ᠤᠷᠠᠳ ᠤᠨ ᠳᠤᠮᠳᠠᠳᠤ ᠬᠤᠰᠢᠭᠤᠨ ᠤ 12345 ᠬᠠᠯᠠᠮᠰᠢᠯ ᠤᠲᠠᠰᠤ ᠨᠢ ᠥᠨᠳᠥᠷ ᠪᠦᠲᠦᠮᠵᠢᠲᠡᠶ ᠪᠠᠷ ᠠᠵᠢᠯᠯᠠᠵᠣ᠂ ᠣᠷᠣᠨ ᠰᠠᠭᠤᠴᠠ ᠶᠢᠨ ᠬᠤᠷᠢᠶᠠᠯᠠᠯ ᠤᠨ ᠲᠦᠷᠭᠡᠨ ᠬᠦᠷᠭᠡᠯᠲᠡ ᠶᠢᠨ ᠠᠪᠳᠠᠷ᠎ᠠ ᠶᠢᠨ ᠬᠡᠷᠡᠭᠯᠡᠯᠲᠡ ᠶᠢᠨ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2025/3/31
    ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠼᠠᠢ ᠶᠤᠸᠠᠨ ᠵᠢᠵᠢᠭ ᠲᠣᠭᠤᠷᠢᠭ ᠤᠨ ᠰᠠᠭᠤᠭᠠᠯᠢ ᠠᠷᠠᠳ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤ ᠪᠠᠷ ᠳᠠᠮᠵᠢᠭᠤᠯᠤᠨ᠂  ᠬᠤᠷᠢᠶᠠᠯᠠᠯ ᠤᠨ ᠳᠣᠲᠣᠷ᠎ᠠ ᠲᠣᠬᠢᠷᠠᠭᠤᠯᠣᠨ ᠲᠦᠷᠭᠡᠨ ᠬᠦᠷᠭᠡᠯᠲᠡ ᠶᠢᠨ ᠠᠪᠳᠠᠷ᠎ᠠ ᠨᠢ ᠠᠳᠠᠯ ᠠᠬᠤᠶ ᠶᠢᠨ ᠴᠠᠬᠢᠯᠭᠠᠨ ᠤ ᠰᠦᠢᠳᠬᠡᠯ ᠲᠤᠰᠢᠶᠠᠭᠰᠠᠨ ᠥᠬᠡᠶ ᠠᠴᠠ ᠪᠣᠯᠵᠣ ᠬᠡᠷᠡᠭᠯᠡᠬᠦ ᠶᠢᠨ ᠠᠷᠭ᠎ᠠ ᠥᠬᠡᠶ ᠪᠠᠶᠢᠬᠤ ᠶᠢ ᠳᠣᠰᠬᠠᠵᠣ᠂ ᠰᠠᠭᠤᠭᠠᠯᠢ ᠠᠷᠠᠳ ᠲᠣᠰ ᠪᠠᠶᠢᠳᠠᠯ ᠢ ᠵᠦᠶ ᠵᠣᠬᠢᠰ ᠥᠬᠡᠶ ᠭᠡᠵᠦ ᠦᠵᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠴᠠᠬᠢᠯᠭᠠᠨ ᠤ ᠰᠦᠢᠳᠭᠡᠯ ᠢ ᠡᠭᠦᠷᠭᠡᠯᠡᠬᠦ ᠬᠠᠷᠢᠭᠤᠴᠠᠯᠭ᠎ᠠ ᠶᠢᠨ ᠲᠠᠯ᠎ᠠ ᠶᠢ ᠲᠣᠭᠲᠠᠭᠠᠬᠤ ᠶᠢᠨ ᠬᠠᠮᠲᠤ ᠡᠨᠡ ᠬᠦ ᠠᠰᠠᠭᠤᠳᠠᠯ ᠢ ᠰᠢᠢᠳᠪᠦᠷᠢᠯᠡᠬᠦ ᠶᠢ ᠬᠦᠰᠡᠪᠡ᠃    ᠤᠷᠠᠳ ᠤᠨ ᠳᠤᠮᠳᠠᠳᠤ ᠬᠤᠰᠢᠭᠤᠨ ᠤ ᠼᠠᠢ ᠶᠤᠸᠠᠨ ᠵᠢᠵᠢᠭ ᠲᠣᠭᠤᠷᠢᠭ ᠤᠨ ᠲᠦᠷᠭᠡᠨ ᠬᠦᠷᠭᠡᠯᠲᠡ ᠶᠢᠨ ᠠᠪᠳᠠᠷ᠎ᠠ ᠶᠢ ᠬᠡᠷᠡᠭᠯᠡᠬᠦ ᠠᠰᠠᠭᠤᠳᠠᠯ ᠤᠨ ᠲᠤᠬᠠᠶ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ  ᠬᠦᠯᠢᠶᠡᠨ ᠠᠪᠣᠭᠰᠠᠨ ᠤ ᠳᠠᠷᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠳᠠ ᠶᠢᠨ ᠲᠤᠪᠴᠢᠶ᠎ᠠ  ᠨᠢ ᠦᠳᠲᠡᠷ ᠲᠦᠷᠭᠡᠨ ᠬᠦᠳᠡᠯᠦᠯᠴᠡᠵᠣ ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠧ ᠮᠤᠤ ᠲᠢᠩ᠂ ᠳᠡᠳ᠋ ᠲᠣᠪᠴᠢᠶᠠᠨ ᠳᠠᠷᠤᠭ᠎ᠠ ᠾᠧ ᠵᠢᠶᠧ ᠮᠢᠩ ᠲᠡᠷᠡ ᠳᠠᠷᠤᠶ ᠳᠤᠨᠢ ᠵᠢᠵᠢᠭ ᠲᠣᠭᠤᠷᠢᠭ ᠤᠨ ᠠᠳᠠᠯ ᠠᠬᠤᠶ ᠲᠠᠢ ᠬᠠᠷᠢᠯᠴᠠᠬᠤ ᠶᠢᠨ ᠬᠠᠮᠲᠤ ᠲᠤᠬᠠᠶ ᠶᠢᠨ ᠭᠠᠵᠠᠷ ᠲᠤᠨᠢ ᠰᠤᠷᠪᠤᠯᠵᠢᠯᠠᠪᠠ᠃ ᠪᠠᠶᠢᠴᠠᠭᠠᠯᠲᠠ ᠪᠠᠷ ᠣᠯᠵᠤ ᠮᠡᠳᠡᠭᠰᠡᠨ ᠨᠢ᠂ ᠠᠳᠠᠯ ᠠᠬᠤᠶ ᠲᠦᠷᠭᠡᠨ ᠬᠦᠷᠭᠡᠯᠲᠡ ᠶᠢᠨ ᠠᠪᠳᠠᠷ᠎ᠠ ᠶᠢᠨ ᠲᠥᠯᠥᠪᠵᠢᠭᠦᠯᠭᠡ ᠪᠠ ᠡᠳᠦᠷ ᠲᠤᠲᠤᠮ ᠤᠨ ᠬᠠᠮᠢᠶᠠᠷᠤᠯᠲᠠ ᠶᠢᠨ ᠲᠠᠯ᠎ᠠ ᠪᠠᠷ ᠣᠮᠲᠣᠭᠠᠶᠢᠯᠠᠵᠣ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠭᠰᠠᠨ ᠥᠬᠡᠶ ᠪᠠᠶᠢᠪᠠ ᠃ ᠰᠠᠭᠤᠭᠠᠯᠢ ᠠᠷᠠᠳ ᠤᠨ ᠬᠦᠴᠢᠷᠳᠡᠯ ᠢ ᠲᠦᠷᠭᠡᠨ ᠰᠢᠢᠳᠪᠦᠷᠢᠯᠡᠬᠦ ᠶᠢᠨ ᠲᠥᠯᠥᠭᠡ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠲᠦᠷᠦᠭᠦᠯᠡᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯᠲᠠᠨ ᠢ ᠵᠣᠬᠢᠶᠠᠨ ᠪᠠᠶᠢᠭᠤᠯᠵᠤ ᠠᠳᠠᠯ ᠠᠬᠤᠶ ᠶᠢᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠡᠯ᠎ᠡ ᠲᠠᠯ᠎ᠠ ᠶᠢᠨ ᠬᠢᠨ ᠭᠦᠨᠵᠡᠭᠡᠶ ᠰᠤᠳᠤᠯᠤᠨ ᠶᠠᠷᠢᠯᠴᠠᠵᠤ᠂ ᠠᠳᠠᠯ ᠠᠬᠤᠶ ᠶᠢᠨ ᠬᠠᠮᠢᠶᠠᠷᠣᠯᠲᠠ ᠶᠢᠨ ᠭᠠᠵᠠᠷ ᠨᠢ ᠠᠰᠠᠭᠤᠳᠠᠯ ᠢ ᠲᠠᠨᠢᠭᠰᠡᠨ ᠤ ᠳᠠᠷᠠᠭ᠎ᠠ᠂ ᠲᠦᠷᠭᠡᠨ ᠬᠦᠷᠭᠡᠯᠲᠡ ᠶᠢᠨ ᠠᠪᠳᠠᠷ᠎ᠠ ᠶᠢᠨ ᠪᠠᠶᠢᠷᠢᠰᠢᠭᠤᠯᠤᠯᠲᠠ ᠶᠢ ᠳᠠᠷᠤᠶ ᠲᠦᠷᠭᠡᠨ ᠰᠢᠯᠢᠳᠡᠭᠵᠢᠭᠦᠯᠵᠦ᠂ ᠡᠵᠡᠩᠨᠡᠯᠲᠡ ᠶᠢᠨ ᠲᠠᠯ᠎ᠠ ᠶᠢᠨ ᠬᠢᠨ ᠲᠠᠢ ᠴᠠᠬᠢᠯᠭᠠᠨ ᠤ ᠰᠦᠢᠳᠬᠡᠯ ᠤᠨ ᠪᠠᠷᠢᠮᠵᠢᠶ᠎ᠠ ᠶᠢ ᠳᠠᠬᠢᠨ ᠰᠢᠨ᠎ᠡ ᠪᠠᠷ ᠶᠠᠷᠢᠯᠴᠠᠵᠣ ᠂ ᠰᠠᠭᠤᠭᠠᠯᠢ ᠠᠷᠠᠳ ᠤᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠬᠤ ᠪᠠᠷ ᠵᠥᠪᠳᠡᠯᠴᠡᠵᠦ᠂ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠲᠦᠷᠭᠡᠨ ᠬᠦᠷᠭᠡᠯᠲᠡ ᠶᠢᠨ ᠠᠪᠳᠠᠷ᠎ᠠ ᠶᠢ ᠪᠠᠶᠢᠴᠠᠭᠠᠨ ᠬᠠᠮᠠᠭᠠᠯᠠᠵᠤ᠂ ᠲᠡᠭᠦᠨ ᠤ ᠬᠡᠪ ᠤᠨ ᠠᠵᠢᠯᠯᠠᠭᠠᠨ ᠢ ᠪᠠᠲᠤᠯᠠᠵᠤ᠂ ᠰᠠᠭᠤᠭᠠᠯᠢ ᠠᠷᠠᠳ ᠲᠤ ᠲᠣᠭᠲᠠᠭᠤᠨ ᠪᠥᠭᠡᠳ ᠳᠥᠭᠦᠮ ᠳᠥᠲᠡ ᠦᠢᠯᠡᠴᠢᠯᠡᠭᠡ ᠬᠠᠩᠭᠠᠨ᠎ᠠ ᠭᠡᠪᠡ ᠃    ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠨᠢ ᠲᠣᠰ ᠬᠡᠷᠡᠭ ᠢ ᠦᠷᠭᠦᠯᠵᠢᠯᠡᠨ ᠮᠦᠷᠳᠡᠨ ᠳᠠᠭᠠᠵᠤ᠂ ᠠᠳᠠᠯ ᠠᠬᠤᠶ ᠶᠢᠨ ᠬᠠᠮᠢᠶᠠᠷᠣᠯᠲᠠ ᠶᠢᠨ ᠭᠠᠵᠠᠷ ᠤᠨ ᠬᠢᠨ ᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠲᠣᠰ ᠤᠳᠠᠭᠠᠨ ᠤ ᠬᠡᠷᠡᠭ ᠢ ᠲᠣᠬᠢᠲᠠᠶ ᠰᠢᠢᠳᠪᠦᠷᠢᠯᠡᠬᠦ ᠨᠢ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠂ ᠡᠯ᠎ᠡ ᠲᠠᠯ᠎ᠠ ᠶᠢᠨ ᠬᠠᠷᠢᠴᠠᠭ᠎ᠠ ᠶᠢ ᠵᠣᠬᠢᠴᠠᠭᠤᠯᠬᠤ ᠳᠤᠮᠳᠠᠬᠢ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠢᠯᠡᠷᠡᠭᠦᠯᠵᠣ᠂ ᠰᠠᠭᠤᠭᠠᠯᠢ ᠠᠷᠠᠳ ᠤᠨ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠣᠯᠠᠨ ᠲᠦᠮᠡᠨ ᠤ ᠵᠠᠰᠠᠭ ᠤᠨ ᠣᠷᠳᠣᠨ ᠳᠤ ᠦᠢᠯᠡᠴᠢᠯᠡᠬᠦ ᠢᠲᠡᠭᠡᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠡᠷᠡᠰ ᠵᠣᠷᠢᠭ ᠪᠠ ᠴᠢᠳᠠᠪᠤᠷᠢ ᠶᠢ ᠢᠯᠡᠷᠡᠭᠦᠯᠦᠭᠰᠡᠨ ᠪᠠᠶᠢᠨ᠎ᠠ᠃ 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ