︽ᠪᠠᠶᠠᠨᠨᠠᠭᠤᠷ ᠬᠤᠲᠠ ᠶᠢᠨ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠨᠢ ᠪᠠᠶᠠᠨᠨᠠᠭᠤᠷ ᠤᠨ ᠤᠰᠤᠨ ᠤ ᠡᠬᠢ ᠪᠠᠶᠠᠯᠢᠭ ᠢ ᠠᠰᠢᠭᠯᠠᠭᠰᠠᠨ | ᠣᠳᠣᠬᠢ ᠪᠠᠶᠢᠳᠠᠯ ᠳᠤ ᠰᠠᠭᠤᠷᠢᠯᠠᠨ᠂ 30 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠶᠡᠷᠦᠩᠬᠡᠶ ᠬᠡᠮᠵᠢᠶ᠎ᠡ ᠶᠢ ᠡᠷᠴᠢᠮᠵᠢᠭᠦᠯᠦᠭᠰᠡᠨ ᠬᠤᠶᠠᠷ ᠢ | ᠡᠵᠡᠮᠳᠡᠬᠦ ᠶᠢ ᠬᠡᠷᠡᠭᠵᠢᠭᠦᠯᠬᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠬᠤᠲᠠ ᠬᠥᠳᠡᠭᠡ ᠶᠢᠨ ᠤᠰᠤ ᠠᠷᠪᠢᠯᠠᠵᠤ | ᠬᠤᠬᠢᠷᠠᠯ ᠢ ᠪᠠᠭᠠᠰᠬᠠᠬᠤ ᠶᠢ ᠠᠬᠢᠭᠤᠯᠬᠤ᠂ ᠠᠮᠢ ᠠᠬᠤᠶ ᠶᠢᠨ ᠤᠰᠤ ᠠᠷᠪᠢᠯᠠᠵᠤ ᠨᠣᠭᠤᠭᠠᠷᠠᠭᠤᠯᠤᠯᠲᠠ ᠶᠢ ᠪᠠᠲᠤᠯᠠᠬᠤ ᠶᠢ ᠠᠬᠢᠭᠤᠯᠬᠤ᠂ ᠭᠠᠵᠠᠷ ᠳᠣᠤᠷᠠᠬᠢ ᠤᠰᠤ ᠶᠢ | ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠶᠢ ᠠᠬᠢᠭᠤᠯᠬᠤ᠂ ᠬᠡᠪ ᠤᠨ ᠪᠤᠰᠤ ᠤᠰᠤ ᠶᠢ ᠰᠠᠶᠢᠲᠤᠷ ᠬᠡᠷᠡᠭᠯᠡᠬᠦ ᠶᠢ ᠠᠬᠢᠭᠤᠯᠬᠤ᠂ ᠤᠰᠤ ᠠᠷᠪᠢᠯᠠᠬᠤ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ 9 ᠲᠠᠯ᠎ᠠ ᠠᠴᠠ ᠤᠰᠤ ᠠᠷᠪᠢᠯᠠᠬᠤ | ᠠᠵᠢᠯᠯᠠᠭ᠎ᠠ ᠥᠷᠨᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠨᠢᠭᠡ᠂ ᠭᠤᠣᠯ ᠬᠠᠷᠠᠯᠲᠠ ︽ᠬᠡᠷᠡᠭᠵᠢᠭᠦᠯᠬᠦ ᠲᠥᠰᠦᠯ︾ ᠳᠤ᠂ 2025 ᠣᠨ ᠤ ᠡᠴᠦᠰ ᠪᠣᠯᠬᠤ ᠳᠤ᠂ ᠪᠥᠬᠦ ᠬᠤᠲᠠ ᠶᠢᠨ ᠤᠰᠤ ᠬᠡᠷᠡᠭᠯᠡᠬᠦ ᠶᠡᠷᠦᠩᠬᠡᠶ | ᠬᠡᠮᠵᠢᠶ᠎ᠡ ᠶᠢ 45.62 ᠳ᠋ᠦᠩᠰᠢᠭᠤᠷ ᠪᠣᠰᠤᠭ᠎ᠠ ᠳᠥᠷᠪᠡᠯᠵᠢᠨᠮᠧᠲᠷ ᠤᠨ ᠳᠣᠲᠣᠷ᠎ᠠ ᠬᠢᠵᠠᠭᠠᠷᠯᠠᠵᠤ᠂ ᠤᠯᠤᠰ ᠤᠨ ᠳᠣᠲᠣᠭᠠᠳᠤ ᠶᠢᠨ ᠲᠦᠮᠡᠨ ᠲᠥᠭᠦᠷᠢᠭ ᠤᠨ | ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 15% ᠠᠴᠠ ᠳᠡᠭᠡᠭᠰᠢ ᠪᠠᠭᠤᠷᠠᠭᠤᠯᠤᠨ᠎ᠠ ᠭᠡᠵᠦ | ᠲᠣᠳᠣᠷᠬᠠᠶ ᠲᠣᠭᠲᠠᠭᠠᠵᠠᠶ᠃ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 0.8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠨᠡᠮᠡᠭᠳᠡᠭᠦᠯᠵᠦ᠂ | ᠪᠦᠬᠦ ᠬᠤᠲᠠ ᠶᠢᠨ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.522 ᠠᠴᠠ ᠳᠡᠭᠡᠭᠰᠢ ᠳᠤ | ᠬᠦᠷᠦᠭᠦᠯᠦᠨ᠎ᠡ︔ ᠠᠵᠤ ᠦᠢᠯᠡᠳᠪᠦᠷᠢ ᠶᠢᠨ ᠲᠦᠮᠡᠨ ᠲᠥᠭᠦᠷᠢᠭ ᠤᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ | 12% ᠠᠴᠠ ᠳᠡᠭᠡᠭᠰᠢ ᠪᠠᠭᠤᠷᠠᠭᠤᠯᠤᠨ᠎ᠠ︔ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠤᠰᠤ ᠭᠤᠭᠤᠵᠢᠬᠤ ᠨᠣᠷᠮ᠎ᠠ ᠶᠢ | 9% ᠶᠢᠨ ᠳᠣᠲᠣᠷ᠎ᠠ ᠬᠢᠵᠠᠭᠠᠷᠯᠠᠵᠤ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠶᠡᠷᠦᠩᠬᠡᠢ ᠬᠦᠴᠦᠯᠡᠴᠡ ᠶᠢᠨ ᠬᠤᠣᠰ ᠡᠵᠡᠮᠰᠢᠯ ᠢ ᠬᠡᠷᠡᠭᠵᠢᠭᠦᠯᠦᠨ᠎ᠡ᠃ ᠬᠦᠢᠴᠡᠳᠭᠡᠯ ᠲᠤᠭ᠎ᠠ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠠᠵᠢᠯ | ᠲᠥᠷᠥᠯ ᠤᠨ ᠤᠰᠤ ᠬᠡᠷᠡᠭᠯᠡᠬᠦ ᠣᠨᠴᠠᠯᠢᠭ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠪᠣᠳᠠᠲᠠᠶ ᠪᠠᠶᠢᠳᠠᠯ ᠢ ᠦᠨᠳᠦᠰᠦᠯᠡᠨ ᠤᠰᠤ ᠠᠷᠪᠢᠯᠠᠬᠤ ᠬᠠᠷᠠᠯᠲᠠ ᠶᠢ | ᠲᠣᠭᠲᠠᠭᠠᠨ᠎ᠠ᠃ | ︵ᠬᠤᠶᠠᠷ︶ ᠲᠠᠷᠢᠶᠠᠯᠠᠩ ᠤᠨ ᠤᠰᠤ ᠠᠷᠪᠢᠯᠠᠬᠤ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠢᠨᠵᠧᠨᠧᠷᠢᠩ ᠤᠨ ᠤᠰᠤ ᠠᠷᠪᠢᠯᠠᠬᠤ ᠶᠢ | ᠴᠢᠩᠭᠠᠳᠬᠠᠵᠤ᠂ ᠰᠤᠪᠠᠭ ᠤᠨ ᠳᠣᠲᠣᠷ ᠴᠣᠭᠴᠠᠯᠠᠭᠰᠠᠨ ᠤᠰᠤᠯᠠᠯᠲᠠ ᠶᠢᠨ ᠢᠨᠵᠧᠨᠧᠷᠢᠩ ᠢ 37 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠤᠰᠤ ᠪᠣᠷᠳᠣᠭᠤᠷ ᠢ | ᠨᠢᠭᠡ ᠴᠣᠭᠴᠠᠵᠢᠭᠤᠯᠤᠭᠰᠠᠨ ᠲᠠᠯᠠᠪᠠᠢ ᠶᠢ 60 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ︔ ᠲᠠᠷᠢᠶᠠᠯᠠᠩ ᠤᠨ ᠮᠡᠷᠭᠡᠵᠢᠯ ᠤᠨ ᠤᠰᠤ ᠠᠷᠪᠢᠯᠠᠬᠤ ᠶᠢ ᠴᠢᠩᠭᠠᠳᠬᠠᠵᠤ᠂ | ᠤᠰᠤ ᠶᠡᠭᠡ ᠬᠤᠷᠣᠭᠳᠠᠭᠤᠯᠬᠤ ᠲᠠᠷᠢᠮᠠᠯ ᠢ 4 ᠲᠦᠮᠡᠨ ᠮᠦ ᠪᠠᠭᠠᠰᠬᠠᠨ᠎ᠠ︔ ᠦᠷᠡᠵᠢᠯ ᠤᠨ ᠪᠤᠰᠤ ᠬᠤᠭᠤᠴᠠᠭᠠᠨ ᠳᠤ ᠤᠰᠤᠯᠠᠬᠤ ᠳᠤ ᠬᠡᠷᠡᠭᠯᠡᠬᠦ ᠤᠰᠤ ᠶᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠵᠤ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ ᠤᠰᠤ ᠵᠠᠷᠤᠴᠠᠭᠤᠯᠬᠤ ᠬᠡᠮᠵᠢᠶ᠎ᠡ ᠶᠢ 10 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠣᠷᠴᠢᠮ ᠳᠤ ᠬᠢᠵᠠᠭᠠᠷᠯᠠᠨ᠎ᠠ︔ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠠᠯᠠᠪᠠᠢ ᠶᠢ 84.6 ᠲᠦᠮᠡᠨ ᠮᠦ ᠣᠷᠴᠢᠮ ᠰᠢᠨ᠎ᠡ ᠪᠠᠷ | ᠨᠡᠮᠡᠭᠳᠡᠭᠦᠯᠦᠨ᠎ᠡ᠃ | ︵ᠭᠤᠷᠪᠠ︶ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠳᠠᠯ ᠢ ᠪᠠᠭᠠᠰᠬᠠᠬᠤ ᠠᠵᠢᠯ ᠢ ᠠᠬᠢᠭᠤᠯᠬᠤ ᠬᠡᠷᠡᠭᠲᠡᠢ᠃ ᠡᠨᠧᠷᠭᠢ ᠶᠢᠨ ᠬᠦᠷᠢᠶᠡᠨ ᠳᠠᠬᠢ ᠤᠰᠤ | ᠠᠷᠪᠢᠯᠠᠬᠤ ᠥᠭᠡᠷᠡᠴᠢᠯᠡᠯᠲᠡ ᠶᠢ ᠠᠬᠢᠭᠤᠯᠵᠤ᠂ ᠦᠢᠯᠡᠳᠪᠦᠷᠢᠯᠡᠯ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ ᠡᠨᠧᠷᠭᠢ ᠶᠢᠨ ᠦᠢᠯᠡᠳᠪᠦᠷᠢᠯᠡᠯ ᠤᠨ ᠨᠢᠭᠡᠴᠡ ᠶᠢᠨ | ᠤᠰᠤᠨ ᠤ ᠬᠤᠷᠣᠭᠳᠠᠯ ᠢ ᠪᠠᠭᠠᠰᠬᠠᠵᠤ᠂ ᠣᠲᠣ ᠶᠢᠨ ᠪᠠᠶᠢᠭ᠎ᠠ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠤᠰᠤ ᠠᠷᠪᠢᠯᠠᠬᠤ ᠥᠭᠡᠷᠡᠴᠢᠯᠡᠯᠲᠡ ᠶᠢᠨ ᠲᠠᠰ | ᠳᠡᠪᠰᠢᠬᠦ ᠶᠢ ᠠᠬᠢᠭᠤᠯᠤᠨ᠎ᠠ︔ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠤᠰᠤ ᠬᠡᠷᠡᠭᠯᠡᠬᠦ ᠳᠠᠪᠬᠤᠷᠳᠠᠭᠤᠯᠤᠨ ᠠᠰᠢᠭᠯᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ︔ ᠤᠰᠤ ᠠᠷᠪᠢᠯᠠᠬᠤ | ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠬᠤ ᠶᠢ ᠴᠢᠩᠭᠠᠷᠠᠭᠤᠯᠵᠤ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ 3᠂ ᠤᠰᠤ ᠠᠷᠪᠢᠯᠠᠬᠤ | ᠬᠡᠯᠪᠡᠷᠢ ᠶᠢᠨ ᠬᠦᠷᠢᠶᠡᠯᠡᠩ ᠲᠣᠭᠤᠷᠢᠭ 1 ᠶᠢ ᠡᠭᠦᠳᠦᠨ ᠪᠠᠶᠢᠭᠤᠯᠤᠨ᠎ᠠ᠃ | ︵ᠲᠦᠷᠪᠡ︶ ᠬᠤᠲᠠ ᠬᠥᠳᠡᠭᠡ ᠶᠢᠨ ᠤᠰᠤ ᠶᠢ ᠭᠠᠮᠨᠠᠨ ᠠᠷᠪᠢᠯᠠᠬᠤ ᠶᠢ ᠠᠬᠢᠭᠤᠯᠬᠤ ᠬᠡᠷᠡᠭᠲᠡᠢ᠃ ᠬᠤᠲᠠ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ | ᠡᠪᠳᠡᠭᠳᠡᠭᠰᠡᠨ ᠬᠡᠮᠵᠢᠶ᠎ᠡ ᠶᠢ ᠪᠠᠭᠤᠷᠠᠭᠤᠯᠤᠨ᠎ᠠ︔ ᠤᠰᠤ ᠠᠷᠪᠢᠯᠠᠬᠤ ᠬᠡᠯᠪᠡᠷᠢ ᠶᠢᠨ ᠬᠤᠲᠠ ᠶᠢ ᠡᠭᠦᠳᠦᠨ ᠪᠠᠶᠢᠭᠤᠯᠤᠨ᠎ᠠ︔ ᠣᠨᠴᠠ ᠲᠥᠷᠥᠯ ᠤᠨ ᠠᠵᠢᠯ | ᠲᠥᠷᠥᠯ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ︔ ᠮᠠᠯᠵᠢᠬᠤ ᠲᠠᠷᠢᠶᠠᠯᠠᠬᠤ ᠣᠷᠣᠨ ᠤ ᠤᠰᠤ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ︔ ᠬᠤᠲᠠ ᠬᠥᠳᠡᠭᠡ ᠶᠢᠨ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔ ᠬᠤᠲᠠ ᠬᠥᠳᠡᠭᠡ ᠶᠢᠨ ᠤᠰᠤ ᠬᠡᠷᠡᠭᠯᠡᠬᠦ | ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠲᠠᠪᠤ︶ ᠠᠮᠢ ᠠᠬᠤᠢ ᠶᠢᠨ ᠤᠰᠤ ᠠᠷᠪᠢᠯᠠᠵᠤ ᠨᠣᠭᠤᠭᠠᠷᠠᠭᠤᠯᠬᠤ ᠶᠢ ᠠᠬᠢᠭᠤᠯᠤᠨ᠎ᠠ᠃ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠠᠨᠳᠠᠭᠠᠨ ᠰᠡᠷᠭᠦᠭᠡᠬᠦ ᠪᠠ ᠬᠥᠮᠦᠨ ᠤ ᠬᠦᠴᠦ ᠪᠠᠷ ᠰᠡᠷᠭᠦᠭᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠪᠤᠲᠠᠯᠢᠭ | ᠪᠤᠳᠠᠯᠢᠭ ᠡᠪᠡᠰᠦᠨ ᠤ ᠤᠷᠭᠤᠮᠠᠯ ᠤᠨ ᠪᠦᠷᠬᠦᠴᠡ ᠶᠢ ᠰᠡᠷᠭᠦᠭᠡᠬᠦ ᠪᠠᠷ ᠭᠤᠣᠯ ᠪᠣᠯᠭᠠᠵᠤ᠂ ᠲᠤᠷᠤᠭ ᠪᠤᠲᠠ ᠪᠤᠳᠠ ᠡᠪᠡᠰᠦ ᠶᠢ ᠬᠠᠷᠢᠯᠴᠠᠨ ᠤᠶᠠᠯᠳᠤᠭᠤᠯᠬᠤ ᠵᠠᠭᠪᠤᠷ ᠢ | ᠳᠡᠯᠭᠡᠷᠡᠭᠦᠯᠦᠨ᠎ᠡ︔ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠤᠰᠤ ᠠᠷᠪᠢᠯᠠᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ | ᠪᠠᠶᠢᠭᠠᠯᠢ ᠶᠢᠨ ᠬᠤᠷ᠎ᠠ ᠲᠣᠨᠣᠳᠠᠰᠤ ᠪᠠ ᠳᠠᠬᠢᠯᠲᠠ ᠤᠰᠤ ᠶᠢ ᠵᠦᠢ ᠵᠣᠬᠢᠰᠲᠠᠢ ᠠᠰᠢᠭᠯᠠᠨ᠎ᠠ︔ ᠬᠤᠲᠠ ᠶᠢᠨ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠭᠠᠵᠠᠷ ᠳᠣᠣᠷᠠᠬᠢ ᠤᠰᠤ ᠶᠢ ᠬᠤᠲᠠ ᠶᠢᠨ ᠤᠰᠤᠨ ᠤ ᠦᠵᠡᠮᠵᠢ᠂ ᠤᠰᠤᠨ ᠳᠡᠭᠡᠷᠡᠬᠢ ᠵᠤᠭ᠎ᠠ | ᠴᠡᠩᠭᠡᠯ ᠤᠨ ᠲᠥᠷᠥᠯ ᠵᠦᠢᠯ ᠳᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ | ︵ᠵᠢᠷᠭᠤᠭ᠎ᠠ︶ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢ ᠠᠬᠢᠭᠤᠯᠤᠨ᠎ᠠ᠃ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ | ᠲᠠᠲᠠᠭᠰᠠᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠰᠠᠶᠢᠲᠤᠷ ᠬᠢᠵᠦ᠂ ᠤᠷᠠᠳ ᠤᠨ ᠡᠮᠦᠨᠡᠲᠦ ᠬᠤᠰᠢᠭᠤᠨ ᠤ ᠲᠣᠮᠣ ᠬᠡᠯᠪᠡᠷᠢ ᠶᠢᠨ ᠬᠡᠲᠦᠷᠡᠲᠡᠯ᠎ᠡ | ᠮᠠᠯᠲᠠᠭᠰᠠᠨ ᠣᠷᠣᠨ ᠤ ᠮᠠᠯᠲᠠᠬᠤ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠦᠨᠡᠨᠬᠦ ᠪᠠᠲᠤᠯᠠᠵᠤ᠂ ᠤᠰᠤᠨ ᠲᠦᠪᠰᠢᠨ ᠢ ᠡᠵᠡᠮᠳᠡᠬᠦ ᠤᠰᠤᠨ | ᠲᠦᠪᠰᠢᠨ ᠠᠴᠠ ᠳᠡᠭᠡᠭᠰᠢ ᠳᠤ ᠬᠦᠷᠦᠭᠦᠯᠬᠦ ᠶᠢᠨ ᠬᠠᠮᠲᠤ ᠲᠣᠭᠲᠠᠭᠤᠨ ᠪᠠᠶᠢᠯᠭᠠᠬᠤ ᠶᠢ ᠪᠠᠲᠤᠯᠠᠨ᠎ᠠ︔ ᠭᠠᠵᠠᠷ ᠳᠣᠤᠷᠠᠬᠢ ᠤᠰᠤ ᠶᠢ ᠬᠠᠮᠢᠶᠠᠷᠤᠨ ᠡᠵᠡᠮᠳᠡᠬᠦ ᠶᠢ | ᠲᠦᠷᠭᠡᠳᠬᠡᠨ ᠠᠬᠢᠭᠤᠯᠵᠤ᠂ 2025 ᠣᠨ ᠤ ᠡᠴᠦᠰ ᠪᠣᠯᠬᠤ ᠳᠤ᠂ ᠪᠥᠬᠦ ᠬᠤᠲᠠ ᠶᠢᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ 2 ᠣᠷᠣᠨ ᠳᠤ | ᠬᠡᠲᠦᠷᠡᠲᠡᠯ᠎ᠡ ᠮᠠᠯᠲᠠᠬᠤ ᠬᠡᠮᠵᠢᠶ᠎ᠡ ᠶᠢ ᠨᠡᠶᠢᠲᠡ 3918 ᠲᠦᠮᠡᠨ ᠪᠣᠰᠤᠭ᠎ᠠ ᠳᠥᠷᠪᠡᠯᠵᠢᠨ ᠮᠧᠲᠷ ᠪᠠᠭᠠᠰᠬᠠᠪᠠ᠃ | ︵ᠲᠤᠯᠤᠭ᠎ᠠ︶ ᠰᠢᠨ᠎ᠡ ᠶᠢ ᠡᠭᠦᠳᠦᠨ ᠰᠠᠶᠢᠲᠤᠷ ᠬᠡᠷᠡᠭᠯᠡᠨ᠎ᠡ᠃ ᠳᠠᠬᠢᠯᠲᠠ ᠤᠰᠤ ᠶᠢ ᠠᠰᠢᠭᠯᠠᠬᠤ ᠵᠠᠮ ᠢ ᠥᠷᠭᠡᠳᠬᠡᠵᠦ᠂ ᠳᠠᠬᠢᠯᠲᠠ ᠤᠰᠤᠨ ᠤ | ᠠᠰᠢᠭᠯᠠᠯᠲᠠ ᠶᠢᠨ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠪᠠᠶᠠᠨᠨᠠᠭᠤᠷ ᠬᠤᠲᠠ ᠶᠢᠨ ᠳᠠᠬᠢᠯᠲᠠ ᠤᠰᠤ ᠶᠢ ᠠᠰᠢᠭᠯᠠᠬᠤ | ᠭᠤᠤᠯᠳᠠᠯᠭ᠎ᠠ ᠲᠠᠢ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ︔ ᠠᠭᠤᠷᠬᠠᠶ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ | ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠬᠤᠲᠠ ᠶᠢᠨ ᠠᠭᠤᠷᠬᠠᠶ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 70% ᠠᠴᠠ | ᠳᠡᠭᠡᠭᠰᠢ ᠳᠤ ᠬᠦᠷᠭᠡᠨ᠎ᠡ᠃ | ︵ᠨᠠᠢᠮᠠ︶ ᠤᠰᠤ ᠠᠷᠪᠢᠯᠠᠬᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠤᠰᠤ ᠬᠡᠷᠡᠭᠯᠡᠬᠦ ᠡᠷᠬᠡ ᠶᠢ ᠵᠠᠬ᠎ᠠ | ᠳᠡᠯᠭᠡᠭᠦᠷᠴᠢᠯᠡᠨ ᠠᠷᠠᠯᠵᠢᠶᠠᠯᠠᠬᠤ ᠶᠢ ᠠᠬᠢᠭᠤᠯᠵᠤ᠂ ᠥᠪᠥᠷ ᠮᠣᠩᠭᠤᠯ ᠤᠨ ᠬᠠᠲᠤᠨ ᠭᠤᠣᠯ ᠤᠨ ᠭᠤᠣᠯ ᠤᠷᠤᠰᠬᠠᠯ ᠤᠨ ᠤᠰᠤᠨ ᠤ ᠡᠷᠬᠡ ᠶᠢ ᠠᠶᠢᠮᠠᠭ ᠬᠤᠲᠠ ᠶᠢᠨ | ᠬᠤᠭᠤᠷᠣᠨᠳᠣ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ︔ ᠤᠰᠤᠨ ᠤ | ᠡᠬᠢ ᠪᠠᠶᠠᠯᠢᠭ ᠤᠨ ᠭᠠᠶᠢᠯᠢ ᠶᠢᠨ ᠬᠥᠰᠢᠭᠦᠷᠭᠡ ᠶᠢᠨ ᠲᠣᠬᠢᠷᠠᠭᠤᠯᠬᠤ ᠦᠢᠯᠡᠳᠦᠯ ᠢ ᠪᠠᠳᠠᠷᠠᠭᠤᠯᠵᠤ᠂ ᠤᠰᠤᠨ ᠤ ᠡᠬᠢ ᠪᠠᠶᠠᠯᠢᠭ ᠤᠨ ᠭᠠᠶᠢᠯᠢ ᠶᠢᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠎ᠡ︔ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢ | ᠬᠠᠮᠵᠢᠯᠴᠠᠨ ᠠᠬᠢᠭᠤᠯᠵᠤ᠂ ᠭᠡᠷ᠎ᠡ ᠶᠢᠨ ᠤᠰᠤ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠢ ᠳᠡᠯᠭᠡᠷᠡᠭᠦᠯᠦᠨ᠎ᠡ︔ ᠤᠰᠤ ᠠᠷᠪᠢᠯᠠᠬᠤ ᠰᠢᠨᠵᠢᠯᠡᠬᠦ ᠤᠬᠠᠭᠠᠨ | ᠮᠡᠷᠭᠡᠵᠢᠯ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ | ︵ᠶᠢᠰᠦ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠢ ᠠᠪᠤᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ ᠷᠦ ᠬᠤᠩ ᠪᠦᠬᠦ ᠣᠷᠣᠨ ᠤ ᠤᠰᠤ ᠠᠷᠪᠢᠯᠠᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠵᠤ ᠠᠬᠢᠭᠤᠯᠬᠤ ᠶᠢ ᠬᠠᠷᠢᠭᠤᠴᠠᠨ᠎ᠠ︔ ︽ᠪᠠᠶᠠᠨᠨᠠᠭᠤᠷ ᠬᠤᠲᠠ ᠶᠢᠨ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠬᠡᠷᠡᠭᠯᠡᠬᠦ ᠬᠠᠮᠢᠶᠠᠷᠤᠯᠲᠠ ᠶᠢᠨ | ᠳᠦᠷᠢᠮ︾ ᠢ ᠨᠡᠶᠢᠲᠡᠯᠡᠨ᠎ᠡ︔ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ︽ᠦᠢᠯᠡᠳᠪᠦᠷᠢᠯᠡᠯ ᠢ ᠬᠠᠮᠢᠶᠠᠷᠬᠤ ᠳᠤ | ᠡᠷᠬᠡᠪᠰᠢ ᠤᠰᠤ ᠠᠷᠪᠢᠯᠠᠬᠤ ᠶᠢ ᠬᠠᠮᠢᠶᠠᠷᠬᠤ᠂ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠤᠰᠤ ᠠᠷᠪᠢᠯᠠᠬᠤ ᠶᠢ ᠬᠠᠮᠢᠶᠠᠷᠬᠤ᠂ ᠬᠤᠲᠠ ᠬᠥᠳᠡᠭᠡ ᠶᠢ | ᠬᠠᠮᠢᠶᠠᠷᠬᠤ ᠳᠤ ᠡᠷᠬᠡᠪᠰᠢ ᠤᠰᠤ ᠠᠷᠪᠢᠯᠠᠬᠤ ᠶᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠨ᠎ᠠ᠃ ᠮᠥᠷᠳᠡᠬᠦ᠂ ᠲᠣᠬᠢᠷᠠᠭᠤᠯᠬᠤ᠂ ᠮᠡᠳᠡᠭᠡᠯᠡᠬᠦ᠂ | ᠪᠣᠯᠵᠣᠨ ᠶᠠᠷᠢᠯᠴᠠᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠠᠬᠢᠴᠠ ᠨᠢ ᠤᠳᠠᠭᠠᠨ ᠪᠠᠶᠢᠪᠠᠯ ᠵᠠᠷᠯᠠᠨ | ᠮᠡᠳᠡᠭᠳᠡᠵᠦ᠂ ᠠᠰᠠᠭᠤᠳᠠᠯ ᠨᠢ ᠬᠦᠨᠳᠦ ᠨᠣᠴᠢᠲᠠᠶ ᠪᠠᠶᠢᠪᠠᠯ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠃ ᠪᠡᠯᠡ ᠮᠥᠩᠭᠦᠨ ᠤ ᠳᠡᠮᠵᠢᠯᠭᠡ ᠶᠢᠨ | ᠡᠷᠴᠢᠮ ᠢᠶᠠᠨ ᠴᠢᠩᠭᠠᠷᠠᠭᠤᠯᠤᠨ᠎ᠠ᠃ ᠡᠳ᠋ ᠤᠨ ᠵᠠᠰᠠᠭ ᠠᠴᠠ ᠲᠥᠪ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠱᠠᠲᠤᠨ ᠤ ᠲᠤᠰᠬᠠᠶ ᠵᠦᠢᠯ ᠤᠨ ᠪᠡᠯᠡ | ᠮᠥᠩᠭᠦ ᠶᠢ ᠨᠢᠭᠡᠳᠦᠯᠲᠡᠶ ᠲᠥᠯᠥᠪᠯᠡᠵᠦ᠂ ᠨᠡᠶᠢᠭᠡᠮ ᠤᠨ ᠬᠥᠷᠥᠩᠭᠡ ᠶᠢ ᠲᠠᠲᠠᠵᠤ ᠤᠰᠤ ᠠᠷᠪᠢᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ | ᠡᠵᠡᠩᠨᠡᠯᠲᠡ ᠳᠤ ᠢᠳᠡᠪᠬᠢᠲᠡᠶ ᠣᠷᠣᠯᠴᠠᠭᠤᠯᠬᠤ ᠬᠡᠷᠡᠭᠲᠡᠶ᠃ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠶ᠃ ᠤᠰᠤ ᠠᠷᠪᠢᠯᠠᠬᠤ ᠶᠢ | ᠰᠤᠷᠭᠠᠭᠤᠯᠢ ᠶᠢᠨ ᠬᠦᠷᠢᠶ᠎ᠡ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠭᠡᠷ ᠪᠦᠯᠢ ᠳᠤ ᠣᠷᠣᠭᠤᠯᠬᠤ ︽ᠵᠢᠷᠭᠤᠭ᠎ᠠ ᠶᠢ | ᠣᠷᠣᠭᠤᠯᠬᠤ︾ ᠠᠵᠢᠯᠯᠠᠭ᠎ᠠ ᠶᠢ ᠲᠦᠯᠬᠢᠨ ᠠᠬᠢᠭᠤᠯᠵᠤ᠂ ᠠᠳᠠᠯᠢ ᠪᠤᠰᠤ ᠲᠥᠷᠥᠯ ᠬᠡᠯᠪᠡᠷᠢ ᠶᠢᠨ ᠤᠰᠤ ᠬᠡᠷᠡᠭᠯᠡᠬᠦ ᠭᠤᠤᠯ ᠴᠣᠭᠴᠠ ᠪᠣᠯᠤᠨ ᠤᠰᠤ ᠠᠷᠪᠢᠯᠠᠬᠤ | ᠠᠵᠢᠯ ᠤᠨ ᠨᠢᠭᠡᠳᠦᠭᠡᠷ ᠹᠷᠣᠨᠲ ᠤᠨ ᠣᠶᠢᠯᠡᠳᠪᠣᠷᠢᠯᠡᠯ ᠤᠨ ᠠᠵᠢᠯᠲᠠᠨ ᠤ ᠤᠰᠤ ᠬᠡᠷᠡᠭᠯᠡᠬᠦ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | |