ᠵᠠᠰᠠᠭ ᠤᠨ ᠣᠷᠳᠣᠨ ᠤ ᠲᠤᠮᠤ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2025/4/1
    1 ᠰᠠᠷ᠎ᠠ ᠶᠢᠨ 2  ᠤᠨ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ  ᠬᠤᠷᠠᠯᠳᠤᠵᠠᠶ᠃     ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠵᠢᠩ ᠰᠢᠶᠠᠩ ᠠᠩᠬᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠬᠦ ᠶᠢᠨ ᠬᠠᠮᠲᠤ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠤᠷᠠᠯ ᠳᠤ ᠠᠵᠢᠯ ᠤᠨ ᠮᠡᠳᠡᠭᠦᠯᠦᠯᠲᠡ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠰᠦᠨ ᡁᠢ ᠴᠦᠨ ᠬᠤᠷᠠᠯ ᠳᠤ ᠣᠷᠣᠯᠴᠠᠪᠠ᠃ ᠡᠨᠡ ᠤᠳᠠᠭᠠᠨ ᠤ ᠪᠥᠬᠦᠳᠡ ᠬᠤᠷᠠᠯ ᠤᠨ ᠭᠤᠤᠯ ᠡᠭᠦᠷᠭᠡ ᠪᠣᠯ᠄ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ 2024 ᠣᠨ ᠤ ᠠᠵᠢᠯ ᠢ ᠳ᠋ᠦᠩᠨᠡᠵᠦ᠂ 2025 ᠣᠨ ᠤ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃ 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ