︽ᠬᠥᠮᠥᠨ ᠠᠮᠠ ᠶᠢᠨ ᠲᠥᠪᠯᠡᠷᠡᠯ ᠢ ᠠᠬᠢᠭᠤᠯᠵᠤ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠭᠦᠭᠡᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠭᠦᠭᠡᠬᠤᠲᠠ ᠵᠠᠰᠠᠭ ᠲᠠᠷᠬᠠᠭᠠᠭᠰᠠᠨ ︹2025︺7 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠦᠨᠳᠦᠰᠦᠯᠡᠨ᠂ ᠭᠦᠭᠡᠬᠤᠲᠠ ᠶᠢᠨ ᠬᠢᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠬᠤ ᠨᠠᠷᠢᠨ ᠳᠦᠷᠢᠮ ᠢ ᠨᠡᠶᠢᠳᠡᠯᠡᠪᠡ ᠃ | ᠨᠠᠷᠢᠨ ᠳᠦᠷᠢᠮ ᠳᠤ᠂ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠬᠤ ᠪᠠᠷᠢᠮᠵᠢᠶ᠎ᠠ ᠶᠢᠨ ᠲᠤᠬᠠᠢ᠄ | 1.ᠨᠢᠭᠡ ᠬᠡᠦᠬᠡᠳ ᠠᠪᠬᠤ ᠳᠤ ᠨᠢᠭᠡ ᠯᠡ ᠤᠳᠠᠭ᠎ᠠ ᠳᠡᠭᠡᠷ᠎ᠡ 10000 ᠲᠥᠭᠦᠷᠢᠭ ᠤᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠨ᠎ᠠ︔ | 2. ᠬᠤᠶᠠᠷ ᠬᠡᠦᠬᠡᠳ ᠠᠪᠬᠤ ᠳᠤ 50000 ᠲᠥᠭᠦᠷᠢᠭ ᠤᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠵᠤ᠂ ᠵᠢᠯ ᠪᠦᠷᠢ 10000 ᠲᠥᠭᠦᠷᠢᠭ ᠢᠶᠠᠷ | ᠪᠦᠬᠦᠯᠢ 5 ᠨᠠᠰᠤ ᠭᠦᠷᠲᠡᠯ᠎ᠡ ᠣᠯᠭᠤᠨ᠎ᠠ︔ | 3. ᠭᠤᠷᠪᠠ ᠵᠢᠴᠢ ᠲᠡᠭᠦᠨ ᠠᠴᠠ ᠳᠡᠭᠡᠭᠰᠢ ᠬᠡᠦᠬᠡᠳ ᠠᠪᠬᠤ ᠳᠤ 100000 ᠲᠥᠭᠦᠷᠢᠭ ᠤᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠵᠤ᠂ ᠵᠢᠯ ᠪᠦᠷᠢ | 10000 ᠲᠥᠭᠦᠷᠢᠭ ᠢᠶᠠᠷ ᠪᠦᠬᠦᠯᠢ 10 ᠨᠠᠰᠤ ᠭᠦᠷᠲᠡᠯ᠎ᠡ ᠣᠯᠭᠤᠨ᠎ᠠ ᠭᠡᠵᠦ ᠲᠣᠭᠲᠠᠪᠠ᠃ | ᠬᠢᠷᠢ ᠭᠡᠮ ᠢ ᠮᠠᠭᠠᠳᠯᠠᠨ ᠲᠣᠭᠲᠠᠭᠠᠬᠤ ᠲᠤᠬᠠᠢ᠄ | 1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠳᠦᠷᠢᠮ︾ ᠤᠨ ᠲᠣᠭᠲᠠᠭᠠᠯ ᠳᠤ | ᠨᠡᠶᠢᠴᠡᠵᠦ ᠬᠡᠦᠬᠡᠳ ᠠᠪᠤᠭᠰᠠᠨ ᠭᠡᠷ ᠪᠦᠯᠢ︔ | 2. 2025 ᠣᠨ ᠤ 3 ᠰᠠᠷ᠎ᠠ ᠶᠢᠨ 1 ᠤ ᠡᠳᠦᠷ ᠠᠴᠠ ᠬᠤᠶᠢᠰᠢ ︵3 ᠰᠠᠷ᠎ᠠ ᠶᠢᠨ 1 ᠤ ᠡᠳᠦᠷ ᠪᠠᠭᠲᠠᠨ᠎ᠠ︶ ᠬᠠᠤᠯᠢ ᠶᠣᠰᠣᠭᠠᠷ ᠬᠡᠦᠬᠡᠳ ᠠᠪᠤᠭᠰᠠᠨ ᠭᠡᠷ | ᠪᠦᠯᠢ︔ | 3. ᠡᠷ᠎ᠡ ᠡᠮ᠎ᠡ ᠬᠤᠶᠠᠷ ᠲᠠᠯ᠎ᠠ ᠶᠢᠨ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠴᠥᠮ ᠭᠦᠭᠡᠬᠤᠲᠠ ᠪᠤᠶᠤ ᠨᠢᠭᠡ ᠲᠠᠯ᠎ᠠ ᠶᠢᠨ ᠡᠷᠦᠭᠡ ᠠᠮᠠ ᠶᠢᠨ ᠲᠠᠩᠰᠠ | ᠪᠠᠶᠢᠭ᠎ᠠ ᠭᠠᠵᠠᠷ ᠨᠢ ᠭᠦᠭᠡᠬᠤᠲᠠ ᠪᠤᠯᠬᠤ᠂ ᠭᠦᠭᠡᠬᠤᠲᠠ ᠳᠤ ᠣᠷᠣᠰᠢᠨ ᠰᠠᠭᠤᠵᠤ᠂ ᠠᠵᠢᠯᠯᠠᠵᠤ᠂ ᠠᠮᠢᠳᠤᠷᠠᠵᠤ᠂ ᠬᠥᠮᠥᠨ᠂ ᠭᠡᠷ ᠪᠠᠶᠢᠰᠢᠩ᠂ ᠡᠷᠦᠭᠡ ᠠᠮᠠ ᠨᠢ | ᠨᠢᠭᠡᠳᠦᠯᠲᠡᠢ ᠪᠠᠶᠢᠬᠤ ᠶᠢ ᠱᠠᠭᠠᠷᠳᠠᠬᠤ ᠮᠥᠷᠲᠡᠭᠡᠨ ᠰᠠᠶ᠋ᠢ ᠲᠥᠷᠥᠭᠰᠡᠨ ᠬᠡᠦᠬᠡᠳ ᠨᠢ ᠠᠩᠬ᠎ᠠ ᠤᠳᠠᠭ᠎ᠠ ᠭᠦᠭᠡᠬᠤᠲᠠ ᠳᠤ ᠡᠷᠦᠭᠡ ᠠᠮᠠ ᠣᠷᠣᠵᠤ ᠪᠠᠶᠢᠭ᠎ᠠ ᠭᠡᠷ | ᠪᠦᠯᠢ ᠨᠢ ᠲᠤᠰ ᠨᠥᠬᠦᠪᠦᠷᠢ ᠶᠢ ᠡᠳ᠋ᠯᠡᠵᠦ ᠪᠣᠯᠣᠨ᠎ᠠ ᠭᠡᠵᠦ ᠲᠣᠭᠲᠠᠪᠠ᠃ ︵ᠢᠷᠡᠯᠲᠡ᠄ ᠭᠦᠭᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | |