3 ᠰᠠᠷ᠎ᠠ ᠶᠢᠨ 21 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤᠲ᠋ᠡᠯ ᠠᠭᠤᠯᠨ ᠪᠠᠯᠭᠠᠰᠤᠨ ᠤ ᠱᠧᠩ ᠯᠢ ᠲᠣᠰᠬᠤᠨ ᠤ ᠥᠨᠳᠥᠷ ᠪᠦᠲᠦᠮᠵᠢᠲᠡᠶ | ᠣᠶᠤᠨᠴᠢ ᠪᠣᠰᠤᠭ᠎ᠠ ᠴᠣᠭᠴᠠᠲᠤ ᠲᠡᠵᠢᠭᠡᠯ ᠡᠪᠡᠰᠦ ᠳᠠᠷᠢᠬᠤ ᠬᠦᠯᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠵᠦ᠂ | ᠲᠤᠬᠠᠶ ᠶᠢᠨ ᠭᠠᠵᠠᠷ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠡᠯᠬᠢᠶᠡᠵᠢᠯ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠬᠥᠳᠡᠯᠭᠡᠭᠦᠷ ᠨᠡᠮᠡᠭᠳᠡᠭᠰᠡᠨ ᠢ ᠬᠠᠷᠠᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1500 ᠲᠦᠮᠡᠨ ᠲᠥᠭᠦᠷᠢᠭ ᠪᠠᠶᠢᠵᠤ᠂ ᠶᠡᠷᠦᠩᠬᠡᠶ ᠲᠠᠯᠠᠪᠠᠶ ᠨᠢ | 48000 ᠲᠡᠭᠰᠢ ᠳᠥᠷᠪᠡᠯᠵᠢᠨ ᠮᠧᠲᠷ ᠪᠠᠶᠢᠵᠤ᠂ 5ᠰᠠᠭᠣᠷᠢ ᠪᠠᠷᠢᠮᠵᠢᠶᠠᠵᠢᠭᠤᠯᠤᠭᠰᠠᠨ ᠣᠶᠤᠨᠴᠢ ᠬᠦᠯᠡᠮᠵᠢ ᠶᠢ ᠲᠥᠯᠥᠪᠵᠢᠭᠦᠯᠦᠨ ᠪᠠᠶᠢᠭᠤᠯᠵᠤ᠂ | ᠭᠠᠭᠴᠠ ᠰᠠᠭᠤᠷᠢ ᠶᠢᠨ ᠲᠠᠯᠠᠪᠠᠢ ᠨᠢ 9600 ᠲᠡᠭᠰᠢ ᠳᠥᠷᠪᠡᠯᠵᠢᠨ ᠮᠧᠲᠷ ᠲᠤ ᠬᠦᠷᠴᠦ᠂ ᠡᠳᠦᠷ ᠲᠤ ᠪᠠᠷᠤᠭ 40 ᠲᠣᠨ ᠣᠷᠴᠢᠮ ᠣᠷᠭᠠᠨᠢᠭ ᠡᠪᠡᠰᠦ | ᠦᠢᠯᠡᠳᠪᠦᠷᠢᠯᠡᠵᠦ᠂ ᠵᠢᠯ ᠳᠤ 16 ᠲᠦᠮᠡᠨ ᠲᠣᠨ ᠰᠢᠨ᠎ᠡ ᠰᠣᠷᠭᠤᠭ ᠡᠪᠡᠰᠦ ᠦᠢᠯᠡᠳᠪᠦᠷᠢᠯᠡᠬᠦ ᠪᠣᠯᠣᠨ᠎ᠠ᠃ ᠥᠨᠳᠥᠷ ᠪᠦᠲᠦᠮᠵᠢᠲᠡᠶ ᠣᠶᠤᠨᠴᠢ ᠲᠡᠵᠢᠭᠡᠯ ᠡᠪᠡᠰᠦ | ᠳᠠᠷᠢᠬᠤ ᠬᠦᠯᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠨᠢᠭᠡ ᠵᠦᠢᠯ ᠤᠨ ᠰᠢᠨ᠎ᠡ ᠬᠡᠯᠪᠡᠷᠢ ᠶᠢᠨ ᠡᠷᠡᠭᠦᠯ ᠪᠣᠬᠢᠷᠲᠤᠯ ᠥᠬᠡᠶ ᠠᠮᠤᠷ ᠲᠦᠪᠰᠢᠨ | ᠣᠰᠣᠨ ᠳᠤ ᠪᠤᠶᠢᠵᠢᠭᠤᠯᠬᠤ ᠲᠡᠵᠢᠭᠡᠯ ᠪᠣᠷᠳᠣᠭᠠᠨ ᠤ ᠰᠢᠰᠲ᠋ᠧᠮ ᠪᠣᠯᠤᠨ᠎ᠠ᠂ ᠰᠢᠷᠣᠶ ᠥᠬᠡᠶ ᠪᠠᠷ ᠳᠠᠷᠢᠵᠤ ᠪᠣᠶᠢᠵᠢᠭᠤᠯᠣᠨ᠂ ᠣᠶᠤᠨᠴᠢ ᠪᠠᠷ ᠳᠤᠯᠠᠭᠠᠨ ᠢ ᠡᠵᠡᠮᠰᠢᠨ | ᠤᠰᠤᠯᠠᠬᠤ᠂ LED ᠳ᠋ᠧᠩ ᠤᠨ ᠬᠡᠷᠡᠯ ᠢ ᠲᠤᠰᠬᠠᠬᠤ ᠪᠠᠷ ᠳᠠᠮᠵᠢᠭᠤᠯᠤᠨ ᠪᠠᠺᠲ᠋ᠧᠷᠢ ᠤᠰᠠᠳᠬᠠᠬᠤ ᠰᠢᠰᠲ᠋ᠧᠮ ᠲᠠᠢ ᠬᠠᠮᠵᠢᠯᠴᠠᠵᠤ᠂ ᠳᠤᠯᠠᠭᠠᠨ ᠤ ᠬᠡᠮᠵᠢᠶ᠎ᠡ ᠂ | ᠬᠡᠷᠡᠯ ᠂ ᠣᠰᠣ ᠶᠢ ᠨᠠᠷᠢᠯᠢᠭ ᠡᠵᠡᠮᠳᠡᠨ ᠂ ᠲᠡᠵᠢᠭᠡᠯ ᠡᠪᠡᠰᠦ ᠳᠤ ᠲᠣᠭᠲᠠᠮᠠᠯ ᠳᠤᠯᠠᠭᠠᠨ ᠲᠣᠭᠲᠠᠮᠠᠯ ᠴᠢᠬᠢᠭ ᠪᠠ ᠪᠠᠺᠲ᠋ᠧᠷᠢ ᠶᠢ ᠡᠵᠡᠮᠳᠡᠬᠦ ᠬᠠᠮᠤᠭ ᠤᠨ ᠰᠠᠶᠢᠨ | ᠤᠷᠭᠤᠯᠲᠠ ᠶᠢᠨ ᠣᠷᠴᠢᠨ ᠲᠣᠭᠤᠷᠢᠨ ᠢ ᠬᠠᠩᠭᠠᠵᠤ᠂ ᠲᠡᠵᠢᠭᠡᠯ ᠡᠪᠡᠰᠦᠨ ᠤ ᠲᠦᠷᠭᠡᠨ ᠣᠷᠭᠣᠯᠲᠠ ᠶᠢ ᠪᠡᠶᠡᠯᠡᠭᠦᠯᠵᠦ᠂ ᠤᠶᠤᠨᠴᠢᠯᠠᠭᠰᠠᠨ | ᠦᠢᠯᠡᠳᠪᠦᠷᠢᠯᠡᠯ ᠤᠨ ᠠᠦ᠋ᠲ᠋ᠣᠴᠢᠯᠠᠭᠰᠠᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠴᠠᠭ ᠠᠭᠤᠷ ᠪᠠ ᠤᠯᠠᠷᠢᠯ ᠤᠨ ᠨᠥᠯᠥᠭᠡ ᠶᠢ ᠭᠥᠷᠳᠡᠬᠦ ᠥᠬᠡᠶ ᠪᠠᠶᠢᠵᠤ᠂ | ᠵᠢᠯ ᠤᠨ ᠳᠥᠷᠪᠡᠨ ᠤᠯᠠᠷᠢᠯ ᠳᠤ ᠴᠥᠮ ᠰᠢᠨ᠎ᠡ ᠰᠣᠷᠭᠤᠭ ᠣᠷᠭᠠᠨᠢᠭ ᠲᠡᠵᠢᠭᠡᠯ ᠡᠪᠡᠰᠦ ᠬᠠᠩᠭᠠᠵᠤ᠂ ᠲᠤᠬᠠᠶ ᠶᠢᠨ ᠭᠠᠵᠠᠷ ᠲᠤᠨᠢ ᠣᠶᠢᠷ᠎ᠠ ᠬᠠᠪᠢ ᠳᠠᠭᠠᠨ ᠲᠡᠵᠢᠭᠡᠯ | ᠡᠪᠡᠰᠦ ᠪᠣᠷᠳᠤᠭ᠎ᠠ ᠬᠠᠩᠭᠠᠨ ᠂ ᠳᠠᠷᠢᠵᠤ ᠲᠡᠵᠢᠭᠡᠬᠦ ᠶᠠᠪᠣᠴᠠ ᠳᠤ ᠡᠪᠡᠰᠦ ᠪᠣᠷᠳᠤᠭ᠎ᠠ ᠳᠣᠳᠠᠭᠳᠠᠬᠤ ᠠᠰᠠᠭᠤᠳᠠᠯ ᠢ ᠰᠢᠢᠳᠪᠦᠷᠢᠯᠡᠵᠣ ᠂ ᠡᠪᠦᠯ ᠤᠨ ᠤᠯᠠᠷᠢᠯ ᠤᠨ | ᠡᠪᠡᠰᠦ ᠪᠣᠷᠳᠣᠭᠠᠨ ᠤ ᠬᠦᠷᠦᠯᠴᠡᠬᠦ ᠥᠬᠡᠶ ᠪᠠᠶᠢᠳᠠᠯ ᠢ ᠪᠦᠲᠦᠮᠵᠢᠲᠡᠶ ᠨᠥᠬᠦᠪᠥᠷᠢᠯᠡᠬᠦ ᠪᠣᠯᠣᠨ᠎ᠠ ᠃ | ︽ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠡᠳᠦᠷ ᠤᠨ ᠣᠷᠭᠠᠨᠢᠭ ᠡᠪᠡᠰᠦᠨ ᠤ ᠦᠢᠯᠡᠳᠪᠦᠷᠢᠯᠡᠯ ᠤᠨ ᠬᠡᠮᠵᠢᠶ᠎ᠡ ᠪᠠᠷᠤᠭ 40 ᠲᠣᠨ ᠣᠷᠴᠢᠮ | ᠪᠠᠶᠢᠵᠤ᠂ ᠵᠢᠯ ᠳᠤ 16 ᠲᠦᠮᠡᠨ ᠲᠣᠨ ᠰᠢᠨ᠎ᠡ ᠰᠣᠷᠭᠤᠭ ᠡᠪᠡᠰᠦ ᠦᠢᠯᠡᠳᠪᠦᠷᠢᠯᠡᠵᠦ᠂ ᠵᠢᠯ ᠪᠦᠷᠢ ᠶᠢᠨ ᠣᠷᠣᠯᠭ᠎ᠠ ᠨᠢ 2000 ᠲᠦᠮᠡᠨ ᠲᠥᠭᠦᠷᠢᠭ ᠣᠷᠴᠢᠮ | ᠪᠠᠶᠢᠵᠤ᠂ 60 ᠬᠥᠮᠦᠨ ᠤ ᠠᠵᠢᠯ ᠣᠯᠭᠤᠯᠲᠠ ᠶᠢ ᠰᠢᠢᠳᠪᠦᠷᠢᠯᠡᠵᠦ᠂ ᠵᠢᠯ ᠪᠦᠷᠢ 5000 ᠢᠳᠡᠰᠢᠨ ᠦᠬᠡᠷ ᠪᠤᠶᠤ 32000 ᠢᠳᠡᠰᠢᠨ ᠬᠤᠨᠢ ᠲᠡᠵᠢᠭᠡᠨ | ᠦᠷᠡᠵᠢᠭᠦᠯᠵᠦ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠵᠤ᠂ ᠴᠢᠨᠠᠷ ᠰᠠᠶᠢᠲᠠᠶ | ᠲᠡᠵᠢᠭᠡᠯ ᠡᠪᠡᠰᠦᠨ ᠤ ᠪᠦᠲᠦᠮᠵᠢᠲᠡᠶ ᠬᠠᠩᠭᠠᠯᠭ᠎ᠠ ᠶᠢ ᠪᠠᠲᠤᠯᠠᠵᠤ᠂ ᠮᠠᠯ ᠠᠵᠤ ᠠᠬᠤᠶ ᠪᠠ ᠲᠡᠵᠢᠭᠡᠨ ᠦᠷᠡᠵᠢᠭᠦᠯᠬᠦ ᠶᠢᠨ ᠵᠣᠬᠢᠴᠠᠩᠭᠤᠶ ᠦᠷᠭᠦᠯᠵᠢᠯᠡᠬᠦ | ᠬᠦᠭᠵᠢᠯᠲᠡ ᠶᠢ ᠠᠬᠢᠭᠤᠯᠤᠨ᠎ᠠ︾ ᠭᠡᠵᠣ ᠳᠡᠯ ᠠᠭᠤᠯᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠲᠡᠷᠢᠭᠦᠯᠡᠭᠴᠢ ᠨᠣᠮᠢᠨᠳᠠᠯᠠᠢ | ᠬᠡᠯᠡᠪᠡ ᠃ | |