᠬᠠᠰᠢᠶᠠᠨ ᠤ ᠠᠵᠤ ᠠᠬᠤᠢ︾ ᠪᠣᠯᠤᠨ ᠴᠢᠬᠤᠯᠠ ᠶᠡᠭᠡ ᠲᠦᠷᠦᠯ | ᠵᠦᠢᠯ ᠤᠨ ᠬᠠᠪᠤᠷ ᠡᠬᠢᠯᠡᠮᠡᠭᠴᠡ ᠠᠵᠢᠯ ᠢᠶᠠᠨ ᠡᠬᠢᠯᠡᠬᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ | | | | | | ᠼᠦᠢ ᠵᠢᠩ ᠰᠢᠶᠠᠩ ᠮᠦᠶᠠᠩᠬᠠᠢ ᠶᠢᠨ ᠠᠮᠢ ᠠᠬᠤᠶ ᠶᠢᠨ ᠴᠡᠴᠡᠷᠯᠢᠭ ᠤᠨ ᠵᠢᠭᠤᠯᠴᠢᠯᠠᠭᠰᠠᠤᠨ ᠤᠨ ᠦᠶᠯᠡᠴᠢᠯᠡᠭᠡᠨ ᠤ ᠲᠥᠪ᠂ ᠮᠣᠳᠣᠨ ᠬᠡᠷ ᠤᠨ ᠰᠡᠯᠡᠭᠦᠴᠡᠯ | ᠤᠨ ᠲᠣᠭᠤᠷᠢᠭ᠂ ᠥᠪᠡᠰᠦᠪᠡᠨ ᠲᠡᠷᠭᠡ ᠵᠢᠯᠣᠭᠤᠳᠴᠤ ᠪᠠᠭᠤᠳᠠᠯᠯᠠᠬᠤ ᠭᠠᠵᠠᠷ᠂ ᠬᠡᠭᠡᠷ᠎ᠡ ᠪᠠᠭᠤᠳᠠᠯᠯᠠᠬᠤ ᠭᠠᠵᠠᠷ᠂ ᠮᠦᠶᠠᠩᠬᠠᠢ ᠶᠢᠨ ᠴᠠᠭᠠᠨ ᠢᠳᠡᠭᠡᠨ ᠪᠤᠯᠪᠠᠰᠤᠷᠠᠭᠤᠯᠬᠤ | ᠲᠥᠷᠥᠯ ᠵᠦᠶᠯ᠂ ᠤᠷᠠᠳ ᠤᠨ ᠳᠤᠮᠳᠠᠳᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠦᠶᠲᠡᠨ ᠬᠡᠯᠬᠢᠶᠡᠲᠦ ᠬᠥᠮᠥᠷᠭᠡᠯᠡᠨ | ᠬᠠᠳᠠᠭᠠᠯᠠᠵᠤ ᠲᠥᠪᠯᠡᠷᠡᠭᠦᠯᠦᠨ ᠲᠣᠬᠢᠷᠠᠭᠤᠯᠬᠤ ᠲᠥᠪ ᠵᠡᠷᠭᠡ ᠲᠥᠷᠥᠯ ᠵᠦᠶᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯ᠎ᠡ ᠲᠥᠷᠥᠯ ᠵᠦᠶᠯ ᠤᠨ | ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠭᠦᠨᠵᠡᠭᠡᠶ ᠣᠶᠢᠯᠠᠭᠠᠪᠠ᠃ | ᠼᠦᠢ ᠵᠢᠩ ᠰᠢᠶᠠᠩ ᠠᠴᠠ᠂ ᠪᠦᠬᠦ ᠲᠠᠯ᠎ᠠ ᠳᠤ ᠰᠠᠭᠤᠷᠢᠯᠠᠨ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠰᠠᠶᠢᠲᠤᠷ ᠬᠢᠬᠦ ᠬᠡᠷᠡᠭᠲᠡᠢ᠃ ᠮᠦᠶᠠᠩᠬᠠᠢ ᠶᠢᠨ | ᠥᠪᠡᠷᠮᠢᠴᠡ ᠳᠠᠪᠠᠭᠤᠯᠢᠭ ᠲᠠᠢ ᠪᠠᠶᠢᠭᠠᠯᠢ ᠶᠢᠨ ᠡᠬᠢ ᠪᠠᠶᠠᠯᠢᠭ ᠤᠨ ᠨᠥᠬᠦᠴᠡᠯ᠂ ᠡᠯᠪᠡᠭ ᠪᠠᠶᠠᠯᠢᠭ ᠰᠣᠶᠣᠯ ᠤᠨ ᠥᠪ ᠪᠣᠯᠤᠨ ᠤᠨᠴᠠᠯᠢᠬᠳᠤ ᠠᠵᠤ ᠦᠶᠯᠡᠰ ᠤᠨ | ᠳᠠᠪᠠᠭᠤᠯᠢᠭ ᠲᠤ ᠲᠦᠰᠢᠭᠯᠡᠨ᠂ ᠠᠵᠤ ᠦᠶᠯᠡᠰ ᠪᠠ ᠪᠠᠶᠢᠷᠢᠯᠠᠭᠤᠯᠤᠯᠳᠠ ᠶᠢᠨ ᠲᠥᠷᠥᠯ ᠵᠦᠶᠯ ᠢ ᠪᠥᠬᠦ ᠣᠷᠣᠨ ᠪᠦᠰᠡ ᠪᠠᠷ ᠲᠥᠯᠥᠪᠯᠡᠵᠦ᠂ ︽ᠲᠠᠷᠢᠶᠠᠯᠠᠩ ᠤᠨ | ᠰᠣᠶᠣᠯ ᠵᠢᠭᠤᠯᠴᠢᠯᠠᠯ ᠤᠨ ᠵᠢᠵᠢᠭ ᠪᠠᠯᠭᠠᠰᠤ︾ ᠶᠢᠨ ᠪᠦᠬᠦᠯᠢ ᠴᠣᠭᠴᠠ ᠶᠢᠨ ᠲᠥᠯᠥᠪᠵᠢᠭᠦᠯᠭᠡ ᠲᠥᠯᠥᠪᠯᠡᠭᠡ ᠶᠢ ᠰᠠᠶᠢᠲᠤᠷ ᠬᠢᠬᠦ ᠬᠡᠷᠡᠭᠳᠡᠢ᠃ | ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠢᠵᠢ ᠪᠦᠷᠢᠳᠦᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠳᠡᠢ᠃ ᠵᠠᠮ | ᠱᠤᠭᠤᠮ ᠬᠤᠭᠤᠯᠠᠶ ᠲᠣᠣᠷ᠂ ᠤᠰᠤ ᠬᠠᠩᠭᠠᠬᠤ ᠰᠢᠰᠲ᠋ᠧᠮ ᠵᠡᠷᠭᠡ ᠰᠠᠭᠤᠷᠢ ᠲᠦᠬᠦᠬᠡᠷᠤᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ | ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠣᠷᠣᠵᠤ ᠢᠷᠡᠬᠦ ᠪᠠ ᠬᠥᠭᠵᠢᠬᠦ ᠳᠤ ᠪᠠᠲᠤ ᠪᠠᠬᠢ | ᠪᠠᠲᠤᠯᠠᠭ᠎ᠠ ᠬᠠᠩᠭᠠᠬᠤ ᠬᠡᠷᠡᠭᠲᠡᠶ᠃ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠣᠨᠣᠪᠴᠢᠲᠠᠶ ᠥᠷᠨᠢᠭᠦᠯᠬᠦ ᠬᠡᠷᠡᠭᠳᠡᠢ᠃ ᠣᠨᠣᠪᠴᠢᠲᠠᠶ ᠪᠠᠷ ᠪᠠᠶᠢᠷᠢ ᠲᠣᠭᠲᠠᠭᠠᠯᠲᠠ ᠬᠢᠵᠦ᠂ ᠬᠠᠷᠠᠯᠲᠠ ᠲᠠᠢ ᠪᠠᠷ | ᠬᠦᠴᠦᠯᠡᠨ᠂ ᠠᠷᠠᠯᠵᠢᠶᠠᠴᠢᠨ ᠤᠷᠢᠬᠤ ᠨᠠᠷᠢᠨ ᠨᠢᠭᠲᠠ ᠲᠥᠯᠥᠪᠯᠡᠭᠡ ᠲᠣᠭᠲᠠᠭᠠᠵᠤ᠂ ᠳᠠᠭᠠᠭᠤᠯᠤᠭᠴᠢ ᠠᠵᠤ ᠠᠬᠤᠶᠢᠯᠠᠯ ᠢ ᠦᠷᠭᠦᠯᠵᠢᠯᠡᠨ ᠤᠷᠢᠵᠤ᠂ ᠠᠵᠤ ᠦᠶᠯᠡᠰ | ᠤᠨ ᠬᠡᠯᠬᠢᠶᠡᠵᠢᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠶ᠃ | ︽ᠨᠢᠭᠡ ᠲᠣᠰᠬᠤᠨ ᠨᠢᠭᠡ ᠨᠡᠷᠡᠳᠦ ᠲᠦᠷᠦᠯ ᠲᠡᠮᠳᠡᠭᠳᠦ᠂ ᠬᠦᠷᠢᠶ᠎ᠡ ᠬᠠᠰᠢᠶᠠᠨ ᠤ ᠠᠵᠤ ᠠᠬᠤᠢ︾ ᠶᠢ ᠲᠦᠷᠭᠡᠳᠬᠡᠨ ᠬᠥᠭᠵᠢᠭᠦᠯᠬᠦ ᠬᠡᠷᠡᠭᠳᠡᠢ᠃ ︽ᠲᠠᠷᠢᠬᠤ | ᠳᠤ ᠲᠣᠬᠢᠷᠠᠮᠵᠢᠲᠠᠶ ᠶᠢ ᠨᠢ ᠳᠠᠷᠢᠵᠤ᠂ ᠲᠡᠵᠢᠭᠡᠬᠦ ᠳᠤ ᠲᠣᠬᠢᠷᠠᠮᠵᠢᠲᠠᠶ ᠶᠢ ᠨᠢ ᠲᠡᠵᠢᠭᠡᠬᠦ︾ ᠵᠠᠷᠴᠢᠮ ᠶᠣᠰᠣᠭᠠᠷ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ | ᠡᠷᠦᠬᠡ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠯᠠᠨ ᠲᠦᠮᠡᠨ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠴᠠᠭᠠᠨ ᠢᠳᠡᠭᠡᠨ᠂ ᠮᠢᠬᠠᠨ | ᠭᠠᠯᠠᠭᠤ᠂ ᠰᠢᠨ᠎ᠡ ᠰᠣᠷᠭᠤᠭ ᠡᠷᠳᠡᠨᠢ ᠰᠢᠰᠢ ᠵᠡᠷᠭᠡ ᠠᠵᠤ ᠦᠶᠯᠡᠰ ᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ | ᠠᠬᠢᠭᠤᠯᠬᠤ ᠳᠤ ᠬᠦᠴᠦᠨ ᠴᠢᠳᠠᠯ ᠨᠡᠮᠡᠷᠢᠯᠡᠬᠤ ᠬᠡᠷᠡᠭᠳᠡᠢ ᠬᠡᠵᠦ ᠵᠢᠭᠠᠵᠦ ᠭᠠᠷᠭᠠᠪᠠ᠃ | ᠬᠤᠰᠢᠭᠤᠨ ᠤ ᠤᠳᠤᠷᠢᠳᠤᠯᠭ᠎ᠠ ᠯᠢᠦ ᠶᠢᠨ᠂ ᠸᠠᠩ ᠶᠦᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | |