ᠤᠷᠠᠳ ᠤᠨ ᠲᠤᠮᠳᠠᠳᠤ ᠬᠤᠰᠢᠭᠤᠨ ᠤ ᠨᠡᠷᠡᠳᠤ ᠬᠦᠮᠦᠰ ᠤᠨ ᠨᠠᠮᠳᠠᠷ — ᠴᠧᠨ ᠯᠢᠶᠠᠩ ᠪᠢ
ᠨᠡᠶᠢᠲᠡᠯᠡᠭᠰᠡᠨ ᠴᠠᠭ᠄
2025/4/1
    ᠴᠧᠨ ᠯᠢᠶᠠᠩ ᠪᠢ ︵1919.2 — 1994.8︶      ᠡᠷᠡᠭᠳᠡᠢ᠂ ᠬᠢᠳᠠᠳ ᠦᠨᠳᠦᠰᠦᠳᠡᠨ᠂ ᠤᠷᠠᠳ ᠤᠨ ᠲᠤᠮᠳᠠᠳᠤ ᠬᠤᠰᠢᠭᠤᠨ ᠤ ᠰᠢᠷᠠᠯᠵᠢ ᠰᠢᠶᠠᠩ  ᠤᠨ ᠴᠧᠨ ᠭᠦᠢ ᠭᠧ ᠯᠢᠶᠠᠩ ᠤᠨ ᠬᠦᠮᠦᠨ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠰᠤᠶᠤᠯ ᠲᠠᠢ᠃    ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠯᠤᠰ ᠲᠦᠷᠦ ᠬᠦᠮᠦᠵᠢᠯ ᠤᠨ ᠰᠠᠯᠪᠤᠷᠢ ᠶᠢᠨ ᠫᠷᠤᠹᠧᠰᠰᠤᠷ᠂ ᠠᠯᠳᠠᠷᠳᠤ ᠠᠵᠤ ᠠᠬᠤᠢ ᠶᠢᠨ ᠤᠬᠠᠭᠠᠨᠳᠠᠨ᠂ ᠰᠤᠷᠭᠠᠨ ᠬᠦᠮᠦᠵᠢᠭᠦᠯᠦᠭᠴᠢ᠃ ᠦᠪᠦᠷ ᠮᠤᠩᠭᠤᠯ ᠤᠨ ᠠᠵᠤ ᠠᠬᠤᠢ ᠶᠢᠨ ᠰᠢᠨᠵᠢᠯᠡᠭᠡᠨ ᠤ ᠨᠡᠶᠢᠭᠡᠮᠯᠢᠭ ᠤᠨ ᠲᠡᠳ᠋ ᠬᠡᠷᠡᠭ ᠡᠷᠬᠢᠯᠡᠭᠴᠢ ᠲᠠᠷᠤᠭ᠎ᠠ᠂ ᠦᠪᠦᠷ ᠮᠤᠩᠭᠤᠯ ᠤᠨ ︽ᠬᠦᠷᠦᠩᠭᠡ ᠶᠢᠨ ᠲᠤᠬᠠᠢ︾ ᠰᠤᠳᠤᠯᠭᠠᠨ ᠤ ᠬᠤᠷᠠᠯ ᠪᠠ ᠭᠠᠳᠠᠭᠠᠳᠤ ᠤᠯᠤᠰ ᠤᠨ ᠠᠵᠤ ᠠᠬᠤᠢ ᠶᠢᠨ ᠰᠤᠷᠭᠠᠯ ᠤᠨ ᠰᠤᠳᠤᠯᠭᠠᠨ ᠤ ᠬᠤᠷᠠᠯ ᠤᠨ ᠲᠠᠷᠤᠭ᠎ᠠ᠂ ᠦᠪᠦᠷ ᠮᠤᠩᠭᠤᠯ ᠤᠨ ᠲᠡᠭᠡᠳᠦ ᠰᠤᠷᠭᠠᠭᠤᠯᠢ ᠶᠢᠨ ᠲᠤᠰᠢᠶᠠᠯ ᠤᠨ ᠴᠤᠯᠠ ᠬᠢᠨᠠᠨ ᠲᠤᠬᠳᠠᠭᠠᠬᠤ ᠵᠦᠪᠯᠡᠯ ᠤᠨ ᠲᠡᠳ᠋ ᠡᠷᠬᠢᠯᠡᠭᠴᠢ᠂ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠵᠦᠪᠯᠡᠭᠦ ᠲᠤᠭᠤᠶᠢᠯᠠᠩ ᠤᠨ ᠪᠦᠷᠢᠯᠳᠦᠭᠦᠨ ᠤ ᠲᠤᠰᠢᠶᠠᠯ ᠢ ᠲᠤᠰ ᠲᠤᠰ ᠬᠠᠷᠢᠭᠤᠴᠠᠵᠤ ᠪᠠᠶᠢᠪᠠ᠃ ᠲᠡᠷᠡ ᠦᠪᠦᠷ ᠮᠤᠩᠭᠤᠯ ᠤᠨ ᠤᠯᠤᠰ ᠲᠦᠷᠦ ᠶᠢᠨ ᠵᠦᠪᠯᠡᠯᠭᠡᠨ ᠤ ᠲᠦᠷᠪᠡᠳᠦᠭᠡᠷ ᠬᠤᠭᠤᠴᠠᠭᠠᠨ ᠤ ᠭᠡᠰᠢᠭᠦᠨ᠂ ᠵᠢᠷᠭᠤᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠠᠶᠢᠬᠰᠠᠨ ᠪᠦᠭᠡᠳ᠂ 1984 ᠤᠨ ᠳᠤ ᠲᠤᠮᠳᠠᠳᠤ ᠤᠯᠤᠰ ᠤᠨ ᠭᠠᠳᠠᠭᠠᠳᠤ ᠤᠯᠤᠰ ᠤᠨ ᠠᠵᠤ ᠠᠬᠤᠢ ᠶᠢᠨ ᠰᠤᠷᠭᠠᠯ ᠤᠨ ᠰᠤᠳᠤᠯᠭᠠᠨ ᠤ ᠬᠤᠷᠠᠯ ᠤᠨ ᠭᠡᠷᠡᠭ ᠡᠷᠬᠢᠯᠡᠭᠴᠢ ᠪᠤᠯᠵᠤ᠂ 1985 ᠤᠨ ᠳᠤ ᠪᠤᠷᠤᠳᠤᠬᠤᠢ ᠶᠡᠭᠡ ᠰᠤᠷᠭᠠᠭᠤᠯᠢ ᠶᠢᠨ ᠲᠠᠷᠤᠭ᠎ᠠ  ᠶᠢᠨ ᠲᠤᠰᠢᠶᠠᠯ ᠢ ᠬᠠᠪᠰᠤᠷᠭᠠᠪᠠ᠃     ᠭᠤᠴᠢᠭᠠᠳ ᠤᠨ ᠤ ᠦᠶᠡᠰ ᠲᠤ ᠪᠤᠷᠤᠳᠤᠬᠤᠢ ᠤᠷᠤᠨ ᠳᠤ ᠬᠤᠪᠢᠰᠬᠠᠯ ᠤᠨ ᠨᠢᠭᠤᠴᠠ ᠠᠵᠢᠯ ᠳᠤ ᠤᠷᠤᠯᠴᠠᠵᠠᠢ᠃ 1944 ᠤᠨ ᠳᠤ ᠤᠯᠤᠰ ᠠᠴᠠ ᠡᠷᠬᠢᠯᠡᠭᠰᠡᠨ ᠪᠠᠷᠠᠭᠤᠨ ᠡᠮᠦᠨᠡᠳᠦ ᠶᠢᠨ ᠬᠤᠯᠪᠤᠭᠠᠳᠤ ᠶᠡᠭᠡ ᠰᠤᠷᠭᠠᠭᠤᠯᠢ ᠶᠢᠨ ᠠᠵᠤ ᠠᠬᠤᠢ ᠶᠢᠨ ᠰᠠᠯᠪᠤᠷᠢ ᠠᠴᠠ ᠲᠡᠭᠦᠰᠦᠭᠰᠡᠨ ᠶᠤᠮ᠃ 1948 ᠤᠨ ᠳᠤ ᠠᠩᠭ᠍ᠯᠢ ᠶᠢᠨ ᠵᠢᠶᠠᠨ ᠴᠢᠶᠤᠤ ᠶᠡᠭᠡ ᠰᠤᠷᠭᠠᠭᠤᠯᠢ ᠳᠤ ᠰᠤᠷᠤᠯᠴᠠᠨ᠂ 1949 ᠤᠨ ᠳᠤ ᠪᠸᠶᠢᠫᠢᠩ ᠴᠢᠯᠦᠭᠡᠯᠡᠭᠳᠡᠭᠰᠡᠨ ᠴᠢᠮᠡᠭᠡ ᠶᠢ ᠤᠯᠵᠤ ᠮᠡᠳᠡᠭᠡᠳ᠂ 1950 ᠤᠨ ᠤ ᠬᠠᠪᠤᠷ ᠡᠷᠡᠰ ᠰᠢᠭᠤᠷᠬᠠᠢ ᠪᠠᠷ ᠤᠯᠤᠰ ᠲᠠᠭᠠᠨ ᠪᠤᠴᠠᠵᠤ᠂ ᠪᠡᠭᠡᠵᠢᠩ ᠳᠤ ᠲᠡᠮᠡᠢ ᠤᠳᠠᠬᠰᠠᠨ ᠦᠭᠡᠢ ᠪᠠᠷ ᠵᠡᠭᠦᠨ ᠬᠤᠶᠢᠳᠤ ᠶᠢᠨ ᠵᠠᠰᠠᠭ ᠵᠠᠬᠢᠷᠭᠠᠨ ᠤ ᠬᠦᠷᠢᠶᠡᠯᠡᠩ ᠳᠤ ᠬᠦᠷᠴᠦ ᠠᠵᠢᠯᠯᠠᠵᠠᠢ᠃ 1951 ᠤᠨ ᠳᠤ ᠪᠡᠭᠡᠵᠢᠩ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠰᠠᠯᠪᠤᠷᠢ ᠶᠢᠨ ᠤᠷᠤᠯᠠᠬᠴᠢ ᠰᠠᠯᠪᠤᠷᠢ  ᠶᠢᠨ ᠲᠠᠷᠤᠭ᠎ᠠ ᠪᠠᠷ ᠠᠵᠢᠯᠯᠠᠵᠤ᠂ 1956 ᠤᠨ ᠳᠤ ᠵᠡᠭᠦᠨ ᠬᠤᠶᠢᠳᠤ ᠶᠢᠨ ᠠᠷᠠᠳ ᠤᠨ ᠶᠡᠭᠡ ᠰᠤᠷᠭᠠᠭᠤᠯᠢ ︵ᠬᠤᠵᠢᠮ ᠨᠢ ᠬᠢᠷᠢᠨ ᠤ ᠶᠡᠭᠡ ᠰᠤᠷᠭᠠᠭᠤᠯᠢ ᠭᠡᠵᠦ ᠦᠭᠡᠷᠡᠴᠢᠯᠡᠪᠡ︶ ᠳᠤ ᠠᠵᠢᠯᠯᠠᠨ᠂ 1957 ᠤᠨ ᠤ ᠡᠪᠦᠯ ᠦᠪᠦᠷ ᠮᠤᠩᠭᠤᠯ ᠤᠨ ᠪᠠᠭᠰᠢ ᠶᠢᠨ ᠲᠡᠭᠡᠳᠦ ᠰᠤᠷᠭᠠᠭᠤᠯᠢ ᠳᠤ ᠪᠠᠭᠰᠢᠯᠠᠵᠤ᠂ ᠤᠷᠢᠳ ᠬᠤᠵᠢᠳ ᠬᠤᠶᠠᠷ ᠬᠤᠭᠤᠴᠠᠭᠠᠨ ᠤ ᠲᠡᠳ᠋ ᠡᠷᠳᠡᠮᠳᠠᠨ  ᠤ ᠴᠤᠯᠠ ᠤᠯᠭᠤᠬᠤ ᠰᠤᠳᠤᠯᠬᠤ ᠰᠤᠷᠤᠬᠴᠢ ᠶᠢ ᠵᠢᠯᠦᠭᠤᠳᠪᠠ᠃ ᠰᠢᠨᠵᠢᠯᠡᠭᠦ ᠤᠬᠠᠭᠠᠨ ᠤ ᠰᠤᠳᠤᠯᠭᠠᠨ ᠤ ᠲᠠᠯ᠎ᠠ ᠶᠢᠨ ᠤᠷᠴᠢᠭᠤᠯᠭ᠎ᠠ ᠶᠢᠨ ᠵᠤᠬᠢᠶᠠᠯ ᠨᠢ ᠮᠠᠷᠱᠠᠯᠠᠯ ᠤᠨ ︽ᠠᠵᠤ ᠠᠬᠤᠢ ᠶᠢᠨ ᠤᠬᠠᠭᠠᠨ ᠤ ᠦᠨᠳᠦᠰᠦᠯᠡᠯ︾ ︵ᠲᠤᠤᠷᠠᠳᠤ ᠲᠡᠪᠳᠡᠷ︶ ᠵᠢᠴᠢ ᠯᠦᠰᠠᠶᠢᠰᠢᠶᠦ᠋ᠨ ᠤ ︽ᠪᠦᠷᠢᠨ ᠪᠤᠰᠤ ᠦᠷᠢᠰᠦᠯᠳᠦᠭᠡᠨ ᠤ ᠠᠵᠤ ᠠᠬᠤᠢ ᠶᠢᠨ ᠤᠬᠠᠭᠠᠨ︾ ᠪᠠᠶᠢᠨ᠎ᠠ᠂ ᠤᠷᠴᠢᠭᠤᠯᠭ᠎ᠠ ᠶᠢ ᠬᠠᠷᠭᠤᠭᠤᠯᠤᠬᠰᠠᠨ ᠵᠤᠬᠢᠶᠠᠯ ᠨᠢ ︽ᠤᠷᠤᠰ᠂ ᠮᠤᠩᠭᠤᠯ᠂ ᠲᠤᠮᠳᠠᠳᠤ ᠤᠯᠤᠰ︾ ᠭᠡᠰᠡᠨ ᠨᠤᠮ ᠪᠤᠢ᠃ ᠭᠡᠪᠯᠡᠭᠦᠯᠦᠭᠰᠡᠨ ᠵᠤᠬᠢᠶᠠᠯ ᠪᠦᠳᠦᠭᠡᠯ ᠨᠢ ︽ᠱᠸᠢᠢᠰᠮᠧᠭᠳᠢ ᠶᠢᠨ ᠠᠵᠤ ᠠᠬᠤᠢ ᠶᠢᠨ ᠦᠵᠡᠯ ᠰᠠᠨᠠᠭ᠎ᠠ︾ ᠪᠤᠢ᠂ ᠪᠠᠰᠠ ︽ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠭᠦ ᠤᠬᠠᠭᠠᠨ︾ ᠰᠡᠳᠭᠦᠯ ᠲᠡᠭᠡᠷ᠎ᠡ ︽ᠮᠠᠷᠱᠠᠯᠠᠯ ᠤᠨ ᠠᠵᠤ ᠠᠬᠤᠢ ᠶᠢᠨ ᠦᠵᠡᠯ ᠰᠠᠨᠠᠭ᠎ᠠ︾ ᠭᠡᠳᠡᠭ ᠦᠭᠦᠯᠡᠯ ᠵᠡᠷᠭᠡ ᠶᠢ ᠵᠠᠯᠭᠠᠯᠳᠤᠪᠡᠷ ᠨᠡᠶᠢᠳᠡᠯᠡᠭᠰᠡᠨ ᠪᠢᠯᠡ᠃    1994 ᠤᠨ ᠤ 8 ᠳ᠋ᠤᠭᠠᠷ ᠰᠠᠷ᠎ᠠ ᠶᠢᠨ 13 ᠤ ᠡᠳᠦᠷ᠂ ᠴᠧᠨ ᠯᠢᠶᠠᠩ ᠪᠢ ᠬᠦᠬᠡᠬᠤᠳᠠᠨ᠎ᠠ ᠡᠪᠡᠳᠴᠢᠨ ᠢᠶᠠᠷ ᠨᠠᠰᠤ ᠪᠠᠷᠠᠪᠠ᠂ 76 ᠨᠠᠰᠤᠳᠠᠢ᠃                         ︽ᠤᠷᠠᠳ ᠤᠨ ᠲᠤᠮᠳᠠᠳᠤ ᠬᠤᠰᠢᠭᠤᠨ ᠤ ᠤᠶᠢᠯᠠᠯᠭ᠎ᠠ  ︾ ᠠᠴᠠ ᠪᠠᠭᠤᠯᠭᠠᠪᠠ᠃  
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ