ᠤᠷᠠᠳ ᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠰᠤᠷᠤᠭᠴᠢ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ︾ ᠤᠨ ᠪᠠᠶᠢᠴᠠᠭᠠᠯᠳᠠ ᠥᠷᠨᠢᠭᠦᠯᠪᠡ
ᠨᠡᠶᠢᠲᠡᠯᠡᠭᠰᠡᠨ ᠴᠠᠭ᠄
2025/3/4
    ᠰᠤᠷᠭᠠᠭᠤᠯᠢ ᠡᠬᠢᠯᠡᠬᠦ ᠲᠠᠰᠢᠷᠠᠮ ᠢᠶᠠᠷ᠂ ᠬᠠᠷᠢᠶ᠎ᠠ ᠣᠷᠣᠨ ᠤ ︽ᠰᠤᠷᠤᠬᠴᠢ ᠳᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ︾ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ  ᠬᠦᠴᠦᠯᠡᠴᠡ ᠪᠠᠨ ᠴᠢᠩᠭᠠᠤᠨᠬᠠᠵᠦ᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠦᠨᠡᠨᠬᠦ ᠪᠠᠲᠤᠯᠠᠬᠤ ᠶᠢᠨ ᠲᠥᠯᠥᠭᠡ᠂ ᠤᠢᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠷᠧᠨ ᠷᠦᠢ ᠴᠢᠨ ᠠᠵᠢᠯᠳᠠᠤᠨ ᠢᠶᠠᠨ ᠲᠠᠭᠠᠭᠤᠯᠤᠨ ᠬᠠᠷᠢᠶ᠎ᠠ ᠣᠷᠣᠨ ᠤ ᠳᠣᠲᠣᠷᠠᠬᠢ ︽ᠰᠤᠷᠤᠬᠴᠢ ᠳᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ︾ ᠢ ᠪᠠᠶᠢᠴᠠᠭᠠᠪᠠ᠃
乌拉特中旗市场监督管理局开展“小饭桌”检查 11.jpg
    ᠨᠢᠭᠡ ᠳᠤ᠂ ︽ᠰᠤᠷᠤᠬᠴᠢ ᠳᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ︾ ᠤᠨ ᠡᠵᠡᠩᠨᠡᠯᠲᠡ ᠶᠢᠨ ᠨᠢᠭᠡᠴᠢ ᠶᠢᠨ ᠭᠤᠣᠯ ᠴᠣᠭᠴᠠ ᠶᠢᠨ ᠬᠢᠷᠢ ᠬᠡᠮ ᠢ ᠭᠤᠣᠯᠳᠠᠯᠭ᠎ᠠ ᠲᠠᠢ ᠪᠠᠶᠢᠴᠠᠭᠠᠵᠤ᠂ ᠡᠵᠡᠩᠨᠡᠭᠴᠢ ᠶᠢᠨ ᠦᠨᠡᠮᠯᠡᠯ ᠪᠦᠷᠢᠨ ᠭᠦᠢᠴᠡᠳ ᠡᠰᠡᠬᠦ ᠶᠢ ᠪᠠᠶᠢᠴᠠᠭᠠᠪᠡ᠃ ᠬᠤᠶᠠᠷ ᠲᠤ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠤᠨ ᠪᠠᠶᠢᠳᠠᠯ ᠢ ᠪᠠᠶᠢᠴᠠᠭᠠᠵᠤ᠂ ᠡᠵᠡᠩᠨᠡᠯᠲᠡ ᠶᠢᠨ ᠨᠢᠭᠡᠴᠢ ᠶᠢᠨ ᠪᠣᠶ ᠪᠥᠬᠦᠶ ᠠᠵᠢᠯᠯᠠᠵᠤ ᠪᠠᠶᠢᠭ᠎ᠠ ᠬᠥᠮᠦᠰ ᠡᠷᠬᠡᠪᠰᠢ ᠬᠦᠴᠦᠨ ᠪᠥᠬᠦᠶ ᠡᠷᠡᠭᠦᠯ ᠮᠡᠨᠳᠦ ᠶᠢᠨ ᠦᠨᠡᠮᠯᠡᠯ ᠲᠠᠢ ᠪᠠᠶᠢᠪᠠᠯ ᠰᠠᠶ᠋ᠢ ᠠᠵᠢᠯ ᠤᠨ ᠪᠠᠶᠢᠷᠢ ᠳᠤ ᠭᠠᠷᠴᠤ ᠪᠤᠯᠬᠤ  ᠶᠢ ᠪᠠᠶᠢᠴᠠᠭᠠᠪᠠ᠃ ᠭᠤᠷᠪᠠ ᠳᠤ᠂ ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠦᠨᠡᠮᠯᠡᠯ ᠪᠠ ᠫᠢᠶᠣᠣ ᠪᠠᠷᠢᠮᠲᠠ ᠠᠪᠬᠤ ᠵᠡᠷᠭᠡ ᠳᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠡᠵᠡᠩᠨᠡᠭᠴᠢ ᠶᠢ ᠪᠠᠷᠠᠭ᠎ᠠ ᠣᠷᠣᠭᠤᠯᠤᠭᠰᠠᠨ ᠫᠢᠶᠣᠣ ᠪᠠᠷᠢᠮᠲᠠ᠂ ᠪᠠᠷᠠᠭ᠎ᠠ ᠬᠠᠩᠭᠠᠬᠤ ᠬᠤᠳᠠᠯᠳᠤᠭᠠᠴᠢᠨ ᠤ ᠬᠠᠮᠢᠶ᠎ᠠ ᠪᠦᠬᠦᠢ ᠬᠢᠷᠢ ᠬᠡᠮ᠂ ᠪᠦᠳᠦᠭᠡᠭᠳᠡᠬᠦᠨ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠠᠪᠬᠤ ᠶᠢ ᠱᠠᠭᠠᠷᠳᠠᠬᠤ ᠶᠢᠨ ᠬᠠᠮᠲᠤ ᠪᠠᠷᠠᠭ᠎ᠠ ᠣᠷᠣᠭᠤᠯᠤᠭᠰᠠᠨ ᠡᠬᠡ ᠳᠠᠩᠰᠠ ᠶᠢᠨ ᠲᠡᠮᠳᠡᠭᠯᠡᠯ ᠢ ᠰᠠᠶᠢᠲᠤᠷ ᠬᠢᠭᠰᠡᠨ ᠡᠰᠡᠬᠦ ᠶᠢ ᠪᠠᠶᠢᠴᠠᠭᠠᠪᠠ᠃ ᠲᠦᠷᠪᠡ ᠳᠤ᠂ ︽ᠰᠤᠷᠤᠬᠴᠢ ᠳᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ︾ ᠤᠨ ᠡᠵᠡᠩᠨᠡᠯᠲᠡ ᠶᠢᠨ ᠨᠢᠭᠡᠴᠢ ᠶᠢᠨ ᠬᠤᠭᠤᠴᠠᠭ᠎ᠠ ᠬᠡᠲᠦᠷᠡᠵᠦ ᠴᠢᠨᠠᠷ ᠬᠤᠪᠢᠷᠠᠭᠰᠠᠨ ᠵᠡᠷᠭᠡ ᠬᠢᠷᠢ ᠲᠡᠩᠴᠡᠭᠰᠡᠨ ᠦᠭᠡᠢ ᠢᠳᠡᠭᠡᠨ ᠢ ᠬᠡᠷᠡᠭᠯᠡᠬᠦ ᠶᠢ ᠴᠢᠩᠭ᠎ᠠ ᠴᠠᠭᠠᠵᠠᠯᠠᠭᠰᠠᠨ ᠡᠰᠡᠬᠦ ᠶᠢ ᠪᠠᠶᠢᠴᠠᠭᠠᠪᠠ᠃ ᠲᠠᠪᠤ ᠳᠤ᠂ ᠡᠵᠡᠩᠨᠡᠯᠲᠡ ᠶᠢᠨ ᠨᠢᠭᠡᠴᠢ ᠶᠢᠨ ᠲᠣᠭᠤᠭᠠᠨ ᠭᠡᠷ ᠤᠨ ᠲᠥᠬᠦᠭᠡᠷᠦᠮᠵᠢ ᠶᠢᠨ ᠠᠷᠢᠭᠤᠨ ᠴᠡᠪᠡᠷ᠂ ᠬᠤᠭᠤᠯᠠᠯᠠᠬᠤ ᠣᠷᠴᠢᠨ ᠨᠥᠬᠦᠴᠡᠯ᠂ ᠢᠳᠡᠭᠡᠨ ᠤ ᠲᠦᠭᠦᠬᠡᠢ ᠮᠠᠲ᠋ᠧᠷᠢᠶᠠᠯ ᠤᠨ ᠪᠠᠲᠤᠯᠠᠭ᠎ᠠ᠂ ᠢᠳᠡᠭᠡᠨ ᠪᠣᠯᠪᠠᠰᠤᠷᠠᠭᠤᠯᠬᠤ ᠶᠠᠪᠤᠴᠠ᠂ ᠢᠳᠡᠭᠡᠨ ᠤ ᠦᠯᠢᠭᠡᠷ ᠶᠠᠩᠵᠤ ᠦᠯᠡᠳᠡᠭᠡᠬᠦ ᠵᠡᠷᠭᠡ ᠭᠤᠭᠴᠤᠭ᠎ᠠ ᠳᠤ ᠪᠠᠶᠢᠴᠠᠭᠠᠯᠲᠠ ᠬᠢᠪᠡ᠃ ᠵᠢᠷᠭᠤᠭ᠎ᠠ ᠳᠤ᠂ ᠰᠢᠲᠠᠮᠠᠬᠠᠶ ᠬᠡᠶ ᠶᠢᠨ ᠵᠤᠤᠬ᠎ᠠ᠂ ᠰᠢᠲᠠᠮᠠᠬᠠᠶ ᠬᠡᠶ ᠶᠢᠨ ᠭᠤᠮ ᠬᠤᠭᠤᠯᠠᠶ᠂ ᠳᠠᠷᠤᠯᠲᠠ ᠶᠢ ᠪᠠᠭᠠᠰᠬᠠᠬᠤ ᠨᠡᠭᠡᠯᠡᠬᠡᠶ᠂ ᠰᠢᠲᠠᠮᠠᠬᠠᠶ ᠬᠡᠶ ᠶᠢᠨ ᠰᠡᠷᠡᠮᠵᠢ ᠶᠢᠨ ᠳᠣᠬᠢᠶ᠎ᠠ ᠵᠡᠷᠭᠡ ᠡᠯ᠎ᠡ ᠵᠦᠶᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠣᠳᠠᠲᠠᠶ  ᠳᠤ ᠨᠠᠶᠢᠳᠠᠪᠤᠷᠢᠵᠢᠭᠤᠯᠤᠭᠰᠠᠨ ᠡᠰᠡᠬᠦ᠂ ᠡᠵᠡᠩᠨᠡᠯᠲᠡ ᠶᠢᠨ ᠲᠠᠯᠠᠪᠤᠷ ᠲᠠᠬᠢ ᠭᠠᠯ ᠤᠨᠲᠠᠷᠠᠭᠠᠬᠤ ᠲᠥᠬᠦᠭᠡᠷᠦᠮᠵᠢ ᠪᠦᠷᠢᠨ ᠪᠦᠲᠦᠨ ᠪᠦᠲᠦᠮᠵᠢᠲᠡᠶ ᠪᠠᠶᠢᠬᠤ ᠡᠰᠡᠬᠦ᠂ ᠲᠠᠷᠬᠠᠭᠠᠬᠤ ᠵᠠᠮ ᠰᠠᠭᠠᠳ ᠥᠬᠡᠶ ᠪᠠᠶᠢᠬᠤ ᠡᠰᠡᠬᠦ ᠵᠢᠴᠢ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ ᠨᠢ ᠵᠢᠷᠤᠮᠵᠢᠭᠤᠨ ᠪᠠᠶᠢᠬᠤ ᠡᠰᠡᠬᠦ ᠵᠡᠷᠭᠡ ᠪᠠᠶᠢᠳᠠᠯ ᠢ ᠪᠠᠶᠢᠴᠠᠭᠠᠨ ᠦᠵᠡᠪᠡ᠃    ᠲᠠᠷᠠᠭᠠᠴᠢ ᠶᠢᠨ ᠠᠯᠬᠤᠮ ᠳᠤ᠂ ᠤᠷᠠᠳ ᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠰᠤᠷᠤᠭᠴᠢ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ︾ ᠤᠨ ᠬᠢᠨᠠᠯᠲᠠ ᠬᠠᠮᠢᠶᠠᠷᠤᠯᠲᠠ ᠶᠢᠨ ᠬᠦᠴᠦᠯᠡᠴᠡ ᠪᠠᠨ ᠦᠷᠭᠦᠯᠵᠢᠯᠡᠨ ᠴᠢᠩᠭᠠᠤᠨᠬᠠᠵᠦ᠂ ︽ᠰᠤᠷᠤᠭᠴᠢ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ︾ ᠤᠨ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠬᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠨ᠂ ᠣᠯᠠᠨ ᠲᠦᠮᠡᠨ ᠢ ᠰᠠᠨᠠᠭ᠎ᠠ ᠠᠮᠤᠷ ᠪᠠᠶᠢᠯᠭᠠᠨ᠎ᠠ᠃
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ