ᠪᠠᠶᠢᠴᠠᠭᠠᠭᠴᠢ  ᠨᠡᠷ ᠣᠯᠠᠨ ᠲᠠᠯ᠎ᠠ ᠶᠢᠨ ᠬᠠᠮᠲᠤ ᠶᠢᠨ ᠬᠦᠴᠦᠨ ᠢ ᠨᠢᠭᠲᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/3/5
    ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠠᠶᠢᠴᠠᠭᠠᠬᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠭᠦᠶᠴᠡᠳ ᠪᠠᠳᠠᠷᠠᠭᠤᠯᠵᠤ᠂ ᠳᠣᠲᠣᠭᠠᠳᠤ ᠶᠢ ᠬᠠᠮᠠᠭᠠᠯᠠᠬᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ᠂ ᠬᠠᠷᠢᠶ᠎ᠠ ᠣᠷᠣᠨ ᠤ ᠳᠣᠲᠣᠷᠠᠬᠢ 3 ᠳᠤᠮᠳᠠᠳᠤ ᠪᠠᠭ᠎ᠠ ᠰᠤᠷᠭᠠᠭᠤᠯᠢ ᠪᠠ 2 ᠬᠡᠦᠬᠡᠳ  ᠤᠨ ᠴᠡᠴᠡᠷᠯᠢᠭ ᠲᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠲᠤᠷᠠᠭᠰᠠᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠳᠤ ᠠᠮᠤᠷ ᠲᠦᠪᠰᠢᠨ ᠤ ᠰᠠᠭᠤᠷᠢ  ᠶᠢ ᠪᠠᠲᠤ ᠲᠠᠯᠪᠢᠵᠤ ᠥᠭᠪᠡ᠃
凝聚多方合力,检察官开展校园安全大排查 11.jpg
    ᠨᠢᠭᠡ ᠳᠤ᠂ ᠢᠳᠡᠭᠡᠨ ᠤᠮᠳᠠᠭᠠᠨ ᠤ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠬᠢᠨ ᠬᠠᠮᠠᠭᠠᠯᠠᠪᠠ᠃ ᠪᠠᠶᠢᠴᠠᠭᠠᠬᠤ ᠳᠤᠭᠤᠶᠢᠯᠠᠩ ᠡᠯ᠎ᠡ ᠰᠤᠷᠭᠠᠭᠤᠯᠢ ᠶᠢᠨ ᠬᠤᠭᠤᠯᠠᠨ ᠭᠡᠷ ᠲᠤ ᠭᠦᠨᠵᠡᠭᠡᠶᠢᠷᠡᠨ᠂ ᠰᠤᠷᠭᠠᠭᠤᠯᠢ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠤ ᠬᠠᠷᠢᠭᠤᠴᠠᠯᠭᠠᠲᠠᠤᠨ ᠢ ᠬᠤᠭᠤᠯᠠᠨ ᠭᠡᠷ ᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠪᠡᠷ ᠤᠨ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠪᠣᠭᠤᠮᠲᠠ ᠶᠢ ᠴᠠᠭ ᠢᠮᠠᠭᠲᠠ ᠴᠢᠩᠭ᠎ᠠ ᠰᠠᠬᠢᠨ᠂ ᠡᠯ᠎ᠡ ᠵᠦᠢᠯ ᠤᠨ ᠬᠤᠭᠤᠴᠠᠭ᠎ᠠ ᠬᠡᠲᠦᠷᠡᠭᠰᠡᠨ ᠢᠳᠡᠭᠡᠨ᠂ ᠠᠮᠤᠷ ᠲᠦᠪᠰᠢᠨ ᠪᠤᠰᠤ ᠢᠳᠡᠭᠡᠨ ᠢ ᠬᠤᠭᠤᠯᠠᠨ ᠰᠢᠷᠡᠭᠡᠨ ᠳᠤ ᠣᠷᠣᠭᠤᠯᠬᠤ ᠶᠢ ᠡᠷᠡᠰ ᠬᠤᠷᠢᠭᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ︽ᠬᠠᠯᠬᠠᠪᠴᠢ ᠬᠡᠷᠡᠮ︾ ᠢ ᠦᠨᠡᠨᠬᠦ ᠪᠠᠬᠢᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
凝聚多方合力,检察官开展校园安全大排查 22.jpg
    ᠬᠤᠶᠡᠷ ᠲᠤ᠂ ᠭᠠᠯ ᠰᠡᠷᠬᠡᠶᠢᠯᠡᠬᠦ ᠠᠮᠤᠷ ᠲᠦᠪᠰᠢᠨ ᠤ ᠬᠠᠮᠠᠭᠠᠯᠠᠯᠳᠠ ᠪᠠᠨ ᠴᠢᠩᠭᠠᠤᠨᠬᠠᠵᠦ᠂ ᠰᠤᠷᠭᠠᠭᠤᠯᠢ ᠶᠢᠨ ᠬᠦᠷᠢᠶᠡᠨ ᠤ ︽ᠰᠡᠷᠭᠡᠶᠢᠯᠡᠯᠲᠡ ᠶᠢᠨ ᠬᠡᠷᠡᠮ︾ ᠢ ᠪᠠᠲᠤ ᠪᠠᠬᠢ ᠴᠣᠭᠴᠠᠯᠠᠪᠠ᠃ ᠪᠠᠶᠢᠴᠠᠭᠠᠬᠤ ᠳᠤᠭᠤᠶᠢᠯᠠᠩ ᠨᠢ ᠰᠤᠷᠭᠠᠭᠤᠯᠢ ᠶᠢᠨ ᠬᠦᠷᠢᠶᠡᠨ ᠤ ᠵᠢᠭᠠᠨ ᠰᠤᠷᠭᠠᠬᠤ ᠠᠰᠠᠷ᠂ ᠪᠠᠶᠢᠷᠢ ᠶᠢᠨ ᠭᠡᠷ ᠵᠡᠷᠭᠡ ᠬᠦᠮᠦᠰ ᠤᠯᠠᠨ ᠴᠤᠭᠯᠠᠷᠠᠬᠤ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠪᠡ᠃ ᠭᠠᠯ ᠤᠨᠲᠠᠷᠠᠭᠠᠭᠤᠷ᠂ ᠭᠠᠯ ᠤᠨᠲᠠᠷᠠᠭᠠᠭᠤᠯ ᠢ ᠤᠭᠰᠠᠷᠠᠵᠦ ᠪᠠᠶᠢᠭ᠎ᠠ ᠬᠠᠶᠢᠷᠴᠠᠭ ᠵᠡᠷᠭᠡ ᠭᠠᠯ ᠤᠨᠲᠠᠷᠠᠭᠠᠬᠤ ᠲᠦᠬᠦᠬᠡᠷᠤᠮᠵᠢ ᠶᠢ ᠪᠥᠬᠦ ᠲᠠᠯ᠎ᠠ ᠪᠠᠷ ᠪᠠᠶᠢᠴᠠᠭᠠᠵᠤ᠂ ᠭᠠᠯ ᠤᠨᠲᠠᠷᠠᠭᠠᠬᠤ ᠵᠠᠮ ᠢ ᠰᠠᠭᠠᠳ ᠥᠬᠡᠶ ᠨᠡᠪᠲᠡᠷᠡᠭᠦᠯᠵᠦ ᠪᠠᠶᠢᠭ᠎ᠠ ᠪᠠᠶᠢᠳᠠᠯ ᠢ ᠵᠢᠭᠰᠠᠭᠠᠨ ᠪᠠᠶᠢᠴᠠᠭᠠᠵᠤ᠂ ᠬᠡᠰᠡᠭ ᠰᠤᠷᠭᠠᠭᠤᠯᠢ ᠶᠢᠨ ᠭᠠᠯ ᠤᠨᠲᠠᠷᠠᠭᠠᠬᠤ ᠲᠦᠬᠦᠬᠡᠷᠤᠮᠵᠢ ᠬᠠᠭᠤᠴᠢᠷᠠᠭᠰᠠᠨ᠂ ᠭᠠᠯ ᠤᠨᠲᠠᠷᠠᠭᠠᠬᠤ ᠵᠠᠮ ᠱᠤᠭᠤᠮ ᠤᠨ ᠲᠡᠮᠳᠡᠭ ᠲᠣᠳᠣᠷᠬᠠᠶ ᠥᠬᠡᠶ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠮᠥᠷᠳᠡᠨ ᠬᠢᠨᠠᠯᠲᠠ ᠲᠠᠯᠪᠢᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠬᠢᠵᠠᠭᠠᠷ ᠪᠠ ᠬᠠᠷᠢᠭᠤᠴᠠᠯᠭᠠᠲᠠᠨ ᠢ ᠲᠣᠳᠣᠷᠬᠠᠶᠢᠯᠠᠨ᠂ ᠰᠤᠷᠭᠠᠭᠤᠯᠢ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠦᠨᠡᠨᠬᠦ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃
凝聚多方合力,检察官开展校园安全大排查 33.jpg
    ᠭᠤᠷᠪᠠ ᠳᠤ᠂ ᠠᠮᠤᠷ ᠲᠦᠪᠰᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ     ︽ᠬᠠᠮᠠᠭᠠᠯᠠᠯᠲᠠ ᠶᠢᠨ ᠲᠣᠤᠷ︾ ᠢ ᠨᠢᠭᠲᠠ ᠪᠠᠶᠢᠭᠤᠯᠪᠠ᠃ ᠪᠠᠶᠢᠴᠠᠭᠠᠬᠤ ᠳᠤᠭᠤᠶᠢᠯᠠᠩ ᠠᠴᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠣᠷᠴᠢᠨ ᠲᠣᠭᠤᠷᠢᠨ ᠢ ᠵᠢᠭᠰᠠᠭᠠᠨ ᠪᠠᠶᠢᠴᠠᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ᠂ ᠡᠭᠦᠨ ᠳᠤ᠂ ᠠᠮᠤᠷ ᠢ ᠬᠠᠮᠠᠭᠠᠯᠠᠬᠤ ᠠᠵᠢᠯᠲᠠᠨ ᠢ ᠳᠣᠭᠢᠷᠠᠭᠤᠯᠬᠤ᠂ ᠲᠣᠨᠤᠭ ᠲᠥᠬᠦᠭᠡᠷᠦᠮᠵᠢ ᠶᠢ ᠬᠢᠨᠠᠨ ᠡᠵᠡᠮᠳᠡᠬᠦ ᠵᠡᠷᠭᠡ ᠪᠠᠭᠲᠠᠨ᠎ᠠ᠂ ᠲᠣᠰ ᠤᠳᠠᠭᠠᠨ ᠤ ᠪᠠᠶᠢᠴᠠᠭᠠᠯᠲᠠ ᠳᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠥᠷᠭᠡᠨ ᠣᠯᠠᠨ ᠪᠠᠭᠰᠢ ᠰᠣᠷᠣᠭᠴᠢ᠂ ᠬᠡᠷ ᠤᠨ ᠠᠬᠠᠮᠠᠳ ᠤᠨ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠠᠭᠰᠢ ᠰᠣᠷᠣᠭᠴᠢ ᠳᠤ ᠠᠮᠤᠷ ᠲᠦᠪᠰᠢᠨ ᠡᠮᠬᠢ ᠵᠢᠷᠤᠮ ᠲᠠᠢ ᠰᠤᠷᠤᠯᠴᠠᠬᠤ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃
凝聚多方合力,检察官开展校园安全大排查 44.jpg
    ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠶᠢᠨ ᠠᠵᠢᠯᠯᠠᠭ᠎ᠠ ᠳᠤ᠂ ᠡᠯ᠎ᠡ ᠰᠠᠯᠠᠭ᠎ᠠ ᠮᠥᠴᠢᠷ ᠬᠠᠮᠵᠢᠯᠴᠠᠨ ᠠᠵᠢᠯᠯᠠᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠠᠰᠠᠭᠤᠳᠠᠯ ᠢ ᠲᠡᠷᠡ ᠳᠠᠷᠤᠶ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠰᠢᠶᠳᠪᠦᠷᠢᠯᠡᠪᠡ᠃ ᠣᠬᠤᠷ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠳᠤ ᠬᠦᠴᠢᠷᠲᠡᠶ ᠪᠠᠶᠢᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠴᠢᠭᠯᠡᠯ ᠪᠠ ᠬᠠᠷᠢᠭᠤᠴᠠᠯᠭ᠎ᠠ ᠶᠢᠨ ᠪᠡᠶᠡᠴᠢ ᠴᠣᠭᠴᠠ ᠶᠢ ᠨᠢᠭᠡᠨᠲᠡ ᠲᠣᠳᠣᠷᠬᠠᠶ ᠲᠣᠭᠲᠠᠭᠠᠪᠠ᠃ ᠵᠠᠯᠭᠠᠭᠠᠳ᠂ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠠᠶᠢᠴᠠᠭᠠᠬᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠭᠦᠶᠴᠡᠳ ᠪᠠᠳᠠᠷᠠᠭᠤᠯᠤᠨ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠷᠭᠦᠯᠵᠢᠯᠡᠨ ᠮᠥᠷᠳᠡᠵᠦ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠬᠤ ᠶᠢ ᠰᠢᠮᠳᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠪᠠᠶᠢᠴᠠᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠰᠤᠷᠭᠠᠭᠤᠯᠢ ᠶᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠶᠴᠡᠳᠬᠡᠭᠦᠯᠵᠦ᠂ ᠬᠢᠨᠠᠯᠲᠠ ᠲᠠᠯᠪᠢᠬᠤ ᠪᠢᠲᠡᠭᠦᠦ ᠴᠠᠭᠠᠷᠢᠭ ᠢ ᠪᠦᠷᠢᠯᠳᠦᠭᠦᠯᠦᠨ᠎ᠡ᠃ ᠡᠭᠦᠨ ᠤ ᠬᠠᠮᠲᠤ᠂ ᠡᠯ᠎ᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠲᠠ ᠪᠠ ᠣᠯᠠᠨ ᠲᠦᠮᠡᠨ ᠲᠠᠢ ᠣᠶᠢᠷᠠᠳᠤᠭᠰᠠᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠤᠨ᠂ ᠪᠠᠭᠰᠢ ᠰᠤᠷᠤᠭᠴᠢᠳ ᠤᠨ ᠠᠮᠤᠷ ᠲᠦᠪᠰᠢᠨ ᠪᠠ ᠡᠷᠡᠭᠦᠯ ᠮᠡᠨᠳᠦ ᠶᠢ ᠬᠠᠮᠠᠭᠠᠯᠠᠵᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠬᠠᠮᠲᠤ ᠪᠠᠷ ᠪᠠᠶᠢᠭᠤᠯᠤᠨ᠎ᠠ᠃
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ