ᠲᠤᠭᠤᠷᠢᠨ ᠪᠠᠶᠢᠴᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2025/4/1
   ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ ︾  ᠤᠨ ᠲᠣᠭᠲᠠᠭᠠᠯ ᠢ ᠦᠨᠳᠦᠰᠦᠯᠡᠨ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2025 ᠣᠨ ᠤ 3 ᠰᠠᠷ᠎ᠠ ᠶᠢᠨ 24  ᠤ ᠡᠳᠦᠷ ᠠᠴᠠ 5 ᠰᠠᠷ᠎ᠠ ᠶᠢᠨ 30  ᠤ ᠡᠳᠦᠷ ᠪᠣᠯᠲᠠᠯ᠎ᠠ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠤᠷᠠᠳ ᠤᠨ ᠳᠤᠮᠳᠠᠳᠤ ᠬᠤᠰᠢᠭᠤᠨ ᠤ ᠳᠤᠭᠤᠶᠢᠯᠠᠩ ᠠᠴᠠ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠯᠠ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ᠂ ᠡᠮᠴᠢᠯᠡᠭᠡᠨ  ᠤ  ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ᠂ ᠨᠠᠰᠤᠵᠢᠯ ᠤᠨ ᠠᠰᠠᠷᠠᠮᠵᠢ ᠳᠤ ᠬᠤᠯᠪᠤᠭᠳᠠᠬᠤ ᠪᠠᠯᠠ ᠮᠥᠩᠭᠦ ᠶᠢᠨ ᠬᠠᠮᠢᠶᠠᠷᠤᠯᠲᠠ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠳᠤ ᠲᠤᠰᠬᠠᠶ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ᠃    ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ᠂ ᠨᠠᠰᠤᠵᠢᠯ ᠤᠨ ᠦᠢᠯᠡᠴᠢᠯᠡᠭᠡ ᠵᠡᠷᠭᠡ ᠬᠦᠷᠢᠶᠡᠨ ᠳᠠᠬᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ 2025 ᠣᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠤᠨ ᠵᠠᠰᠠᠭ ᠤᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ ᠨᠥᠬᠦᠪᠥᠷᠢ ᠮᠥᠩᠭᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠪᠠᠯᠠ ᠮᠥᠩᠭᠦ᠂ ᠰᠤᠮᠤ ᠰᠢᠶᠠᠩ ᠪᠠᠯᠭᠠᠰᠤᠨ ᠤ ᠡᠳ᠋ ᠤᠨ ᠵᠠᠰᠠᠭ ᠤᠨ ᠪᠠᠯᠠ ᠮᠥᠩᠭᠦ ᠶᠢ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ ᠵᠢᠴᠢ ᠬᠢᠨᠠᠯᠲᠠ ᠬᠠᠮᠢᠶᠠᠷᠤᠯᠲᠠ ᠨᠢ ᠬᠦᠴᠦᠨ ᠥᠬᠡᠶ ᠠᠴᠠ ᠪᠣᠯᠵᠣ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ᠂ ᠨᠠᠰᠤᠵᠢᠯ ᠤᠨ ᠠᠰᠠᠷᠠᠮᠵᠢ ᠶᠢᠨ ᠨᠡᠷ᠎ᠡ ᠪᠠᠷ ᠬᠠᠤᠯᠢ ᠪᠤᠰᠤ ᠪᠠᠷ ᠪᠠᠯᠠ ᠮᠥᠩᠭᠦ ᠴᠤᠭᠯᠠᠭᠤᠯᠤᠭᠰᠠᠨ ᠵᠡᠷᠭᠡ ᠲᠣᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠠᠩᠬᠠᠷᠴᠤ᠂ ᠨᠠᠮ ᠤᠨ ᠭᠡᠰᠢᠭᠦᠨ ᠺᠠᠳ᠋ᠷᠴᠤᠳ᠂ ᠠᠯᠪᠠᠨ ᠲᠤᠰᠢᠶᠠᠯᠲᠠᠨ ᠠᠵᠢᠯ ᠤᠨ ᠳᠤᠮᠳᠠ ᠪᠠᠨ ᠡᠷᠬᠡ ᠪᠠᠨ ᠠᠰᠢᠭᠯᠠᠨ ᠠᠮᠢ ᠪᠠᠨ ᠪᠣᠷᠳᠣᠭᠰᠠᠨ᠂ ᠱᠠᠮᠰᠢᠨ ᠡᠵᠡᠯᠡᠭᠰᠡᠨ᠂ ᠳᠤᠮᠳᠠ ᠠᠴᠠ ᠨᠢ ᠦᠯᠡᠳᠡᠭᠡᠵᠦ ᠨᠡᠭᠦᠯᠭᠡᠨ ᠬᠡᠷᠡᠭᠯᠡᠭᠰᠡᠨ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠤᠭᠰᠠᠨ᠂ ᠬᠡᠭᠡᠯᠢ ᠬᠠᠭ᠋ᠤᠯᠢ ᠢᠳᠡᠵᠤ ᠭᠠᠴᠢᠵᠤ ᠬᠢᠬᠠᠬᠤ ᠵᠡᠷᠭᠡ ᠤᠯᠤᠰ ᠲᠥᠷᠥ ᠶᠢᠨ ᠰᠠᠬᠢᠯᠭ᠎ᠠ ᠪᠠᠲᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠂ ᠵᠤᠬᠢᠶᠠᠨ ᠪᠠᠶᠢᠭᠤᠯᠤᠯᠳᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠤᠨ ᠠᠮᠢᠳᠤᠷᠠᠯ ᠤᠨ ᠰᠠᠬᠢᠯᠭ᠎ᠠ ᠪᠠᠲᠤ ᠶᠢ ᠵᠦᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠳᠡ ᠪᠠ ᠲᠤᠰᠬᠠᠯ ᠢ ᠭᠤᠤᠯᠳᠠᠯᠭ᠎ᠠ ᠲᠠᠢ ᠠᠩᠬᠠᠷᠤᠨ᠎ᠠ᠃ ᠲᠤᠭᠤᠷᠢᠨ ᠪᠠᠶᠢᠴᠠᠭᠠᠯᠳᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠦᠯᠦ ᠬᠠᠷᠢᠶᠠᠯᠠᠭᠳᠠᠬᠤ ᠪᠤᠰᠤᠳ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃    ᠲᠣᠭᠤᠷᠢᠨ ᠪᠠᠶᠢᠴᠠᠭᠠᠬᠤ ᠬᠤᠭᠤᠴᠠᠭᠠᠨ ᠳᠤ ᠵᠠᠬᠢᠳᠠᠯ ᠰᠤᠷᠪᠤᠯᠵᠢᠯᠠᠯ ᠤᠨ ᠵᠢᠵᠢᠬᠦᠷᠯᠡᠬᠦ ᠤᠲᠠᠰᠤ ᠲᠣᠬᠢᠷᠠᠭᠤᠯᠪᠠ ᠄    18904780394 ︵ᠬᠦᠯᠢᠶᠡᠨ ᠠᠪᠬᠤ ᠴᠠᠭ ᠬᠤᠭᠤᠴᠠᠭ᠎ᠠ᠄ 3 ᠰᠠᠷ᠎ᠠ ᠶᠢᠨ 24 ᠤ ᠡᠳᠦᠷ ᠠᠴᠠ 5 ᠰᠠᠷ᠎ᠠ ᠶᠢᠨ 25 ᠤ ᠡᠳᠦᠷ ᠬᠦᠷᠳᠡᠯ᠎ᠡ ᠂ ᠥᠷᠯᠥᠭᠡ ᠶᠢᠨ 9 ᠴᠠᠭ ᠠᠴᠠ ᠣᠷᠣᠶ ᠶᠢᠨ 18 ᠴᠠᠭ  ︶︔    ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ ᠭᠠᠵᠠᠷ ᠄ ᠤᠷᠠᠳ ᠤᠨ ᠳᠤᠮᠳᠠᠳᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ ᠲᠢᠩᠬᠢᠮ ︔    ᠢᠮᠧᠯ᠄ wzqwxcsz2022@sina.com ︔    ᠰᠠᠨᠠᠯ ᠬᠤᠷᠢᠶᠠᠬᠤ ᠬᠠᠶᠢᠷᠴᠠᠭ ᠢ ᠳᠣᠭᠢᠷᠠᠭᠤᠯᠤᠭᠰᠠᠨ ᠭᠠᠵᠠᠷ ᠄ ᠨᠠᠮ ᠵᠠᠰᠠᠭ ᠤᠨ ᠶᠡᠷᠦᠩᠬᠡᠶᠢᠯᠡᠭᠰᠡᠨ ᠲᠣᠮᠣ ᠠᠰᠠᠷ ᠤᠨ ᠨᠢᠭᠡᠳᠦᠭᠡᠷ ᠲᠠᠪᠬᠤᠷᠭ᠎ᠠ ᠶᠢᠨ ᠭᠤᠤᠯ ᠡᠭᠦᠳᠡᠨ ᠤ ᠵᠡᠭᠦᠨ ᠲᠠᠯ᠎ᠠ ᠶᠢᠨ ᠠᠯᠪᠠᠨ ᠵᠠᠷ ᠤᠨ ᠪᠤᠯᠤᠩ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠡᠭᠦᠳᠡᠨ ᠤ ᠪᠠᠷᠠᠭᠤᠨ ᠲᠠᠯ᠎ᠠ᠂ ᠬᠠᠩᠭᠠᠨ ᠪᠣᠷᠣᠯᠠᠭᠤᠯᠬᠤ ᠲᠣᠮᠣ ᠠᠰᠠᠷ ᠤᠨ ᠶᠢᠨ ᠽᠤᠸᠠᠨ ᠬᠤᠳᠠᠯᠳᠤᠭᠠᠨ ᠤ ᠠᠰᠠᠷ ᠤᠨ ᠭᠤᠤᠯ ᠡᠭᠦᠳᠡᠨ ᠤ ᠤᠷᠤᠴᠠ᠂ ᠲᠠᠯ ᠠᠭᠤᠯᠠ ᠪᠠᠯᠭᠠᠰᠤᠨ ᠤ ᠵᠠᠰᠠᠭ ᠤᠨ ᠣᠷᠳᠣᠨ ᠤ ᠠᠯᠪᠠᠨ ᠪᠠᠶᠢᠭᠤᠯᠭ᠎ᠠ ᠶᠢᠨ ᠡᠭᠦᠳᠡᠨ ᠤ ᠵᠡᠭᠦᠨ ᠲᠠᠯ᠎ᠠ ᠳᠤ ᠰᠠᠨᠠᠯ ᠬᠤᠷᠢᠶᠠᠬᠤ ᠬᠠᠶᠢᠷᠴᠠᠭ ᠲᠣᠬᠢᠷᠠᠭᠤᠯᠪᠠ᠃    ᠥᠷᠭᠡᠨ ᠤᠯᠠᠨ ᠺᠠᠳ᠋ᠷ ᠤᠯᠠᠨ ᠲᠦᠮᠡᠨ ᠤ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ  ᠪᠠᠷ ᠢᠷᠡᠬᠦ ᠵᠡᠷᠭᠡ ᠠᠷᠭ᠎ᠠ ᠬᠡᠯᠪᠡᠷᠢ ᠪᠠᠷ ᠲᠤᠭᠤᠷᠢᠨ ᠪᠠᠶᠢᠴᠠᠭᠠᠬᠤ ᠳᠤᠭᠤᠶᠢᠯᠠᠩ ᠳᠤ ᠪᠠᠶᠢᠳᠠᠯ ᠢ ᠦᠨᠡᠨ ᠪᠤᠳᠠᠳᠠᠢ ᠪᠠᠷ ᠲᠤᠰᠬᠠᠬᠤ ᠶᠢᠨ ᠬᠠᠮᠲᠤ ᠲᠤᠭᠤᠷᠢᠨ ᠪᠠᠶᠢᠴᠠᠭᠠᠬᠤ ᠠᠵᠢᠯ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠨᠢᠭᠤᠴᠠ ᠶᠢ ᠬᠠᠮᠠᠭᠠᠯᠠᠬᠤ ᠠᠵᠢᠯ ᠢ ᠴᠢᠩᠭ᠎ᠠ ᠰᠠᠶᠢᠲᠤᠷ ᠬᠢᠨ᠎ᠠ᠃                              ᠲᠠᠪᠤᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠤᠰᠬᠠᠶ                              ᠲᠣᠭᠤᠷᠢᠨ ᠪᠠᠶᠢᠴᠠᠭᠠᠬᠤ ᠳᠤᠭᠤᠶᠢᠯᠠᠩ ᠤᠨ ᠤᠷᠠᠳ ᠤᠨ ᠳᠤᠮᠳᠠᠳᠤ ᠬᠤᠰᠢᠭᠤᠨ ᠤ ᠳᠤᠭᠤᠶᠢᠯᠠᠩ                                            2025 ᠣᠨ ᠤ 3 ᠰᠠᠷ᠎ᠠ ᠶᠢᠨ 24 ᠤ ᠡᠳᠦᠷ 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ