ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠶᠢ ᠭᠦᠨᠵᠡᠭᠡᠶ ᠲᠣᠭᠤᠰᠢᠯᠠᠭᠤᠯᠵᠣ ᠂ ᠣᠯᠠᠨ ᠨᠡᠶᠢᠲᠡ ᠶᠢᠨ ᠤᠰᠤ ᠶᠢ ᠠᠷᠪᠢᠯᠠᠵᠤ ᠤᠰᠤ ᠬᠠᠮᠠᠭᠠᠯᠠᠬᠤ | ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠤᠷᠢᠶᠠᠯᠠᠭ᠎ᠠ ᠶᠢ ᠢᠳᠡᠪᠬᠢᠲᠡᠶ ᠪᠠᠷ | ᠴᠤᠤᠷᠢᠶᠠᠲᠤᠨ ᠳᠠᠭᠠᠵᠤ᠂ ᠭᠤᠴᠢᠨ ᠭᠤᠷᠪᠠᠳᠤᠭᠠᠷ ᠬᠤᠭᠤᠴᠠᠭᠠᠨ ᠤ ︽ᠳᠡᠯᠡᠬᠡᠶ ᠶᠢᠨ ᠤᠰᠤᠨ ᠤ ᠡᠳᠦᠷ︾᠂ ᠭᠤᠴᠢᠨ ᠨᠠᠢᠮᠠᠳᠤᠭᠠᠷ ᠬᠤᠭᠤᠴᠠᠭᠠᠨ ᠤ ︽ | ᠳᠤᠮᠳᠠᠳᠤ ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ᠃ ᠲᠣᠰ ᠤᠳᠠᠭᠠᠨ ᠤ ᠠᠵᠢᠯᠯᠠᠭ᠎ᠠ ᠨᠢ ︽ᠬᠠᠤᠯᠢ ᠶᠣᠰᠣᠭᠠᠷ | ᠤᠰᠤ ᠶᠢ ᠵᠠᠰᠠᠬᠤ ᠶᠢ ᠴᠢᠩᠭᠠᠳᠬᠠᠵᠤ᠂ ᠬᠠᠳᠣᠨ ᠭᠤᠤᠯ ᠢᠶᠠᠨ ᠭᠠᠷ ᠬᠤᠯᠪᠣᠨ ᠬᠠᠮᠲᠤ ᠪᠠᠷ ᠬᠠᠮᠠᠭᠠᠯᠠᠶ᠎ᠠ︾ ᠭᠡᠬᠦ ᠪᠠᠷ ᠭᠤᠤᠯ ᠰᠡᠳᠦᠪ ᠪᠣᠯᠭᠠᠵᠣ᠂ ᠨᠡᠶᠢᠭᠡᠮ ᠤᠨ | ᠡᠯ᠎ᠡ ᠡᠲᠡᠭᠡᠳ ᠤᠨ ᠬᠢᠨ ᠤ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠬᠠᠮᠲᠤ ᠪᠠᠷ ᠠᠩᠬᠠᠷᠴᠤ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ | ᠠᠬᠢᠭᠤᠯᠬᠤ ᠶᠢ ᠣᠷᠢᠶᠠᠯᠠᠪᠠ ᠃ | ᠠᠵᠢᠯᠯᠠᠭ᠎ᠠ ᠶᠢᠨ ᠲᠤᠬᠠᠶ ᠶᠢᠨ ᠡᠳᠦᠷ᠂ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠭᠤᠷᠪᠠᠳᠤᠭᠠᠷ ᠳᠡᠰ ᠤᠨ | ᠡᠷᠬᠢᠯᠡᠭᠴᠢ ᠭᠡᠰᠢᠭᠦᠴᠢ ᠸᠠᠩ ᠵᠢᠶᠦ᠋ᠨ ᠠᠩᠭᠢ ᠳᠠᠭᠠᠭᠤᠯᠵᠤ᠂ ᠠᠷᠠᠳ ᠤᠨ ᠶᠠᠪᠤᠳᠠᠯ ᠤᠨ ᠲᠣᠪᠴᠢᠶᠠᠨ ᠤ ᠣᠯᠠᠨ ᠺᠠᠳ᠋ᠷ ᠣᠷᠣᠯᠴᠠᠪᠠ᠃ ᠠᠵᠢᠯᠯᠠᠭ᠎ᠠ ᠶᠢᠨ | ᠲᠤᠬᠠᠶ ᠶᠢᠨ ᠲᠠᠯᠠᠪᠤᠷ ᠲᠤ᠂ ᠠᠷᠠᠳ ᠤᠨ ᠶᠠᠪᠤᠳᠠᠯ ᠤᠨ ᠲᠣᠪᠴᠢᠶᠠᠨ ᠤ ᠺᠠᠳ᠋ᠷᠴᠣᠳ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠣᠯᠠᠨ ᠲᠦᠮᠡᠨ ᠳᠤ ᠤᠰᠤ ᠠᠷᠪᠢᠯᠠᠬᠤ ᠮᠡᠳᠡᠯᠭᠡ ᠶᠢ ᠲᠦᠭᠡᠮᠡᠯᠵᠢᠭᠦᠯᠵᠦ᠂ ᠤᠰᠤᠨ ᠤ ᠡᠬᠢ ᠪᠠᠶᠠᠯᠢᠭ ᠢ | ᠬᠠᠮᠠᠭᠠᠯᠠᠬᠤ ᠶᠢᠨ ᠴᠢᠬᠤᠯᠠ ᠴᠢᠨᠠᠷ ᠢ ᠤᠬᠠᠭᠤᠯᠪᠠ᠃ ᠠᠵᠢᠯᠲᠠᠳ ᠤᠯᠠᠨ ᠲᠦᠮᠡᠨ ᠤ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ ᠤᠯᠠᠨ ᠢ | ᠡᠳᠦᠷ ᠲᠤᠳᠤᠮ ᠤᠨ ᠠᠮᠢᠳᠤᠷᠠᠯ ᠤᠨ ᠪᠠᠭ᠎ᠠ ᠶᠠᠪᠤᠳᠠᠯ ᠠᠴᠠ ᠡᠬᠢᠯᠡᠨ ᠬᠢᠵᠦ᠂ ᠤᠰᠤ ᠶᠢ ᠠᠷᠪᠢᠯᠠᠵᠤ ᠬᠡᠷᠡᠭᠯᠡᠬᠦ ᠰᠠᠶᠢᠨ ᠳᠠᠳᠬᠠᠯ ᠢ ᠪᠤᠢ ᠪᠣᠯᠭᠠᠬᠤ ᠶᠢ ᠬᠥᠲᠥᠯᠥᠨ | ᠵᠢᠯᠣᠭᠤᠳᠪᠠ ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠨᠡᠶᠢᠲᠡ ᠶᠢᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠤᠬᠠᠶ ᠲᠠᠨᠢᠯᠲᠠ ᠶᠢ | ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠬᠠᠷᠢᠭᠤᠴᠠᠯᠭ᠎ᠠ ᠪᠠᠨ | ᠢᠳᠡᠪᠬᠢᠲᠡᠶ ᠭᠦᠢᠴᠡᠳᠭᠡᠵᠦ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠬᠤ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠦᠭᠰᠡᠨ | ᠪᠠᠶᠢᠨ᠎ᠠ᠃ ᠢᠷᠡᠭᠡᠳᠦᠢ ᠳᠤ᠂ ᠠᠷᠠᠳ ᠤᠨ ᠶᠠᠪᠤᠳᠠᠯ ᠤᠨ ᠲᠣᠪᠴᠢᠶ᠎ᠠ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠡᠯ᠎ᠡ | ᠲᠦᠷᠦᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠳᠦᠭᠡᠨ | ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠠᠷ ᠪᠣᠢ ᠃ | |