ᠨᠣᠲᠤᠭ ᠪᠡᠯᠴᠢᠭᠡᠷ ᠳᠡᠭᠡᠷ᠎ᠡ ᠬᠤᠷᠠᠯᠳᠤᠭᠰᠠᠨ ᠳᠤᠭᠤᠢ ᠰᠢᠷᠡᠭᠡᠨ ᠤ ᠬᠤᠷᠠᠯ
ᠨᠡᠶᠢᠲᠡᠯᠡᠭᠰᠡᠨ ᠴᠠᠭ᠄
2025/4/11
   ︽ᠮᠠᠨ ᠤ ᠭᠡᠷ ᠤᠨ ᠨᠤᠲᠤᠭ ᠪᠡᠯᠴᠢᠭᠡᠷ ᠨᠢᠳᠤᠨᠤᠨ ᠬᠤᠶᠠᠷ ᠰᠠᠷ᠎ᠠ ᠬᠤᠶᠢᠰᠢᠯᠠᠭᠤᠯᠤᠨ ᠪᠢᠳᠡᠭᠦᠮᠵᠢᠯᠡᠭᠰᠡᠨ ᠠᠴᠠ ᠪᠣᠯᠵᠤ ᠲᠡᠵᠢᠭᠡᠯ ᠪᠣᠷᠳᠣᠭᠠᠨ ᠤ ᠥᠪᠡᠷ  ᠤᠨ ᠥᠷᠲᠡᠭ ᠥᠰᠴᠦ ᠰᠡᠳᠭᠢᠯ ᠵᠢᠷᠥᠬᠡ ᠶᠢ ᠮᠢᠨᠢ ᠡᠮᠵᠡᠭᠯᠡᠬᠦᠯᠬᠦ ᠶᠤᠮ ᠁ ᠭᠡᠵᠦ ᠮᠠᠯᠴᠢᠳ  ᠤᠨ ᠶᠠᠷᠢᠶᠠᠨ ᠤ ᠳᠣᠮᠳᠠ ᠠᠴᠠ ᠪᠣᠳᠠᠲᠠᠢ ᠣᠷᠤᠰᠢᠵᠤ ᠪᠠᠶᠢᠭ᠎ᠠ ᠬᠦᠴᠢᠷᠳᠡᠯ ᠢ ᠣᠯᠵᠤ ᠮᠡᠳᠡᠯ᠎ᠡ᠃ ᠲᠤᠰᠬᠠᠶ ᠮᠡᠷᠭᠡᠵᠢᠯᠲᠡᠳ  ᠤᠨ ᠪᠦᠯᠬᠦᠮ  ᠤᠨ ᠬᠢᠨ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ  ᠶᠢ ᠵᠣᠭᠰᠣᠭᠠᠬᠤ ᠠᠴᠠ ᠡᠮᠦᠨ᠎ᠡ ᠬᠤᠶᠢᠨᠠᠬᠢ ᠪᠠᠶᠢᠳᠠᠯ ᠢ ᠬᠠᠷᠭᠤᠭᠤᠯᠵᠤ ᠬᠠᠷᠢᠴᠠᠭᠤᠯᠤᠨ ᠦᠵᠡᠵᠦ᠂  ︽ᠨᠣᠲᠤᠭ  ᠪᠡᠯᠴᠢᠭᠡᠷ ᠤᠨ  ᠰᠡᠷᠭᠦᠭᠡᠨ ᠮᠠᠯᠵᠢᠬᠤ  ᠨᠢ ᠶᠠᠭ ᠨᠤᠲᠤᠭ  ᠪᠡᠯᠴᠢᠭᠡᠷ  ᠢ︿ᠠᠮᠤᠷᠵᠢᠭᠤᠯᠤᠨ ᠰᠡᠷᠭᠦᠭᠡᠵᠦ﹀ ᠪᠠᠶᠢᠭ᠎ᠠ ᠶᠠᠪᠤᠳᠠᠯ ᠪᠣᠯᠣᠨ᠎ᠠ᠂ ᠡᠨᠡ ᠨᠢ ᠠᠯᠤᠰ ᠬᠡᠲᠦ  ᠶᠢᠨ ᠠᠴᠢ ᠬᠤᠯᠪᠤᠭᠳᠠᠯ  ᠲᠠᠢ ᠶᠤᠮ︾ ᠭᠡᠪᠡ᠃    ᠣᠶᠢᠷ᠎ᠠ ᠳᠤ᠂ ᠮᠠᠯ ᠪᠡᠯᠴᠢᠭᠡᠷ ᠤᠨ ᠲᠡᠩᠴᠡᠭᠦᠷᠢᠲᠠᠢ ᠪᠠᠶᠢᠯᠭᠠᠬᠤ  ᠶᠢ ᠪᠠᠲᠤᠯᠠᠬᠤ ᠪᠠ ᠪᠡᠯᠴᠢᠭᠡᠷᠯᠡᠭᠦᠯᠬᠦ  ᠶᠢ ᠵᠣᠭᠰᠣᠭᠠᠵᠤ ᠪᠡᠯᠴᠢᠭᠡᠷ  ᠢ ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠶ ᠠᠬᠢᠭᠤᠯᠵᠤ᠂ ᠮᠠᠯᠴᠢᠳ ᠢ ᠬᠥᠲᠥᠯᠦᠨ ᠵᠢᠯᠣᠭᠤᠳᠴᠤ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠨ᠂ ᠠᠮᠢ ᠠᠬᠤᠶ ᠶᠢᠨ ᠬᠠᠮᠠᠭᠠᠯᠠᠯᠲᠠ ᠬᠢᠭᠡᠳ ᠮᠠᠯ ᠠᠵᠤ ᠠᠬᠤᠶ ᠶᠢᠨ ᠦᠷᠭᠦᠯᠵᠢᠯᠡᠬᠦᠶᠢᠴᠡ ᠬᠥᠭᠵᠢᠯᠲᠡ ᠶᠢᠨ ᠬᠤᠤᠰ ᠠᠮᠵᠢᠯᠲᠠ ᠶᠢ ᠪᠡᠶᠡᠯᠡᠭᠦᠯᠬᠦ ᠶᠢᠨ ᠲᠥᠯᠥᠭᠡ᠂ ᠪᠠᠶ᠋ᠬᠠᠤᠯᠠᠭᠠᠨ ᠰᠤᠮᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠨ ᠭᠦᠸᠧ ᠳ᠋ᠦᠩ ᠫᠷᠤᠹᠧᠰᠰᠤᠷ᠂ ᠳᠤᠮᠳᠠᠳᠤ ᠤᠯᠤᠰ ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠣᠣ ᠰᠢᠤᠸᠠᠢ ᠯᠢᠩ ᠳ᠋ᠣᠺᠲ᠋ᠣᠷ ᠵᠡᠷᠭᠡ ᠤᠷᠠᠳ ᠤᠨ ᠳᠤᠮᠳᠠᠳᠤ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠰᠤᠳᠤᠯᠭᠠᠨ ᠤ ᠨᠡᠶᠢᠭᠡᠮᠯᠢᠭ ᠤᠨ ᠲᠤᠰᠬᠠᠶ ᠮᠡᠷᠭᠡᠵᠢᠯᠲᠡᠨ ᠤ ᠪᠦᠯᠬᠦᠮ ᠢ ᠰᠠᠨᠠᠭᠠᠴᠢᠯᠠᠭ᠎ᠠ ᠠᠴᠠ ᠪᠠᠨ ᠣᠷᠢᠨ ᠵᠠᠯᠠᠵᠤ᠂ ᠶᠠᠷᠢᠯᠴᠠᠬᠤ ᠬᠤᠷᠠᠯ ᠬᠤᠷᠠᠯᠳᠤᠭᠤᠯᠵᠤ᠂ ᠶᠠᠷᠢᠯᠴᠠᠭ᠎ᠠ ᠰᠣᠯᠢᠯᠴᠠᠭ᠎ᠠ ᠪᠠᠷ ᠳᠠᠮᠵᠢᠭᠤᠯᠤᠨ᠂ ᠮᠠᠯᠴᠢᠳ ᠤᠨ ᠪᠣᠳᠠᠲᠠᠶ ᠬᠡᠷᠡᠭᠴᠡᠭᠡ ᠶᠢ ᠰᠣᠨᠣᠰᠴᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠮᠠᠯ ᠠᠵᠤ ᠠᠬᠤᠶ ᠶᠢᠨ ᠦᠷᠭᠦᠯᠵᠢᠯᠡᠬᠦᠶᠢᠴᠡ ᠬᠥᠭᠵᠢᠯᠲᠡ ᠶᠢᠨ ᠠᠷᠭ᠎ᠠ ᠵᠠᠮ ᠢ ᠬᠠᠮᠲᠤ ᠪᠠᠷ ᠵᠥᠪᠳᠡᠯᠴᠡᠪᠡ᠃     ᠲᠣᠰ ᠤᠳᠠᠭᠠᠨ ᠤ ᠠᠵᠢᠯᠯᠠᠭ᠎ᠠ ᠳᠤ᠂ ᠰᠤᠮᠤᠨ ᠤ ᠵᠠᠰᠠᠭ ᠤᠨ ᠣᠷᠳᠣᠨ ᠤ ᠣᠯᠠᠮᠵᠢᠯᠠᠯᠲᠤ ᠬᠡᠯᠪᠡᠷᠢ ᠶᠢᠨ ᠤᠬᠠᠭᠤᠯᠭ᠎ᠠ ᠰᠤᠷᠲᠠᠯᠴᠠᠭ᠎ᠠ   ᠶᠢ ᠲᠠᠶᠠᠭᠳᠠᠵᠤ᠂︽ᠬᠤᠣᠰ ᠴᠢᠭᠯᠡᠯ ᠢᠶᠠᠷ ᠵᠦᠪᠳᠡᠯᠴᠡᠨ ᠶᠠᠷᠢᠯᠴᠠᠬᠤ︾ ᠪᠠᠷ ᠭᠤᠣᠯᠳᠠᠯᠭ᠎ᠠ ᠪᠣᠯᠭᠠᠵᠤ᠂ ᠲᠤᠰᠬᠠᠶ ᠮᠡᠷᠭᠡᠵᠢᠯᠲᠡᠳ  ᠢ ᠵᠣᠬᠢᠶᠠᠨ ᠪᠠᠶᠢᠭᠤᠯᠤᠨ ᠮᠠᠯᠴᠢᠳ  ᠲᠠᠢ ᠬᠠᠮᠲᠤ ᠲᠣᠭᠤᠷᠢᠨ ᠰᠠᠭᠤᠵᠤ ᠰᠠᠨᠠᠯ ᠪᠣᠳᠤᠯ ᠢᠶᠠᠨ ᠬᠤᠪᠢᠶᠠᠯᠴᠠᠭᠰᠠᠨ ᠪᠠᠶᠢᠨ᠎ᠠ᠃ ᠮᠠᠯᠴᠢᠳ ᠠᠴᠠ ᠮᠠᠯ ᠮᠠᠯᠵᠢᠬᠤ ᠶᠠᠪᠤᠴᠠ ᠳᠤ ᠲᠣᠬᠢᠶᠠᠯᠳᠤᠭᠰᠠᠨ ᠨᠤᠲᠤᠭ ᠪᠡᠯᠴᠢᠭᠡᠷ ᠤᠨ ᠡᠯᠡᠰᠦᠷᠭᠡᠭᠵᠢᠨ ᠲᠠᠴᠢᠷᠳᠠᠭᠰᠠᠨ ᠪᠠᠶᠢᠳᠠᠯ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠦᠨᠳᠦᠷ  ᠪᠠᠶᠢᠭ᠎ᠠ ᠵᠡᠷᠭᠡ ᠪᠣᠳᠠᠲᠠᠶ ᠠᠰᠠᠭᠤᠳᠠᠯ ᠢ ᠶᠠᠷᠢᠯᠴᠠᠪᠠ᠃ ᠡᠭᠦᠨ ᠳᠤ᠂ ᠲᠤᠰᠬᠠᠶ ᠮᠡᠷᠭᠡᠵᠢᠯᠲᠡᠨ ᠤ ᠪᠦᠯᠬᠦᠮ  ᠤᠨ ᠬᠢᠨ ᠲᠤᠰᠬᠠᠶ ᠮᠡᠷᠭᠡᠵᠢᠯ ᠤᠨ ᠡᠭᠦᠳᠡᠨ ᠠᠴᠠ ᠬᠠᠷᠢᠭᠤᠯᠲᠠ ᠥᠭᠴᠦ᠂ ᠮᠠᠯᠴᠢᠨ ᠲᠦᠮᠡᠨ ᠢ ᠬᠠᠪᠰᠤᠷᠤᠨ ᠠᠮᠢ ᠠᠬᠤᠶ ᠬᠢᠭᠡᠳ ᠠᠵᠤ ᠠᠬᠤᠶ ᠶᠢᠨ ᠳᠠᠪᠬᠤᠷ ᠲᠠᠩᠰᠠ ᠶᠢ ᠲᠣᠳᠣᠷᠬᠠᠶ ᠪᠣᠳᠣᠭᠰᠠᠨ  ᠢᠶᠠᠷ ᠪᠠᠷᠠᠬᠤ ᠥᠬᠡᠶ᠂ ᠪᠠᠰᠠ ᠰᠢᠨᠵᠢᠯᠡᠬᠦ ᠤᠬᠠᠭᠠᠨᠴᠢ ᠪᠠᠷ ᠡᠭᠡᠯᠵᠢᠯᠡᠨ ᠮᠠᠯᠵᠢᠬᠤ᠂ ᠮᠠᠯ ᠪᠡᠯᠴᠢᠭᠡᠷ ᠤᠨ ᠲᠡᠩᠴᠡᠭᠦᠷᠢᠲᠡᠢ ᠪᠠᠶᠢᠯᠭᠠᠬᠤ ᠶᠢ ᠪᠠᠭᠲᠠᠭᠠᠭᠰᠠᠨ ᠠᠯᠢ ᠣᠯᠠᠨ ᠰᠠᠨᠠᠭᠤᠯᠭ᠎ᠠ ᠳᠣᠷᠠᠳᠣᠯᠭ᠎ᠠ ᠶᠢ ᠳᠤᠷᠠᠳᠤᠭᠰᠠᠨ ᠪᠠᠶᠢᠨ᠎ᠠ᠃    ᠡᠨᠡ ᠬᠦ ᠶᠠᠪᠤᠴᠠ ᠳᠤ᠂ ᠲᠤᠰᠬᠠᠶ ᠮᠡᠷᠭᠡᠵᠢᠯᠲᠡᠳ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠵᠤ ᠰᠡᠷᠭᠦᠭᠡᠨ ᠮᠠᠯᠵᠢᠬᠤ ᠲᠥᠷᠥ ᠶᠢᠨ ᠪᠣᠳᠣᠯᠭ᠎ᠠ  ᠶᠢᠨ ᠴᠢᠬᠤᠯᠠ ᠴᠢᠨᠠᠷ ᠢ ᠴᠢᠬᠤᠯᠠᠴᠢᠯᠠᠪᠠ᠃ ᠲᠠᠳᠠ ᠠᠴᠠ᠂ ᠡᠲᠡᠭᠡᠷ ᠲᠥᠷᠥ ᠶᠢᠨ ᠪᠣᠳᠣᠯᠭ᠎ᠠ ᠨᠢ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠳᠤ ᠠᠰᠢᠭᠲᠠᠶ ᠮᠥᠷᠲᠡᠭᠡᠨ ᠨᠠᠩ ᠴᠤ ᠮᠠᠯᠵᠢᠬᠤ ᠡᠷᠦᠬᠡ ᠶᠢᠨ ᠲᠣᠰ ᠪᠡᠶ᠎ᠡ ᠶᠢᠨ ᠠᠯᠤᠰ ᠬᠡᠲᠦ ᠶᠢᠨ ᠠᠵᠤ ᠠᠬᠤᠶ ᠶᠢᠨ ᠦᠷ᠎ᠡ ᠠᠰᠢᠭ ᠢ ᠪᠠᠲᠤᠯᠠᠬᠤ ᠶᠢᠨ ᠲᠥᠯᠥᠭᠡ ᠶᠤᠮ᠃ ᠰᠠᠨᠠᠯ ᠪᠣᠳᠣᠯ ᠢᠶᠠᠨ ᠰᠣᠯᠢᠯᠴᠠᠬᠤ ᠪᠠᠷ ᠳᠠᠮᠵᠢᠭᠤᠯᠤᠨ᠂ ᠮᠠᠯᠴᠢᠳ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ  ᠳᠤ ᠡᠷᠡᠭᠡᠯᠵᠡᠭᠡ ᠲᠠᠢ ᠪᠠᠶᠢᠭᠰᠠᠨ ᠰᠡᠳᠬᠢᠯᠭᠡ  ᠶᠢ ᠲᠡᠪᠴᠢᠵᠦ᠂ ᠠᠮᠢ ᠠᠬᠤᠶ ᠶᠢ ᠰᠡᠷᠭᠦᠭᠡᠬᠦ ᠢᠲᠡᠭᠡᠯ ᠵᠣᠷᠢᠭ  ᠢ ᠨᠡᠮᠡᠭᠳᠡᠭᠦᠯᠵᠦ᠂ ᠬᠤᠶᠢᠰᠢᠳᠠ ᠶᠢᠨ ᠲᠥᠷᠥ  ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠣᠯᠠᠨ ᠲᠦᠮᠡᠨ  ᠤ ᠰᠠᠭᠤᠷᠢ ᠶᠢ ᠲᠠᠯᠪᠢᠭᠰᠠᠨ ᠪᠠᠶᠢᠨ᠎ᠠ᠃
1.jpg
2.jpg
 
ᠢᠷᠡᠯᠲᠡ᠄  ᠤᠷᠠᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ