ᠣᠷᠠᠳ ᠤᠨ ᠳᠣᠮᠳᠠᠳᠣ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ ᠪᠥᠬᠦ ᠣᠷᠣᠨ ᠤ ︽ᠭᠤᠷᠪᠠᠨ ᠣᠷᠣᠨ︾ ᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢᠨ ᠪᠣᠯᠪᠠᠰᠤᠷᠠᠯ ᠤᠨ ᠠᠩᠭᠢ ᠳᠤ ᠣᠷᠣᠯᠴᠠᠭᠤᠯᠪᠠ
ᠨᠡᠶᠢᠲᠡᠯᠡᠭᠰᠡᠨ ᠴᠠᠭ᠄
2025/3/6
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠭᠤᠷᠪᠠᠨ ᠣᠷᠣᠨ︾ ᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢᠨ ᠪᠣᠯᠪᠠᠰᠤᠷᠠᠯ ᠤᠨ ᠡᠭᠦᠷᠭᠡ ᠱᠠᠭᠠᠷᠳᠠᠯᠭ᠎ᠠ ᠶᠣᠰᠣᠭᠠᠷ᠂ 2 ᠰᠠᠷ᠎ᠠ ᠶᠢᠨ 24 ᠤ ᠡᠳᠦᠷ ᠠᠴᠠ 28 ᠤ ᠡᠳᠦᠷ ᠪᠣᠯᠲᠠᠯ᠎ᠠ᠂ ᠤᠷᠠᠳ ᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ 6 ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠬᠥᠬᠡᠬᠤᠲᠠ ᠳᠤ ᠡᠷᠭᠢᠯᠡᠭᠰᠡᠨ 2024 ᠣᠨ ᠤ ᠭᠤᠷᠪᠠᠳᠤᠭᠠᠷ ᠬᠤᠭᠤᠴᠠᠭᠠᠨ ᠤ ︽ᠭᠤᠷᠪᠠᠨ ᠣᠷᠣᠨ︾ ᠤ ᠣᠷᠣᠨ ᠨᠤᠲᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠳᠤ ᠣᠷᠣᠯᠴᠠᠭᠤᠯᠪᠠ ᠃ ᠲᠣᠰ ᠤᠳᠠᠭᠠᠨ ᠤ ᠪᠣᠯᠪᠠᠰᠤᠷᠠᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ ᠳᠠᠭᠠᠭᠠᠴᠢᠯᠠᠨ ᠡᠷᠭᠢᠯᠡᠪᠡ᠃ ᠪᠣᠯᠪᠠᠰᠤᠷᠠᠯ ᠤᠨ ᠠᠩᠭᠢ  ᠨᠢ ︽ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠬᠤᠭᠤᠴᠠᠭᠠᠨ ᠤ ᠰᠢᠪᠲᠤᠯᠤᠯᠲᠠ ᠶᠢ ᠴᠢᠩᠭ᠎ᠠ ᠠᠳᠬᠤᠵᠤ ᠬᠠᠪᠤᠷ ᠤᠨ ᠬᠡᠳᠡᠷᠬᠦ ᠬᠦᠢᠲᠡᠨ ᠤ ᠮᠡᠷᠭᠡᠵᠢᠯ ᠤᠨ ᠪᠣᠭᠤᠮᠲᠠ ᠶᠢ ᠰᠢᠪᠲᠤᠯᠬᠤ︾ ᠪᠠᠷ ᠭᠤᠤᠯ ᠰᠡᠳᠦᠪ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠪᠣᠯᠪᠠᠰᠤᠷᠠᠯ ᠤᠨ ᠠᠭᠤᠯᠭ᠎ᠠ ᠨᠢ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ᠂ ᠪᠦᠲᠦᠭᠡᠭᠳᠡᠬᠦᠨ ᠢ ᠪᠣᠯᠪᠠᠰᠣᠷᠠᠭᠤᠯᠬᠤ ᠂ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠪᠠ ᠰᠢᠨ᠎ᠡ ᠶᠢ ᠡᠭᠦᠳᠦᠨ ᠠᠵᠢᠯ ᠦᠢᠯᠡᠰ ᠴᠣᠭᠴᠠᠯᠠᠬᠤ ᠵᠡᠷᠭᠡ ᠶᠢᠨ ᠲᠣᠭᠤᠷᠢᠨ ᠳᠤ ᠶᠠᠪᠤᠭᠳᠠᠪᠠ᠃ ᠪᠣᠯᠪᠠᠰᠣᠷᠠᠯ ᠳᠤ ᠣᠨᠣᠯ ᠤᠨ ᠬᠢᠴᠢᠶᠡᠯ᠂ ᠰᠣᠯᠢᠯᠴᠠᠵᠤ ᠰᠤᠳᠤᠯᠤᠨ ᠶᠠᠷᠢᠯᠴᠠᠬᠤ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ ᠵᠡᠷᠭᠡ ᠭᠤᠭᠴᠤᠭ᠎ᠠ ᠪᠠᠭᠲᠠᠪᠠ᠃ ᠲᠤᠬᠠᠢ ᠶᠢᠨ ᠲᠠᠯᠠᠪᠣᠷ ᠤᠨ ᠵᠢᠭᠠᠨ ᠰᠤᠷᠭᠠᠯᠲᠠ ᠶᠢᠨ ᠭᠤᠭᠴᠤᠭ᠎ᠠ ᠳᠤ᠂ ᠰᠤᠷᠤᠯᠴᠠᠭᠰᠠᠳ ᠥᠪᠥᠷ ᠮᠣᠩᠭᠤᠯ ᠤᠨ ᠰᠠᠶᠢᠨ ᠡᠭᠦᠯᠳᠡᠷ ᠤᠨ ᠬᠤᠨᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠦᠩ ᠵᠢᠶᠠ ᠲᠠᠷᠢᠶᠠᠯᠠᠩ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠲᠣᠭᠤᠷᠢᠨ ᠦᠵᠡᠵᠦ ᠰᠤᠷᠤᠯᠴᠠᠪᠠ᠃ ᠲᠣᠰ ᠤᠳᠠᠭᠠᠨ ᠤ ᠪᠣᠯᠪᠠᠰᠤᠷᠠᠯ ᠨᠢ ᠣᠨᠣᠯ ᠤᠨ ᠵᠢᠯᠣᠭᠤᠳᠤᠯᠭ᠎ᠠ ᠲᠠᠢ ᠪᠠᠶᠢᠬᠤ ᠪᠠᠷ ᠪᠠᠷᠠᠬᠤ ᠥᠬᠡᠶ᠂ ᠪᠠᠰᠠ ᠲᠤᠬᠠᠶ ᠶᠢᠨ ᠲᠠᠯᠠᠪᠤᠷ  ᠲᠤ ᠶᠠᠷᠢᠯᠴᠠᠨ ᠰᠣᠯᠢᠯᠴᠠᠵᠤ᠂ ᠥᠷᠭᠡᠨ ᠣᠯᠠᠨ ᠰᠤᠷᠤᠭᠴᠢᠳ ᠤᠨ ᠰᠤᠷᠤᠯᠴᠠᠬᠤ ᠬᠠᠯᠠᠭᠤᠨ ᠰᠡᠳᠬᠢᠯᠭᠡ ᠶᠢ ᠭᠦᠢᠴᠡᠳ ᠳᠠᠶᠢᠴᠢᠯᠠᠭᠰᠠᠨ ᠪᠠᠶᠢᠨ᠎ᠠ᠃ ᠪᠣᠯᠪᠠᠰᠣᠷᠠᠯ ᠳᠤ ᠣᠷᠣᠯᠴᠠᠭᠰᠠᠨ ᠰᠤᠷᠤᠭᠴᠢᠳ᠂ ᠲᠤᠰᠬᠠᠶ ᠮᠡᠷᠭᠡᠵᠢᠯᠲᠡᠳ ᠣᠨᠣᠯ ᠤᠨ ᠪᠣᠯᠪᠠᠰᠤᠷᠠᠯ᠂ ᠬᠡᠷᠡᠭ ᠤᠨ ᠵᠢᠱᠢᠶ᠎ᠡ ᠂ ᠲᠣᠬᠠᠢ ᠶᠢᠨ ᠲᠠᠯᠠᠪᠣᠷ ᠤᠨ ᠶᠠᠷᠢᠯᠴᠠᠨ ᠰᠣᠯᠢᠯᠴᠠᠬᠤ ᠪᠠᠷ ᠳᠠᠮᠵᠢᠭᠤᠯᠤᠨ ᠰᠣᠷᠣᠭᠴᠢᠳ ᠤᠨ ᠬᠠᠷᠠᠭ᠎ᠠ ᠶᠢ ᠦᠷᠭᠡᠳᠬᠡᠨ  ᠮᠡᠳᠡᠯᠭᠡ ᠶᠢ ᠨᠡᠮᠡᠭᠳᠡᠭᠦᠯᠦᠭᠰᠡᠨ ᠪᠠᠶᠢᠨ᠎ᠠ᠂ ᠪᠢᠳᠡ ᠶᠡᠭᠡ ᠣᠯᠣᠯᠲᠠ ᠲᠠᠢ ᠪᠠᠶᠢᠵᠣ᠂ ᠪᠦᠭᠡᠳ ᠲᠣᠰ ᠲᠣᠰ ᠤᠨ ᠠᠵᠢᠯ ᠤᠨ ᠪᠠᠶᠢᠷᠢ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠯᠪᠠᠰᠣᠷᠠᠯ ᠤᠨ ᠠᠭᠤᠯᠭ᠎ᠠ ᠶᠢ ᠨᠠᠷᠢᠨ ᠬᠢᠨᠠᠮᠠᠭᠠᠶ ᠰᠢᠩᠭᠡᠭᠡᠨ ᠠᠪᠴᠤ᠂ ᠣᠨᠣᠯ ᠤᠨ ᠮᠡᠳᠡᠯᠭᠡ ᠶᠢ ᠦᠢᠯᠡᠳᠪᠦᠷᠢᠯᠡᠯ ᠤᠨ ᠦᠢᠯᠡᠳᠦᠯᠭᠡ ᠳᠤᠮᠳᠠ ᠬᠤᠪᠢᠷᠠᠭᠤᠯᠤᠨ ᠬᠡᠷᠡᠭᠯᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠦᠢᠯᠡᠴᠢᠯᠡᠵᠦ᠂ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠢᠶᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠵᠡᠭᠡᠪᠡ᠃ 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ