| ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠠᠷᠠᠳ ᠤᠨ ᠵᠢᠭᠡᠯᠡᠯᠭᠡ ᠶᠢᠨ ᠦᠢᠯᠡ ᠠᠵᠢᠯᠯᠠᠭ᠎ᠠ ᠤᠯᠠᠮ ᠠᠴᠠ ᠤᠯᠠᠮ ᠨᠡᠶᠢᠳᠡᠮ ᠪᠣᠯᠵᠤ᠂ | ᠠᠷᠠᠳ ᠤᠨ ᠬᠤᠭᠤᠷᠣᠨᠳᠣᠬᠢ ᠵᠢᠭᠡᠯᠡᠯᠭᠡ ᠨᠢ ᠵᠢᠭᠡᠯᠡᠯᠭᠡ ᠶᠢᠨ ᠬᠤᠶᠠᠷ ᠲᠠᠯ᠎ᠠ ᠶᠢᠨ ᠢᠲᠡᠭᠡᠮᠵᠢ ᠶᠢᠨ ᠬᠠᠷᠢᠴᠠᠭ᠎ᠠ ᠳᠤ ᠰᠠᠭᠤᠷᠢᠯᠠᠵᠤ ᠶᠠᠪᠤᠭᠳᠠᠳᠠᠭ᠂ ᠬᠠᠷᠢᠨ | ᠪᠠᠲᠤᠯᠠᠭᠴᠢ ᠨᠢ ᠡᠶᠢᠮᠦᠷᠬᠦᠦ ᠢᠲᠡᠭᠡᠮᠵᠢ ᠶᠢᠨ ᠬᠠᠷᠢᠴᠠᠭᠠᠨ ᠤ ᠬᠥᠭᠦᠷᠭᠡ ᠪᠣᠯᠣᠭᠰᠠᠨ ᠪᠠᠶᠢᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠰᠢᠭᠦᠬᠦ ᠬᠤᠷᠢᠶ᠎ᠠ ᠠᠷᠠᠳ ᠤᠨ ᠵᠢᠭᠡᠯᠡᠯᠭᠡ ᠶᠢᠨ ᠬᠡᠷᠡᠭ ᠢ ᠵᠢᠯ ᠳᠠᠷᠠᠭᠠᠯᠠᠨ ᠬᠦᠯᠢᠶᠡᠨ ᠠᠪᠴᠤ ᠰᠢᠢᠳᠪᠦᠷᠢᠯᠡᠨ᠂ ᠦᠨᠡᠨ ᠳᠡᠭᠡᠨ | ᠦᠵᠡᠬᠦ ᠳᠤ ᠨᠥᠬᠦᠷᠰᠡᠭ ᠠᠷᠠᠳ ᠤᠨ ᠵᠢᠭᠡᠯᠡᠯᠭᠡ ᠶᠢᠨ ᠦᠢᠯᠡ ᠠᠵᠢᠯᠯᠠᠭ᠎ᠠ ᠳᠤ ᠮᠠᠰᠢ ᠶᠡᠭᠡ ᠠᠶᠤᠯ ᠲᠦᠭᠰᠢᠭᠦᠷᠢ ᠣᠷᠣᠰᠢᠵᠤ ᠪᠠᠢᠬᠤ ᠪᠥᠭᠡᠳ ᠡᠳᠡᠭᠡᠷ ᠠᠶᠤᠯ | ᠲᠦᠭᠰᠢᠭᠦᠷᠢ ᠶᠢ ᠠᠮᠠᠷᠬᠠᠨ ᠣᠮᠲᠣᠭᠠᠶᠢᠷᠠᠬᠤ ᠶᠤᠮ᠃ ᠡᠶᠢᠮᠦ ᠠᠴᠠ᠂ ᠵᠢᠭᠡᠯᠡᠭᠦᠯᠦᠭᠴᠢ᠂ ᠮᠥᠩᠭᠦ ᠵᠢᠭᠡᠯᠡᠭᠴᠢ ᠭᠡᠰᠡᠨ ᠦᠭᠡᠢ ᠪᠦᠷ ᠨᠢᠳᠦ ᠪᠠᠨ ᠠᠷᠴᠢᠵᠤ ᠪᠣᠯᠭᠤᠮᠵᠢᠲᠠᠢ | ᠬᠠᠨᠳᠤᠬᠤ ᠬᠡᠷᠡᠭᠲᠡᠢ᠃ | ᠸᠠᠩ ᠣᠪᠣᠭᠲᠤ ᠪᠣᠯᠤᠨ ᠯᠢ ᠣᠪᠣᠭᠲᠤ ᠪᠣᠯ ᠣᠯᠠᠨ ᠵᠢᠯ ᠤᠨ ᠰᠠᠶᠢᠨ ᠨᠠᠶᠢᠵᠠ᠂ ᠯᠢ ᠣᠪᠣᠭᠲᠤ ᠠᠷᠠᠯᠵᠢᠶ᠎ᠠ ᠮᠠᠶᠢᠮᠠᠢ ᠬᠢᠭᠰᠡᠨ ᠠᠴᠠ ᠭᠤᠣ ᠣᠪᠣᠭᠲᠤ ᠠᠴᠠ 10 | ᠲᠦᠮᠡᠨ ᠲᠥᠭᠦᠷᠢᠭ ᠵᠣᠭᠤᠰ ᠵᠢᠭᠡᠯᠡᠪᠡ᠃ ᠵᠢᠭᠡᠯᠡᠭᠦᠯᠦᠭᠰᠡᠨ ᠵᠢᠭᠡᠯᠡᠯᠭᠡ ᠶᠢᠨ ᠢᠲᠡᠭᠡᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠶᠢᠨ ᠲᠥᠯᠥᠭᠡ ᠯᠢ ᠣᠪᠣᠭᠲᠤ ᠸᠠᠩ | ᠣᠪᠣᠭᠲᠤ ᠳᠤ ᠪᠠᠲᠤᠯᠠᠭ᠎ᠠ ᠣᠯᠭᠤᠬᠤ ᠪᠠᠷ ᠭᠤᠶᠤᠴᠢᠯᠠᠪᠠ᠃ ᠸᠠᠩ ᠣᠪᠣᠭᠲᠤ ᠬᠤᠶᠠᠷ ᠲᠠᠯ᠎ᠠ ᠶᠢᠨ ᠬᠠᠷᠢᠴᠠᠭ᠎ᠠ ᠳᠣᠲᠣᠨᠣ ᠪᠠᠶᠢᠬᠤ ᠶᠢ ᠪᠣᠳᠣᠯᠬᠢᠯᠠᠭᠠᠳ ᠯᠢ ᠣᠪᠣᠭᠲᠤ | ᠶᠡᠷᠦ ᠨᠢ ᠢᠲᠡᠭᠡᠮᠵᠢ ᠰᠠᠶᠢᠨ ᠪᠠᠶᠢᠭᠰᠠᠨ ᠪᠣᠯᠬᠤᠷ ᠥᠴᠦᠬᠡᠨ ᠴᠦ ᠲᠠᠲᠠᠭᠠᠯᠵᠠᠯ ᠦᠭᠡᠢ ᠵᠥᠪᠰᠢᠶᠡᠷᠡᠪᠡ᠃ ᠭᠡᠲᠡᠯ᠎ᠡ᠂ ᠬᠡᠷᠡᠭ ᠶᠠᠪᠤᠳᠠᠯ ᠨᠢ ᠸᠠᠩ ᠣᠪᠣᠭᠲᠤ ᠶᠢᠨ | ᠵᠢᠱᠢᠭᠰᠡᠨ ᠰᠢᠭ ᠢᠶᠠᠷ ᠤᠷᠤᠭᠰᠢᠲᠠᠶ ᠦᠭᠡᠢ᠃ ᠯᠢ ᠣᠪᠣᠭᠲᠠᠨ ᠡᠵᠡᠩᠨᠡᠯᠲᠡ ᠮᠠᠭᠤ ᠠᠴᠠ ᠪᠣᠯᠵᠤ ᠵᠣᠭᠤᠰ ᠢᠶᠠᠨ ᠪᠤᠴᠠᠭᠠᠵᠤ ᠳᠡᠶᠢᠯᠬᠦ ᠦᠭᠡᠢ ᠪᠣᠯᠵᠠᠢ᠃ ᠠᠪᠴᠠᠭᠠᠳᠠᠨ | ᠭᠤᠤ ᠣᠪᠣᠭᠲᠤ ᠣᠯᠠᠨ ᠤᠳᠠᠭ᠎ᠠ ᠰᠢᠪᠠᠳᠠᠨ ᠠᠪᠴᠤ ᠳᠡᠶᠢᠯᠦᠭᠰᠡᠨ ᠦᠭᠡᠢ ᠯᠢ ᠣᠪᠣᠭᠲᠤ ᠪᠤᠯᠤᠨ ᠸᠠᠩ ᠣᠪᠣᠭᠲᠤ ᠶᠢ ᠰᠢᠭᠦᠬᠦ ᠬᠤᠷᠢᠶᠠᠨ ᠳᠤ ᠵᠠᠭᠠᠯᠳᠤᠪᠠ᠃ | ᠬᠡᠷᠡᠭ ᠢ ᠰᠢᠭᠦᠨ ᠰᠢᠢᠳᠪᠦᠷᠢᠯᠡᠬᠦ ᠶᠠᠪᠤᠴᠠ ᠳᠤ ᠬᠠᠤᠯᠢ ᠶᠢᠨ ᠲᠤᠰᠢᠶᠠᠯᠲᠠᠨ ᠲᠤᠬᠠᠢ ᠶᠢᠨ ᠬᠥᠮᠥᠨ ᠤ ᠲᠤᠰᠢᠶᠠᠭᠰᠠᠨ ᠵᠢᠭᠡᠯᠡᠭᠰᠡᠨ ᠵᠦᠢᠯ ᠵᠡᠷᠭᠡ ᠭᠡᠷᠡᠴᠢ ᠪᠠᠷᠢᠮᠲᠠ ᠶᠢᠨ | ᠮᠠᠲ᠋ᠧᠷᠢᠶᠠᠯ ᠵᠢᠴᠢ ᠲᠤᠬᠠᠢ ᠶᠢᠨ ᠬᠥᠮᠥᠨ ᠤ ᠲᠣᠭᠠᠴᠢᠯᠲᠠ ᠶᠢ ᠦᠨᠳᠦᠰᠦᠯᠡᠨ᠂ ᠬᠠᠤᠯᠢ ᠳᠤ ᠨᠡᠶᠢᠴᠡᠭᠰᠡᠨ ᠵᠢᠭᠡᠯᠡᠯᠭᠡ ᠶᠢᠨ ᠬᠠᠷᠢᠴᠠᠭ᠎ᠠ ᠶᠢ ᠬᠠᠤᠯᠢ ᠪᠠᠷ ᠬᠠᠮᠠᠭᠠᠯᠠᠨ᠎ᠠ᠃ | ᠳᠠᠭᠠᠭᠠᠯᠲᠠ ᠶᠢᠨ ᠬᠠᠷᠢᠭᠤᠴᠠᠯᠭ᠎ᠠ ᠶᠢᠨ ᠲᠤᠬᠠᠶ᠂ ᠵᠠᠭᠠᠯᠳᠤᠭᠳᠠᠭᠴᠢ ᠯᠢ ᠣᠪᠣᠭᠲᠤ ᠥᠭᠴᠡᠭᠡ ᠪᠠᠨ ᠲᠥᠯᠥᠵᠦ ᠳᠠᠭᠤᠰᠬᠠᠬᠤ ᠬᠡᠷᠡᠭᠲᠡᠶ᠂ ᠵᠠᠭᠠᠯᠳᠤᠭᠳᠠᠭᠴᠢ ᠸᠠᠩ | ᠣᠪᠣᠭᠲᠤ ᠪᠠᠲᠤᠯᠠᠨ ᠳᠠᠭᠠᠭᠠᠭᠴᠢ ᠪᠣᠯᠵᠤ᠂ ᠵᠣᠭᠤᠰ ᠵᠢᠭᠡᠯᠡᠬᠦ ᠪᠠᠲᠤᠯᠠᠭ᠎ᠠ ᠶᠢᠨ ᠠᠷᠭ᠎ᠠ ᠮᠠᠶ᠋ᠢᠭ ᠢᠶᠠᠨ ᠪᠣᠯᠵᠣᠨ ᠲᠣᠭᠲᠠᠭᠰᠠᠨ ᠦᠭᠡᠶ ᠮᠥᠷᠲᠡᠭᠡᠨ ᠯᠢ ᠣᠪᠣᠭᠲᠤ | ᠵᠠᠭᠠᠯᠳᠤᠭᠴᠢ ᠠᠴᠠ ᠵᠣᠭᠤᠰ ᠵᠢᠭᠡᠯᠡᠬᠦ ᠦᠶ᠎ᠡ ᠳᠤ ᠵᠣᠭᠤᠰ ᠢᠶᠠᠨ ᠪᠤᠴᠠᠭᠠᠬᠤ ᠴᠠᠭ ᠢᠶᠠᠨ ᠪᠣᠯᠵᠣᠨ ᠲᠣᠭᠲᠠᠭᠰᠠᠨ ᠦᠭᠡᠶ᠂ ᠡᠶᠢᠮᠦ ᠠᠴᠠ ᠵᠠᠭᠠᠯᠳᠤᠭᠳᠠᠭᠴᠢ ᠸᠠᠩ | ᠣᠪᠣᠭᠲᠤ ᠶᠢᠨ ᠳᠠᠭᠠᠭᠠᠯᠲᠠ ᠶᠢᠨ ᠬᠠᠷᠢᠭᠤᠴᠠᠯᠭ᠎ᠠ ᠪᠠᠲᠤᠯᠠᠬᠤ ᠬᠤᠭᠤᠴᠠᠭᠠᠨ ᠳᠤ᠂ ᠡᠩ ᠤᠨ ᠪᠠᠲᠤᠯᠠᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠂ | ᠲᠤᠬᠠᠶᠢᠯᠠᠪᠠᠯ ᠵᠠᠭᠠᠯᠳᠤᠭᠳᠠᠭᠴᠢ ᠸᠠᠩ ᠣᠪᠣᠭᠲᠤ ᠶᠢᠨ ᠡᠳ᠋ ᠬᠥᠷᠥᠩᠭᠡ ᠶᠢ ᠬᠠᠤᠯᠢ ᠶᠣᠰᠣᠭᠠᠷ ᠠᠯᠪᠠᠳᠠᠨ ᠭᠦᠢᠴᠡᠳᠬᠡᠭᠰᠡᠨ ᠤ ᠳᠠᠷᠠᠭ᠎ᠠ ᠮᠥᠨᠬᠦ ᠭᠦᠢᠴᠡᠳᠬᠡᠵᠦ | ᠳᠡᠶᠢᠯᠬᠦ ᠦᠭᠡᠶ ᠬᠡᠰᠡᠭ ᠲᠤ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ | |