3 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ︽ᠶᠡᠭᠡ ᠰᠤᠷᠤᠯᠴᠠᠯᠭ᠎ᠠ᠂ ᠶᠡᠭᠡ ᠪᠣᠯᠪᠠᠰᠤᠷᠠᠯ᠂ ᠶᠡᠭᠡ ᠪᠠᠶᠢᠴᠠᠭᠠᠨ ᠰᠤᠳᠤᠯᠤᠯᠲᠠ᠂ ᠶᠡᠭᠡ | ᠳᠡᠭᠡᠭᠰᠢᠯᠡᠯᠲᠡ︾ ᠶᠢᠨ ᠪᠥᠬᠦ ᠬᠤᠰᠢᠭᠤᠨ ᠤ ᠠᠯᠪᠠᠨ ᠭᠡᠷ ᠤᠨ ᠰᠢᠰᠲ᠋ᠧᠮ ᠤᠨ ᠺᠠᠳ᠋ᠷᠴᠣᠳ ᠤᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ | ᠪᠣᠯᠪᠠᠰᠤᠷᠠᠯ ᠤᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ | ᠬᠡᠷ ᠤᠨ ᠡᠷᠬᠢᠯᠡᠭᠴᠢ ᠯᠢᠦ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | | ᠬᠤᠷᠠᠯ ᠠᠴᠠ᠂ ᠪᠥᠬᠦ ᠬᠤᠰᠢᠭᠤᠨ ᠤ ᠠᠯᠪᠠᠨ ᠭᠡᠷ ᠤᠨ ᠰᠢᠰᠲ᠋ᠧᠮ ᠤᠨ ᠺᠠᠳ᠋ᠷᠴᠤᠳ ᠬᠤᠰᠢᠭᠤᠨ ᠤ ᠠᠵᠤ ᠠᠬᠤᠶ ᠶᠢᠨ ︽13335︾ ᠶᠡᠷᠦᠩᠬᠡᠶ | ᠪᠠᠶᠢᠷᠢᠰᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰ ᠤᠳᠠᠭᠠᠨ ᠤ ᠪᠣᠯᠪᠠᠰᠤᠷᠠᠯ ᠳᠤ ᠰᠣᠷᠣᠭᠰᠠᠨ ᠰᠢᠨ᠎ᠡ ᠣᠶᠢᠯᠠᠭᠠᠭᠳᠠᠬᠤᠨ᠂ ᠰᠢᠨ᠎ᠡ ᠮᠡᠳᠡᠯᠭᠡ᠂ | ᠰᠢᠨ᠎ᠡ ᠠᠷᠭ᠎ᠠ ᠶᠢ ᠭᠦᠢᠴᠡᠳ ᠬᠡᠷᠡᠭᠯᠡᠵᠦ᠂ ᠠᠵᠢᠯ ᠤᠨ ᠪᠣᠳᠠᠲᠠᠶ ᠲᠠᠢ ᠪᠠᠨ ᠨᠢᠭᠲᠠ ᠤᠶᠠᠯᠳᠤᠭᠤᠯᠤᠨ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠠᠵᠢᠯ ᠤᠨ | ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠶ᠃ ᠨᠠᠰᠤᠨ ᠲᠤᠷᠰᠢᠳᠠ ᠰᠤᠷᠤᠯᠴᠠᠬᠤ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠰᠠᠨᠠᠭᠠᠴᠢᠯᠠᠭ᠎ᠠ ᠠᠴᠠ ᠪᠠᠨ | ᠰᠤᠷᠤᠯᠴᠠᠵᠤ᠂ ᠦᠷᠭᠦᠯᠵᠢᠯᠡᠨ ᠰᠤᠷᠤᠯᠴᠠᠵᠤ᠂ ᠰᠤᠷᠤᠯᠴᠠᠬᠤ ᠬᠡᠯᠪᠡᠷᠢ᠂ ᠮᠡᠳᠡᠯᠭᠡ ᠶᠢᠨ ᠬᠡᠯᠪᠡᠷᠢ ᠶᠢᠨ ᠴᠢᠳᠠᠪᠤᠷᠢᠲᠠᠨ ᠪᠣᠯᠬᠤ ᠪᠠᠷ ᠴᠢᠷᠮᠠᠶᠢᠵᠤ᠂ ᠭᠦᠨᠵᠡᠭᠡᠶ | ᠪᠣᠳᠣᠯᠬᠢᠯᠠᠬᠤ ᠪᠠᠷ ᠳᠠᠮᠵᠢᠭᠤᠯᠤᠨ ᠰᠣᠷᠣᠭᠰᠠᠨ ᠮᠡᠳᠡᠯᠭᠡ ᠪᠠᠨ ᠲᠣᠰ ᠪᠡᠶ᠎ᠡ ᠶᠢᠨ ᠬᠡᠪ ᠴᠢᠨᠠᠷ ᠪᠠ ᠴᠢᠳᠠᠪᠤᠷᠢ ᠪᠠᠨ ᠪᠣᠯᠭᠠᠵᠤ᠂ ᠡᠯ᠎ᠡ ᠵᠦᠢᠯ ᠤᠨ ᠡᠳᠦᠷ ᠲᠤᠲᠤᠮ ᠤᠨ | ᠠᠵᠢᠯ ᠢ ᠰᠢᠢᠳᠪᠦᠷᠢᠯᠡᠬᠦ ᠳᠤᠮᠳᠠ ᠴᠠᠭ ᠲᠤᠬᠠᠶ ᠳᠤᠨᠢ ᠦᠢᠯᠡᠳᠦᠯᠭᠡᠵᠢᠭᠦᠯᠵᠣ ᠰᠣᠯᠢᠯᠴᠠᠨ ᠶᠠᠷᠢᠯᠴᠠᠵᠤ᠂ ᠠᠯᠪᠠᠯᠠᠬᠤ ᠠᠵᠢᠯ ᠤᠨ ᠶᠡᠷᠦᠩᠬᠡᠶᠢᠯᠡᠭᠰᠡᠨ ᠠᠵᠢᠯ ᠤᠨ | ᠴᠢᠳᠠᠪᠤᠷᠢ ᠶᠢᠨ ᠬᠢᠷᠢ ᠲᠦᠪᠰᠢᠨ ᠢᠶᠠᠨ ᠬᠠᠮᠲᠤ ᠪᠠᠷ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠠᠯᠪᠠᠨ ᠬᠡᠷ ᠤᠨ ᠠᠵᠢᠯᠲᠠᠨ ᠤ | ᠬᠠᠷᠢᠭᠤᠴᠠᠯᠭ᠎ᠠ ᠡᠭᠦᠷᠭᠡᠯᠡᠯ ᠢ ᠲᠠᠶᠢᠯᠪᠤᠷᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠠᠳ ᠤᠨ ᠳᠤᠮᠳᠠᠳᠤ ᠬᠤᠰᠢᠭᠤ ᠶᠢ ᠪᠥᠲᠥᠭᠡᠨ | ᠪᠠᠶᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠬᠡᠵᠣ ᠴᠢᠬᠤᠯᠠᠴᠢᠯᠠᠪᠠ᠃ | ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ | ᠲᠠᠰ ᠤᠨ ᠬᠠᠮᠢᠶ᠎ᠠ ᠪᠥᠬᠦᠶ ᠯᠧᠺᠲ᠋ᠣᠷ ᠢ ᠤᠷᠢᠵᠤ᠂ ᠦᠢᠯᠡᠳᠪᠦᠷᠢ ᠨᠠᠶᠢᠷᠠᠭᠤᠯᠬᠤ᠂ ᠮᠡᠳᠡᠭᠡ ᠵᠠᠩᠭᠢ ᠴᠤᠭᠯᠠᠭᠤᠯᠬᠤ ᠪᠠ ᠵᠠᠳᠠᠯᠬᠤ᠂ ᠠᠯᠪᠠᠨ ᠪᠢᠴᠢᠭ ᠰᠢᠢᠳᠪᠦᠷᠢᠯᠡᠬᠦ᠂ | ᠨᠠᠮ ᠤᠨ ᠶᠠᠪᠤᠳᠠᠯ ᠢ ᠢᠯᠡ ᠪᠣᠯᠭᠠᠬᠤ᠂ ᠣᠶᠤᠨᠴᠢ ᠲᠠᠪᠴᠠᠩ ᠤᠨ ᠠᠵᠢᠯᠯᠠᠭᠠᠨ᠂ ᠲᠠᠩᠰᠠ ᠡᠪᠬᠡᠮᠡᠯ ᠤᠨ ᠠᠵᠢᠯ ᠵᠡᠷᠭᠡ ᠣᠯᠠᠨ ᠠᠯᠪᠠᠨ ᠭᠡᠷ ᠤᠨ ᠰᠢᠰᠲ᠋ᠧᠮ ᠤᠨ | ᠵᠠᠩᠭᠢᠯᠠᠭ᠎ᠠ ᠶᠢᠨ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠪᠥᠬᠦ ᠲᠠᠯ᠎ᠠ ᠶᠢᠨ ᠪᠣᠯᠪᠠᠰᠤᠷᠠᠯ ᠬᠢᠪᠠ᠃ ᠬᠤᠷᠠᠯ ᠠᠴᠠ ᠪᠠᠰᠠ ᠪᠥᠬᠦ | ᠬᠤᠰᠢᠭᠤᠨ ᠤ ᠴᠢᠬᠤᠯᠠ ᠶᠡᠭᠡ ᠮᠡᠳᠡᠭᠡ ᠵᠠᠩᠭᠢ ᠶᠢ ᠪᠠᠴᠢᠮ ᠮᠡᠳᠡᠭᠦᠯᠦᠨ ᠬᠦᠷᠭᠡᠬᠦ᠂ ᠺᠠᠳ᠋ᠷ ᠢ ᠰᠣᠩᠭᠤᠨ ᠪᠣᠯᠪᠠᠰᠤᠷᠠᠯ ᠬᠢᠬᠦ ᠂ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ ᠪᠠ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ᠂ ᠨᠢᠭᠤᠴᠠ ᠶᠢ ᠬᠠᠮᠠᠭᠠᠯᠠᠬᠤ ᠠᠵᠢᠯ ᠵᠢᠴᠢ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠤᠯᠪᠣᠭᠳᠠᠯ ᠪᠥᠬᠦᠶ ᠠᠵᠢᠯ ᠤᠨ ᠲᠣᠭᠤᠷᠢᠨ ᠳᠤ ᠨᠠᠷᠢᠨ ᠲᠠᠶᠢᠯᠤᠮᠵᠢ ᠬᠢᠬᠦ ᠶᠢᠨ ᠬᠠᠮᠲᠤ ᠪᠥᠬᠦ ᠬᠤᠰᠢᠭᠤᠨ ᠤ ᠮᠡᠳᠡᠭᠡ | ᠵᠠᠩᠭᠢ ᠶᠢᠨ ᠪᠠᠶᠢᠴᠠᠭᠠᠨ ᠰᠤᠳᠤᠯᠬᠤ ᠠᠵᠢᠯ ᠤᠨ ᠲᠡᠷᠢᠭᠦᠨ ᠤ ᠨᠢᠭᠡᠴᠢ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ | |