3 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠵᠢᠩ ᠰᠢᠶᠠᠩ ᠬᠠᠯᠢᠭᠤᠲᠤ ᠪᠠᠯᠭᠠᠰᠤᠨ ᠳᠤ ᠬᠦᠨᠵᠡᠬᠡᠶᠢᠷᠡᠨ ︽ᠨᠢᠭᠡ | ᠪᠠᠯᠭᠠᠰᠤ ᠨᠢᠭᠡ ᠨᠡᠷᠡᠳᠦ ᠲᠦᠷᠦᠯ ᠲᠡᠮᠳᠡᠭᠳᠦ᠂ ᠨᠢᠭᠡ ᠲᠣᠰᠬᠤᠨ ᠨᠢᠭᠡ ᠨᠡᠷᠡᠳᠦ ᠲᠦᠷᠦᠯ ᠲᠡᠮᠳᠡᠭᠳᠦ᠂ ᠬᠦᠷᠢᠶ᠎ᠡ ᠬᠠᠰᠢᠶᠠᠨ ᠤ ᠠᠵᠤ ᠠᠬᠤᠢ︾ ᠪᠣᠯᠤᠨ ᠴᠢᠬᠤᠯᠠ ᠶᠡᠭᠡ | ᠲᠦᠷᠦᠯ ᠵᠦᠢᠯ ᠤᠨ ᠬᠠᠪᠤᠷ ᠡᠬᠢᠯᠡᠮᠡᠭᠴᠡ ᠠᠵᠢᠯ ᠢᠶᠠᠨ ᠡᠬᠢᠯᠡᠬᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ | | | | | | ᠼᠦᠢ ᠵᠢᠩ ᠰᠢᠶᠠᠩ ᠤᠷᠢᠳ ᠬᠤᠵᠢᠳ ᠬᠠᠯᠢᠭᠤᠲᠤ ᠪᠠᠯᠭᠠᠰᠤᠨ ᠤ ᠠᠮᠢ ᠠᠬᠤᠶ ᠶᠢᠨ ᠬᠦᠷᠢᠶᠡᠯᠡᠩ ᠤᠨ ᠥᠨᠳᠥᠷ ᠪᠠᠷᠢᠮᠵᠢᠶᠠᠲᠤ ᠣᠶᠤᠨᠴᠢ ᠲᠦᠬᠦᠭᠡᠷᠤᠮᠵᠢᠳᠤ | ᠲᠠᠷᠢᠶᠠᠯᠠᠩ ᠤᠨ ᠠᠵᠤ ᠦᠶᠯᠡᠰ ᠤᠨ ᠬᠦᠷᠢᠶᠡᠯᠡᠩ᠂ ︽ᠨᠢᠭᠡ ᠲᠣᠰᠬᠤᠨ ᠨᠢᠭᠡ ᠨᠡᠷᠡᠳᠦ ᠲᠦᠷᠦᠯ ᠲᠡᠮᠳᠡᠭᠳᠦ᠂ ᠬᠦᠷᠢᠶ᠎ᠡ ᠬᠠᠰᠢᠶᠠᠨ ᠤ ᠠᠵᠤ ᠠᠬᠤᠶ︾ ᠴᠠᠭᠠᠨ | ᠢᠳᠡᠭᠡᠨ ᠪᠣᠷᠣᠯᠠᠭᠤᠯᠬᠤ ᠲᠥᠷᠥᠯ ᠵᠦᠶᠯ ᠤᠨ ᠲᠣᠭᠤᠷᠢᠭ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠴᠡᠷᠢᠭ ᠤᠨ ᠶᠠᠪᠤᠳᠠᠯ ᠤᠨ | ᠰᠢᠨᠵᠢᠯᠡᠭᠡ ᠮᠡᠷᠭᠡᠵᠢᠯ ᠤᠨ ᠪᠡᠶᠡᠴᠢᠯᠡᠨ ᠣᠶᠢᠯᠠᠭᠠᠬᠤ ᠬᠦᠷᠢᠶᠡᠯᠡᠩ᠂ ︽ᠤᠷᠠᠳ ᠨᠤᠳᠤᠭ ᠤᠨ ᠠᠮᠳᠠᠳᠦ ᠢᠳᠡᠭᠡᠨ︾ ᠣᠯᠠᠨ ᠤᠯᠤᠰ ᠤᠨ ᠢᠳᠡᠭᠡᠨ ᠤ ᠠᠵᠤ ᠦᠶᠯᠡᠰ | ᠤᠨ ᠬᠦᠷᠢᠶᠡᠯᠡᠩ ᠳᠤ ᠭᠦᠨᠵᠡᠭᠡᠶᠢᠷᠡᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠡᠵᠡᠩᠨᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ | ᠦᠵᠡᠪᠡ᠃ | ᠼᠦᠢ ᠵᠢᠩ ᠰᠢᠶᠠᠩ ᠠᠴᠠ᠂ ︽ᠨᠢᠭᠡ ᠬᠥᠯᠭᠡ ᠰᠢᠳᠠᠷ᠎ᠠ︾ ᠪᠠᠷ ᠨᠢᠭᠡᠳᠦᠯᠲᠡᠢ ᠲᠥᠯᠥᠪᠵᠢᠭᠦᠯᠵᠦ᠂ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ᠃ | ᠬᠠᠯᠢᠭᠤᠲᠤ ᠪᠠᠯᠭᠠᠰᠤ ᠨᠢ ᠰᠠᠭᠤᠷᠢᠨ ᠭᠠᠵᠠᠷ ᠪᠠ ᠬᠦᠷᠢᠶᠡᠯᠡᠩ ᠲᠣᠭᠤᠷᠢᠭ ᠢ ᠪᠠᠶᠢᠭᠤᠯᠬᠤ ᠪᠠᠷ ᠭᠤᠤᠯ ᠪᠣᠯᠭᠠᠵᠤ᠂ ᠡᠬᠢ ᠪᠠᠶᠠᠯᠢᠭ ᠤᠨ ᠳᠠᠪᠠᠭᠤᠯᠢᠭ ᠲᠠᠭᠠᠨ | ᠰᠠᠭᠤᠷᠢᠯᠠᠨ᠂ ᠠᠵᠤ ᠦᠶᠯᠡᠰ ᠤᠨ ᠪᠦᠲᠦᠴᠡ ᠪᠠᠨ ᠲᠠᠰᠤᠷᠠᠯᠲᠠ ᠥᠬᠡᠶ ᠲᠣᠬᠢᠷᠠᠭᠤᠯᠵᠤ᠂ ᠠᠵᠤ ᠦᠶᠯᠡᠰ ᠤᠨ ᠰᠠᠭᠤᠷᠢ ᠪᠠᠨ ᠦᠷᠭᠦᠯᠵᠢᠯᠡᠨ ᠲᠡᠭᠦᠯᠳᠡᠷᠵᠢᠭᠦᠯᠵᠦ᠂ | ᠬᠥᠭᠵᠢᠯᠲᠡ ᠶᠢᠨ ᠣᠷᠣᠨ ᠵᠠᠶ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠠᠵᠤ ᠦᠶᠯᠡᠰ ᠤᠨ ᠳᠠᠭᠠᠭᠠᠴᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ | ᠮᠡᠷᠭᠡᠵᠢᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠲᠦᠬᠦᠭᠡᠷᠤᠮᠵᠢᠳᠤ ᠲᠠᠷᠢᠶᠠᠯᠠᠩ᠂ ᠰᠣᠶᠣᠯ ᠤᠨ ᠣᠶᠢᠯᠠᠭᠠᠯᠲᠠ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠮᠢᠳᠤᠯᠢᠭᠵᠢᠭᠤᠯᠤᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ | ᠬᠥᠳᠡᠯᠭᠡᠬᠦ ᠡᠨᠧᠷᠭᠢ ᠨᠡᠮᠡᠷᠢᠯᠡᠬᠦ ᠬᠡᠷᠡᠭᠲᠡᠶ᠃ | ᠣᠷᠣᠨ ᠨᠤᠲᠤᠭ ᠤᠨ ᠣᠨᠴᠠᠯᠢᠭᠲᠤ ᠠᠵᠤ ᠦᠢᠯᠡᠰ ᠤᠨ ᠨᠡᠷᠡᠲᠦ ᠲᠥᠷᠥᠯ ᠲᠡᠮᠳᠡᠭᠲᠦ ᠶᠢ ᠪᠣᠶᠢᠵᠢᠭᠤᠯᠬᠤ ᠬᠡᠷᠡᠭᠲᠡᠶ᠃ ᠵᠠᠬ᠎ᠠ ᠳᠡᠯᠭᠡᠭᠦᠷ ᠤᠨ ᠡᠵᠡᠩᠨᠡᠯᠲᠡ ᠶᠢᠨ | ᠭᠤᠤᠯ ᠴᠣᠭᠴᠠ ᠶᠢ ᠴᠢᠩᠭᠠᠷᠠᠭᠤᠯᠵᠤ᠂ ᠣᠳᠣ ᠶᠢᠨ ᠪᠠᠶᠢᠭ᠎ᠠ ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠣᠨᠴᠠᠯᠢᠭᠲᠤ ᠠᠵᠤ | ᠦᠢᠯᠡᠰ ᠤᠨ ᠬᠡᠪᠴᠢᠶᠡᠵᠢᠬᠦ᠂ ᠪᠠᠷᠢᠮᠵᠢᠶᠠᠵᠢᠬᠤ᠂ ᠵᠢᠱᠢᠶ᠎ᠡ ᠦᠵᠡᠭᠦᠯᠬᠦ ᠬᠥᠭᠵᠢᠯᠲᠡ ᠶᠢ ᠠᠬᠢᠭᠤᠯᠤᠨ᠂ ᠠᠵᠤ ᠦᠢᠯᠡᠰ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ | ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠳᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠶᠯᠡᠴᠢᠯᠡᠭᠡ ᠪᠠᠨ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢ | ᠲᠥᠬᠦᠷᠵᠢᠭᠦᠯᠬᠦ᠂ ᠮᠡᠷᠭᠡᠵᠢᠯ ᠤᠨ ᠵᠢᠯᠣᠭᠤᠳᠣᠯᠭ᠎ᠠ ᠬᠢᠬᠦ᠂ ᠭᠠᠷᠳᠠᠮ ᠭᠦᠶᠴᠡᠳᠬᠡᠬᠦ ᠵᠡᠷᠭᠡ ᠲᠠᠯ᠎ᠠ ᠪᠠᠷ ᠠᠵᠤ ᠦᠶᠯᠡᠰ ᠤᠨ ᠬᠥᠭᠵᠢᠯᠲᠡ ᠳᠤ ᠪᠠᠲᠤ ᠴᠢᠩᠭ᠎ᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ | ᠬᠤᠭᠤᠴᠠᠭ᠎ᠠ ᠶᠢ ᠨᠠᠷᠢᠨ ᠨᠢᠮᠪᠠᠢ ᠲᠤᠬᠢᠷᠠᠭᠤᠯᠵᠦ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ︽ᠰᠢᠢᠤᠨᠪᠦᠷᠢᠯᠡᠵᠦ ᠲᠠᠶᠢᠯᠬᠦ | ᠰᠡᠤᠨᠬᠢᠬᠦᠢ︾᠂ ︽ᠰᠠᠶᠢᠳᠤᠷ ᠰᠢᠢᠤᠨᠪᠦᠷᠢᠯᠡᠬᠦ ᠰᠡᠳᠬᠢᠬᠦᠶ︾ ᠪᠠᠷ ᠲᠥᠷᠥᠯ ᠵᠦᠶᠯ ᠢ ᠠᠬᠢᠭᠤᠯᠬᠤ ᠶᠠᠪᠤᠴᠠ ᠳᠠᠬᠢ ᠲᠦᠭᠵᠢᠷᠡᠯ᠂ ᠬᠦᠴᠢᠷᠳᠡᠯ ᠢ ᠰᠢᠶᠳᠪᠦᠷᠢᠯᠡᠨ᠂ | ᠲᠥᠷᠥᠯ ᠵᠦᠶᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠳᠡᠢ᠃ | ᠤᠬᠠᠭᠤᠯᠤᠨ ᠲᠠᠨᠢᠯᠴᠠᠭᠤᠯᠬᠤ ᠬᠦᠴᠦᠯᠡᠴᠡ ᠪᠠᠨ ᠴᠢᠩᠭᠠᠤᠨᠬᠠᠬᠤ ᠬᠡᠷᠡᠭᠲᠡᠶ᠃ ᠪᠦᠬᠦ ᠬᠤᠰᠢᠭᠤᠨ ᠤ ᠬᠠᠪᠤᠷ ᠡᠬᠢᠯᠡᠮᠡᠭᠴᠡ ᠭᠤᠣᠯᠳᠠᠯᠭ᠎ᠠ ᠲᠠᠢ ᠠᠵᠤ ᠦᠢᠯᠡᠰ ᠢ | ᠡᠬᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠬᠠᠭᠤᠯᠤᠨ ᠲᠥᠰᠦᠪᠯᠡᠬᠦ ᠠᠵᠢᠯ ᠢ ᠨᠢᠮᠪᠠᠢ ᠬᠢᠵᠦ᠂ ᠪᠦᠬᠦ ᠬᠤᠰᠢᠭᠤᠨ ᠤ ᠬᠡᠪᠴᠢᠶᠡᠨ ᠳᠤ ᠠᠳᠠᠯᠢᠳᠬᠠᠨ | ᠰᠤᠷᠤᠯᠴᠠᠵᠦ ᠭᠦᠢᠴᠡᠨ ᠳᠠᠪᠠᠵᠦ ᠭᠠᠷᠬᠤ ᠪᠣᠳᠠᠲᠠᠢ ᠠᠵᠢᠯᠯᠠᠬᠤ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠤᠨ ᠤᠨ | ᠬᠥᠭᠵᠢᠯᠲᠡ ᠶᠢ ᠪᠣᠳᠣᠯᠬᠢᠯᠠᠬᠤ᠂ ᠬᠥᠭᠵᠢᠯᠲᠡ ᠶᠢ ᠰᠦᠪᠡᠭᠴᠢᠯᠡᠬᠦ᠂ ᠬᠥᠭᠵᠢᠯᠲᠡ ᠶᠢ ᠠᠳᠬᠤᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠳᠡᠢ ᠬᠡᠵᠦ | ᠴᠢᠬᠤᠯᠠᠴᠢᠯᠠᠪᠠ᠃ | ᠬᠤᠰᠢᠭᠤᠨ ᠤ ᠤᠳᠤᠷᠢᠳᠤᠯᠭ᠎ᠠ ᠸᠠᠩ ᠶᠦᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | |